3 ᠳ᠋ᠤᠭᠠᠷ ᠰᠠᠷ᠎ᠠ ᠶᠢᠨ 21 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 92 ᠳ᠋ᠤᠭᠠᠷ | ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ | ᠬᠤᠶᠠᠳᠤᠭᠠᠷ ᠬᠤᠷᠠᠯ ᠢ 3 ᠳ᠋ᠤᠭᠠᠷ ᠰᠠᠷ᠎ᠠ ᠶᠢᠨ 29 ᠠᠴᠠ 30 ᠤ ᠡᠳᠦᠷ ᠪᠤᠯᠳᠠᠯ᠎ᠠ ᠬᠦᠬᠡᠬᠤᠳᠠ ᠳᠤ | ᠬᠤᠷᠠᠯᠳᠤᠭᠤᠯᠬᠤ ᠪᠠᠷ ᠲᠤᠬᠳᠠᠵᠠᠢ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠪᠠᠶᠢᠩᠭᠤ ᠶᠢᠨ ᠲᠡᠳ᠋ ᠡᠷᠬᠢᠯᠡᠭᠴᠢ ᠬᠤᠷᠴᠠ ᠬᠤᠷᠠᠯ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠳ᠋ᠦ᠋ ᠽᠢ᠂ | ᠨᠠᠰᠤᠨᠮᠦ᠋ᠩᠭᠡ᠂ ᠬᠠᠩ ᠬᠦᠢ ᠯᠢᠨ᠂ ᠡᠤ ᠲᠤᠸᠠᠨ ᠶᠢᠩ᠂ ᠯᠢᠶᠠᠨ ᠰᠤ᠋ ᠪᠠ ᠨᠠᠷᠢᠨ ᠪᠢᠴᠢᠭ ᠤᠨ ᠲᠠᠷᠤᠭ᠎ᠠ ᠰᠦᠨ | ᠬᠤᠢ ᠮᠢᠨ ᠬᠤᠷᠠᠯ ᠳᠤ ᠤᠷᠤᠯᠴᠠᠪᠠ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠬᠤᠶᠠᠳᠤᠭᠠᠷ ᠬᠤᠷᠠᠯ ᠤᠨ | ᠰᠠᠨᠠᠭᠤᠯᠭ᠎ᠠ ᠶᠢᠨ ᠵᠦᠪᠯᠡᠭᠦ ᠵᠦᠢᠯ ᠢ ᠪᠠᠳᠣᠯᠠᠪᠠ᠃ ᠡᠨᠡ ᠣᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ | ᠰᠠᠨᠠᠭᠤᠯᠭ᠎ᠠ ᠶᠢᠨ ᠵᠦᠪᠯᠡᠬᠦ ᠵᠦᠢᠯ ᠪᠣᠯ᠄ ︽︿ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠤᠷᠤᠨ ᠨᠤᠳᠤᠭ ᠤᠨ ᠴᠢᠨᠠᠷᠳᠠᠢ ᠬᠠᠤᠯᠢ ᠳᠣᠭᠳᠠᠭᠠᠯ ᠲᠤᠬᠳᠠᠭᠠᠬᠤ | ᠳᠦᠷᠢᠮ﹀ ᠳᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠤᠬᠳᠠᠭᠠᠯ︾᠂ ︽︿ᠬᠦᠬᠡᠬᠤᠳᠠ ᠶᠢᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠲᠦᠷᠢᠮ﹀ ᠳᠤ | ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠤᠬᠳᠠᠭᠠᠯ︾᠂ ︽︿ᠪᠤᠭᠤᠳᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠤᠷᠤᠨ ᠨᠤᠳᠤᠭ ᠤᠨ ᠴᠢᠨᠠᠷᠳᠠᠢ ᠬᠠᠤᠯᠢ ᠳᠣᠭᠳᠠᠭᠠᠯ | ᠲᠤᠬᠳᠠᠭᠠᠬᠤ ᠳᠦᠷᠢᠮ﹀ ᠳᠤ ᠵᠠᠰᠠᠪᠤᠷᠢ ᠤᠷᠤᠭᠤᠯᠬᠤ ᠲᠤᠬᠠᠢ ᠪᠤᠭᠤᠳᠤ ᠬᠤᠳᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠤᠬᠳᠠᠭᠠᠯ︾᠂ ︽ᠤᠯᠠᠭᠠᠨᠴᠠᠪ ᠬᠤᠳᠠ ᠶᠢᠨ ᠤᠰᠤᠨ ᠤ ᠡᠬᠢ ᠪᠠᠶᠠᠯᠢᠭ | ᠢ ᠬᠠᠮᠠᠭᠠᠯᠠᠬᠤ ᠲᠦᠷᠢᠮ︾ ᠢ ᠬᠢᠨᠠᠨ ᠪᠠᠶᠢᠴᠠᠭᠠᠵᠤ ᠵᠦᠪᠰᠢᠶᠡᠷᠡᠨ᠎ᠠ︔ ᠦᠪᠡᠷᠳᠡᠭᠡᠨ ᠵᠠᠰᠠᠬᠤ ᠤᠷᠤᠨ ᠤ ᠲᠤᠰ | ᠱᠠᠳᠤᠨ ᠤ ᠲᠦᠰᠦᠪ ᠢ ᠬᠦᠢᠴᠡᠳᠭᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ | 2016 ᠣᠨ ᠤ ᠬᠢᠨᠠᠨ ᠪᠤᠳᠤᠵᠤ ᠪᠠᠶᠢᠴᠠᠭᠠᠨ ᠭᠠᠷᠭᠠᠬᠰᠠᠨ ᠠᠰᠠᠭᠤᠳᠠᠯ ᠢ ᠴᠡᠭᠴᠡᠯᠡᠨ ᠵᠠᠯᠠᠷᠠᠭᠤᠯᠤᠬᠰᠠᠨ ᠪᠠᠶᠢᠳᠠᠯ | ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠦᠯᠦᠯᠳᠡ᠂ 2016 ᠣᠨ | ᠤ ᠤᠷᠴᠢᠨ ᠲᠤᠭᠤᠷᠢᠨ ᠤ ᠪᠠᠶᠢᠳᠠᠯ ᠪᠠ ᠤᠷᠴᠢᠨ ᠲᠤᠭᠤᠷᠢᠨ ᠢ ᠬᠠᠮᠠᠭᠠᠯᠠᠬᠤ ᠬᠠᠷᠠᠯᠳᠠ ᠶᠢ ᠪᠡᠶᠡᠯᠡᠭᠦᠯᠦᠭᠰᠡᠨ | ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠦᠯᠦᠯᠳᠡ ᠶᠢ | ᠰᠤᠨᠤᠰᠴᠤ ᠬᠢᠨᠠᠨ ᠵᠦᠪᠯᠡᠨ᠎ᠠ︔ ︽ᠰᠤᠮᠤ ᠰᠢᠶᠠᠩ ᠪᠠᠯᠭᠠᠰᠦ᠂ ᠬᠤᠰᠢᠭᠤ ᠰᠢᠶᠠᠨ ︵ᠬᠤᠳᠠ᠂ ᠲᠤᠭᠤᠷᠢᠭ︶ ᠪᠠ | ᠲᠤᠭᠤᠷᠢᠭ ᠲᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠴᠠᠭ ᠤᠨ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠬᠳᠠᠭᠠᠯ ︵ᠲᠦᠰᠦᠯ︶︾᠂ ︽ | ᠲᠤᠭᠤᠷᠢᠭ ᠲᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠪᠦᠷᠢᠯᠳᠦᠭᠦᠨ ᠤ ᠣᠷᠣᠨ ᠲᠤᠭ᠎ᠠ ᠶᠢᠨ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠬᠳᠠᠭᠠᠯ ︵ᠲᠦᠰᠦᠯ︶︾᠂ ︽ | ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠤ ᠣᠷᠣᠨ ᠲᠤᠭ᠎ᠠ ᠶᠢᠨ ᠲᠤᠬᠠᠢ ᠦᠪᠦᠷ ᠮᠤᠩᠭᠤᠯ ᠤᠨ ᠦᠪᠡᠷᠳᠡᠭᠡᠨ | ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠲᠤᠬᠳᠠᠭᠠᠯ ︵ᠲᠦᠰᠦᠯ︶︾᠂ ︽ᠮᠠᠨᠵᠤᠤᠷ ᠬᠤᠳᠠ᠂ ᠳ᠋ᠦᠩᠱᠧᠩ ᠲᠤᠭᠤᠷᠢᠭ ᠤᠨ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠣᠷᠣᠨ ᠲᠤᠭ᠎ᠠ ᠶᠢ ᠲᠠᠬᠢᠨ ᠲᠤᠬᠳᠠᠭᠠᠬᠤ ᠲᠤᠬᠠᠢ ᠦᠪᠦᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠲᠤᠬᠳᠠᠭᠠᠯ ︵ᠲᠦᠰᠦᠯ︶︾᠂ ︽ᠵᠠᠯᠠᠶᠢᠨᠠᠭᠤᠷ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠯᠦᠭᠡᠯᠡᠭᠴᠢ ᠶᠢᠨ ᠣᠷᠣᠨ ᠲᠤᠭ᠎ᠠ ᠪᠠ ᠵᠠᠯᠠᠶᠢᠨᠠᠭᠤᠷ ᠲᠤᠭᠤᠷᠢᠭ ᠤᠨ ᠠᠩᠬᠠᠳᠣᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠪᠦᠷᠢᠯᠳᠦᠭᠦᠨ ᠤ ᠣᠷᠣᠨ ᠲᠤᠭ᠎ᠠ ᠶᠢᠨ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠬᠳᠠᠭᠠᠯ ︵ᠲᠦᠰᠦᠯ︶︾ ᠢ ᠬᠢᠨᠠᠨ | ᠵᠦᠪᠯᠡᠨ᠎ᠡ︔ ᠠᠵᠢᠯᠳᠠᠨ ᠢ ᠲᠤᠰᠢᠶᠠᠯ ᠳᠤ ᠲᠤᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ᠂ ᠬᠤᠷᠠᠯ ᠠᠴᠠ | ᠪᠠᠰᠠ ︽2016 ᠣᠨ ᠤ ᠵᠢᠷᠣᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠲᠠᠩᠰᠠᠯᠠᠵᠣ ᠬᠢᠨᠠᠨ ᠪᠠᠶᠢᠴᠠᠭᠠᠬᠰᠠᠨ | ᠠᠵᠢᠯ ᠤᠨ ᠪᠠᠶᠢᠳᠠᠯ ᠤᠨ ᠮᠡᠳᠡᠭᠦᠯᠦᠯᠳᠡ︾᠂ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠤ ᠮᠠᠯ ᠠᠵᠤ ᠠᠬᠤᠢ ᠲᠠᠷᠢᠶᠠᠯᠠᠩ ᠤᠨ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠬᠴᠠ ᠶᠢ | ᠪᠤᠶᠢᠵᠢᠭᠤᠯᠤᠨ ᠬᠦᠭᠵᠢᠭᠦᠯᠦᠭᠰᠡᠨ ᠪᠠᠶᠢᠳᠠᠯ ᠳᠤ ᠠᠵᠢᠯ ᠤᠨ ᠦᠨᠡᠯᠡᠯᠳᠡ ᠬᠢᠬᠦ ᠲᠤᠬᠠᠢ ᠦᠪᠡᠷᠳᠡᠭᠡᠨ ᠵᠠᠰᠠᠬᠤ ᠤᠷᠤᠨ | ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭᠵᠢᠭᠦᠯᠭᠦ ᠲᠦᠰᠦᠯ ︵ | ᠲᠦᠰᠦᠯ︶︾ ᠪᠠ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ︿ᠦᠪᠡᠷᠳᠡᠭᠡᠨ | ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽ | ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠷᠴᠢᠨ ᠲᠤᠭᠤᠷᠢᠨ ᠢ ᠬᠠᠮᠠᠭᠠᠯᠠᠬᠤ ᠬᠠᠤᠯᠢ︾ ᠶᠢ | ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠦᠨᠡᠯᠡᠭᠰᠡᠨ ᠰᠠᠨᠠᠯ﹀ ᠢ | ᠨᠡᠶᠢᠳᠡᠪᠦᠷᠢᠵᠢᠭᠤᠯᠤᠬᠰᠠᠨ ᠪᠠᠶᠢᠳᠠᠯ ᠤᠨ ᠲᠤᠬᠠᠢ ᠮᠡᠳᠡᠭᠦᠯᠦᠯᠳᠡ︾ ᠶᠢᠨ ᠠᠩᠬ᠎ᠠ ᠬᠢᠨᠠᠬᠰᠠᠨ ᠰᠠᠨᠠᠯ ᠢ ᠬᠢᠨᠠᠨ | ᠵᠦᠪᠯᠡᠵᠡᠢ᠃ |