ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠰᠥᠩ ᠬᠠᠯᠢᠶ᠎ᠠ ᠠᠮᠤᠷ ᠲᠦᠪᠰᠢᠨ ᠦᠩᠭᠡᠷᠡᠪᠡ
ᠨᠡᠶᠢᠲᠡᠯᠡᠭᠰᠡᠨ ᠴᠠᠭ᠄
2017/3/22
      2016 ᠣᠨ ᠤ 11 ᠳ᠋ᠦ᠋ᠭᠡᠷ ᠰᠠᠷ᠎ᠠ ᠶᠢᠨ 21᠎ ᠤ ᠡᠳᠦᠷ ᠬᠠᠲᠤᠨ ᠭᠤᠣᠯ ᠤᠨ ᠰᠦᠩ ᠬᠠᠯᠢᠶ᠎ᠠ ᠠᠩᠬ᠎ᠠ ᠡᠭᠦᠰᠴᠦ ᠂ 11 ᠳ᠋ᠦ᠋ᠭᠡᠷ ᠰᠠᠷ᠎ᠠ ᠶᠢᠨ 23᠎ ᠤ ᠡᠳᠦᠷ ᠠᠩᠬ᠎ᠠ ᠤᠳᠠᠭ᠎ᠠ ᠬᠥᠯᠳᠡᠵᠦ᠂ ᠡᠴᠦᠰ ᠲᠡᠭᠡᠨ ᠵᠡᠭᠡᠷᠭᠡᠨ᠎ᠡ ᠶᠢᠨ ᠭᠤᠥ ᠶᠢᠨ ᠳᠡᠭᠡᠳᠦ ᠤᠷᠤᠰᠬᠠᠯ ᠤᠨ 13 ᠺᠢᠯᠣᠮᠧᠲᠷ ᠲᠤ ᠬᠦᠷᠴᠦ᠂ ᠥᠪᠥᠷ ᠮᠣᠩᠭᠤᠯ ᠳᠤ ᠨᠡᠶᠢᠲᠡ 719 ᠺᠢᠯᠣᠮᠧᠲᠷ ᠤᠷᠲᠤ ᠬᠥᠯᠳᠡᠭᠰᠡᠨ ᠪᠠᠶᠢᠨ᠎ᠠ᠃ 2017 ᠣᠨ ᠤ 2 ᠳ᠋ᠤᠭᠠᠷ ᠰᠠᠷ᠎ᠠ ᠶᠢᠨ 15᠎ ᠤ ᠡᠳᠦᠷ ᠠᠴᠠ ᠡᠬᠢᠯᠡᠨ᠂ ᠵᠡᠭᠡᠷᠭᠡᠨ᠎ᠡ ᠶᠢᠨ ᠭᠤᠥ ᠶᠢᠨ ᠳᠡᠭᠡᠳᠦ ᠤᠷᠤᠰᠬᠠᠯ ᠤᠨ 13 ᠺᠢᠯᠣᠮᠧᠲᠷ ᠲᠤ ᠡᠬᠢᠯᠡᠨ ᠭᠤᠣᠯ ᠭᠡᠰᠪᠡ᠃ 2017 ᠣᠨ ᠤ 3 ᠳ᠋ᠤᠭᠠᠷ ᠰᠠᠷ᠎ᠠ ᠶᠢᠨ 21᠎ ᠤ ᠡᠳᠦᠷ ᠤᠨ 10 ᠴᠠᠭ ᠪᠣᠯᠬᠤ ᠳᠤ᠂ ᠰᠦᠩ ᠬᠠᠯᠢᠶ᠎ᠠ ᠨᠢ ᠸᠠᠨ ᠵᠢᠶᠠ ᠵᠠᠢ ᠤᠰᠤᠨ ᠴᠥᠭᠦᠷᠥᠮ ᠳᠤ ᠠᠮᠤᠷ ᠲᠦᠪᠰᠢᠨ ᠤᠷᠤᠰᠤᠨ ᠣᠷᠣᠪᠠ᠃ ᠸᠠᠨ ᠵᠢᠶᠠ ᠵᠠᠢ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠴᠦᠬᠦᠷᠡᠮ ᠠᠴᠠ ᠭᠠᠳᠠᠨ᠎ᠠ᠂ ᠬᠥᠯᠳᠡᠭᠰᠡᠨ ᠭᠤᠣᠯ ᠤᠨ ᠬᠡᠰᠡᠭ ᠪᠦᠷ ᠨᠡᠪᠲᠡᠷᠡᠨ᠂ 35 ᠡᠳᠦᠷ ᠭᠤᠣᠯ ᠭᠡᠰᠴᠦ᠂ ᠡᠩ ᠤᠨ ᠵᠢᠯ ᠠᠴᠠ ᠪᠠᠭ᠋ᠠᠨ ᠡᠷᠲᠡᠵᠦ᠂ ᠪᠦᠬᠦ᠋ᠢᠯᠡ ᠰᠥᠩ ᠬᠠᠯᠢᠶ᠎ᠠ ᠶᠢᠨ ᠬᠤᠭᠤᠴᠠᠭ᠎ᠠ ᠨᠢ 120 ᠡᠳᠦᠷ ᠪᠣᠯᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号