2017 ᠣᠨ ᠳᠤ ᠥᠪᠡᠷᠲᠡᠭᠡᠨ ᠵᠠᠰᠠᠬᠤ ᠣᠷᠣᠨ ᠶᠡᠭᠡ ᠳᠡᠭᠡᠳᠦ ᠰᠤᠷᠭᠠᠭᠤᠯᠢ ᠳᠤ ᠰᠢᠨ᠎ᠡ ᠪᠠᠷ | ᠡᠯᠰᠡᠭᠳᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠬᠡᠦᠬᠡᠳ ᠪᠤᠯᠤᠨ ᠥᠨᠥᠴᠢᠨ | ᠬᠡᠦᠬᠡᠳ ᠢ ᠵᠢᠯ ᠪᠦᠷᠢ ᠲᠦᠮᠡᠨ ᠲᠥᠭᠦᠷᠢᠭ ᠢᠶᠠᠷ ᠦᠷᠭᠦᠯᠵᠢᠯᠡᠨ ᠲᠤᠰᠠᠯᠠᠨ ᠲᠡᠳᠭᠦᠭᠦ ᠰᠠᠭᠤᠷᠢᠨ ᠳᠡᠭᠡᠷ᠎ᠡ᠂ ᠳᠠᠩᠰᠠ | ᠡᠪᠬᠡᠮᠡᠯ ᠪᠠᠶᠢᠭᠤᠯᠤᠨ ᠺᠠᠷᠲ ᠠᠪᠤᠭᠰᠠᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠢ ᠴᠤ | ᠲᠤᠰ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ᠎ᠠ᠃ | ᠤᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠢ ᠲᠤᠰᠠᠯᠠᠨ ᠲᠡᠳᠭᠦᠭᠦ | ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠡᠯ᠎ᠡ ᠰᠤᠷᠭᠠᠨ ᠬᠥᠮᠦᠵᠢᠯ ᠤᠨ ᠱᠠᠲᠤᠨ ᠳᠤ ᠲᠤᠰᠠᠯᠠᠨ | ᠲᠡᠳᠭᠦᠭᠦ ᠶᠢ ︽ᠪᠦᠷᠢᠨ ᠪᠥᠷᠬᠦᠭᠦᠯᠬᠦ︾ ᠶᠢ ᠪᠡᠶᠡᠯᠡᠭᠦᠯᠪᠠ᠃ ᠵᠥᠪᠬᠡᠨ 2016 ᠣᠨ ᠳᠤ ᠡᠯ᠎ᠡ ᠱᠠᠲᠤᠨ ᠤ | ᠡᠳ᠋ ᠤᠨ ᠵᠠᠰᠠᠭ ᠤᠨ ᠲᠤᠰᠠᠯᠠᠨ ᠲᠡᠳᠭᠦᠭᠦ ᠪᠡᠯᠠ ᠮᠦᠡᠭᠭᠦ ᠶᠢᠨ ᠣᠷᠣᠭᠤᠯᠤᠯᠲᠠ ᠨᠢ 56.01 ᠳ᠋ᠦᠡᠭᠰᠢᠭᠤᠷ | ᠲᠥᠭᠦᠷᠢᠭ ᠲᠤ ᠬᠦᠷᠴᠦ᠂ 466.3 ᠲᠦᠮᠡᠨ ᠬᠥᠮᠦᠨ ᠤᠳᠠᠭ᠎ᠠ ᠶᠢ ᠲᠤᠰᠠᠯᠠᠨ ᠲᠡᠳᠭᠦᠵᠤ᠂ ᠪᠡᠯᠡ ᠮᠥᠩᠭᠦ ᠶᠢᠨ | ᠣᠷᠣᠭᠤᠯᠤᠯᠲᠠ ᠨᠢ 2007 ᠣᠨ ᠤ ᠬᠢ ᠠᠴᠠ 8 ᠳᠠᠬᠢᠨ ᠨᠡᠮᠡᠭᠳᠡᠵᠤ᠂ ᠲᠤᠰᠠᠯᠠᠨ ᠲᠡᠳᠭᠦᠭᠰᠡᠨ ᠰᠤᠷᠤᠭᠴᠢ ᠶᠢᠨ | ᠲᠤᠭ᠎ᠠ ᠨᠢ 2007 ᠣᠨ ᠤ ᠬᠢ ᠠᠴᠠ 136 ᠲᠦᠮᠡᠨ ᠬᠥᠮᠦᠨ ᠤᠳᠠᠭ᠎ᠠ ᠨᠡᠮᠡᠭᠳᠡᠵᠦ᠂ ︽ᠰᠤᠷᠤᠭᠴᠢ ᠪᠦᠷᠢ ᠶᠢ | ᠶᠠᠳᠠᠭᠤ ᠠᠴᠠ ᠪᠤᠯᠵᠤ ᠰᠤᠷᠤᠯᠭ᠎ᠠ ᠠᠯᠳᠠᠭᠤᠯᠬᠤ ᠦᠬᠡᠢ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠦᠷᠢ ᠶᠢ | ᠰᠤᠷᠤᠯᠭ᠎ᠠ ᠠᠴᠠ ᠪᠤᠯᠵᠤ ᠳᠠᠬᠢᠨ ᠶᠠᠳᠠᠭᠤᠷᠠᠭᠤᠯᠬᠤ ᠦᠭᠡᠢ ᠪᠠᠶᠢᠬᠤ︾ ᠬᠠᠷᠠᠯᠲᠠ ᠶᠢ ᠦᠨᠳᠦᠰᠦᠨ ᠳᠡᠭᠡᠨ | ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠰᠤᠷᠤᠭᠴᠢᠳ ᠢ ᠲᠤᠰᠠᠯᠠᠨ | ᠲᠡᠳᠭᠦᠭᠦ ᠠᠵᠢᠯ ᠤᠨ ᠨᠠᠷᠢᠯᠢᠭ ᠣᠨᠣᠪᠴᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠲᠡᠳᠭᠦᠭᠳᠡᠭᠴᠢ ᠶᠢ ᠮᠠᠭᠠᠳᠯᠠᠨ ᠲᠤᠭᠲᠠᠭᠠᠬᠤ ᠠᠴᠠ ᠠᠪᠤᠭᠠᠳ ᠲᠤᠰᠠᠯᠠᠨ ᠲᠡᠳᠭᠦᠭᠦ ᠪᠠᠷᠢᠮᠵᠢᠶ᠎ᠠ ᠶᠢ ᠵᠡᠷᠭᠡ ᠳᠡᠰ | ᠬᠤᠪᠢᠶᠠᠬᠤ ᠬᠦᠷᠲᠡᠯ᠎ᠡ᠂ ᠳᠠᠬᠢᠭᠠᠳ ᠲᠤᠰᠠᠯᠠᠨ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠬᠤ ᠪᠠ ᠤᠯᠭᠤᠬᠤ | ᠬᠦᠷᠲᠡᠯ᠎ᠡ ᠴᠦᠮ ᠲᠤᠶᠢᠯ ᠤᠨ ᠤᠨᠤᠪᠴᠢᠲᠠᠢ ᠪᠠᠷ ᠬᠡᠷᠡᠭᠵᠢᠭᠦᠯᠬᠦ ᠪᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠠᠶᠢᠮᠠᠭ ᠬᠤᠲᠠ᠂ | ᠬᠤᠰᠢᠭᠤ ᠰᠢᠶᠠᠨ ᠤ ᠰᠤᠷᠤᠭᠴᠢᠳ ᠢ ᠲᠤᠰᠠᠯᠠᠨ ᠲᠡᠳᠬᠦᠬᠦ ᠲᠥᠪ ᠲᠤ ᠰᠠᠭᠤᠷᠢ ᠲᠤᠭ᠎ᠠ ᠶᠢ ᠤᠯᠠᠮ ᠨᠢᠭᠡ ᠠᠯᠬᠤᠮ | ᠲᠣᠳᠣᠷᠬᠠᠶ ᠣᠶᠢᠯᠠᠭᠠᠵᠤ᠂ ᠣᠶᠢᠷ᠎ᠠ ᠶᠢᠨ ᠬᠤᠭᠤᠴᠠᠭᠠᠨ ᠳᠤ ᠡᠷᠣᠭᠡ ᠳᠤ ᠣᠷᠣᠵᠤ ᠪᠠᠶᠢᠳᠠᠯ ᠢ ᠨᠢ ᠣᠶᠢᠯᠠᠭᠠᠬᠤ | ᠪᠠᠶᠢᠴᠠᠭᠠᠯᠲᠠ ᠶᠢ ᠲᠦᠷᠭᠡᠨ ᠵᠤᠬᠢᠶᠠᠨ ᠪᠠᠶᠢᠭᠤᠯᠤᠨ ᠥᠷᠨᠢᠭᠦᠯᠵᠦ᠂ ᠰᠤᠷᠤᠭᠴᠢᠳ ᠤᠨ ᠬᠡᠷ ᠪᠦᠯᠢ ᠶᠢᠨ ᠠᠵᠤ | ᠠᠮᠢᠳᠤᠷᠠᠯ ᠤᠨ ᠪᠠᠶᠢᠳᠠᠯ ᠢ ᠭᠦᠨᠵᠡᠭᠡᠶ᠂ ᠰᠢᠭᠤᠳ ᠤᠶᠢᠯᠠᠭᠠᠬᠤ ᠬᠡᠷᠡᠭᠲᠠᠢ᠃ ᠡᠭᠦᠨ ᠤ ᠬᠠᠮᠲᠤ᠂ ᠲᠤᠬᠠᠶ ᠶᠢᠨ | ᠭᠠᠵᠠᠷ ᠤᠨ ᠪᠣᠳᠠᠲᠠᠶ ᠪᠠᠶᠢᠳᠠᠯ ᠳᠤ ᠨᠡᠶᠢᠴᠡᠭᠰᠡᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠠᠢ | ᠰᠤᠷᠤᠭᠴᠢ ᠶᠢ ᠮᠠᠭᠠᠳᠯᠠᠨ ᠲᠣᠭᠲᠠᠭᠠᠬᠤ ᠠᠷᠭ᠎ᠠ ᠪᠤᠶᠤ ᠬᠡᠷᠡᠭᠵᠢᠭᠦᠯᠬᠦ ᠨᠠᠷᠢᠮ ᠲᠦᠷᠢᠮ ᠢ ᠢᠳᠡᠪᠬᠢᠲᠡᠶ ᠰᠤᠳᠤᠯᠤᠨ | ᠲᠤᠭᠲᠠᠭᠠᠬᠤ ᠶᠢᠨ ᠳᠠᠭᠠᠤ᠂ ᠲᠤᠬᠠᠶ ᠶᠢᠨ ᠭᠠᠵᠠᠷ ᠤᠨ ᠶᠠᠳᠠᠭᠤ ᠶᠢ ᠲᠡᠳᠭᠦᠭᠦ᠂ ᠠᠷᠠᠳ ᠤᠨ ᠶᠠᠪᠤᠳᠠᠯ᠂ | ᠵᠡᠮᠳᠡᠭᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠯᠦᠭᠡ ᠢᠳᠡᠪᠬᠢᠲᠡᠶ ᠨᠡᠪᠲᠡᠷᠡᠯᠴᠡᠨ ᠵᠤᠬᠢᠴᠠᠭᠤᠯᠵᠤ᠂ ᠲᠤᠭ᠎ᠠ | ᠪᠠᠷᠢᠮᠲᠠ ᠶᠢ ᠬᠠᠮᠲᠤᠪᠠᠷ ᠬᠦᠷᠲᠡᠬᠦ ᠶᠢ ᠪᠡᠶᠡᠯᠡᠭᠦᠯᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ | ᠰᠤᠷᠤᠭᠴᠢᠳ ᠢ ᠡᠯ᠎ᠡ ᠰᠤᠷᠤᠯᠭ᠎ᠠ ᠶᠢᠨ ᠱᠠᠲᠤᠨ ᠤ ᠰᠤᠷᠭᠠᠭᠤᠯᠢ ᠶᠢᠨ ᠬᠠᠷᠢᠶᠠᠯᠠᠯ ᠤᠨ ᠰᠦᠯᠵᠢᠶᠡᠨ ᠰᠢᠰᠲ᠋ᠧᠮ ᠲᠠᠢ | ᠬᠢᠨᠠᠮᠠᠭᠠᠢ ᠬᠠᠷᠭᠤᠭᠤᠯᠵᠤ᠂ ᠰᠤᠷᠤᠭᠴᠢ ᠶᠢᠨ ᠰᠤᠷᠤᠯᠴᠠᠵᠤ ᠪᠠᠶᠢᠭ᠎ᠠ ᠰᠤᠷᠭᠠᠭᠤᠯᠢ᠂ ᠣᠨ ᠵᠢᠯ ᠢ ᠲᠤᠶᠢᠯ ᠤᠨ | ᠤᠨᠤᠪᠴᠢᠲᠠᠢ ᠪᠠᠷ ᠢᠯᠭᠠᠨ ᠲᠠᠨᠢᠵᠤ᠂ ᠬᠥᠳᠡᠯᠦᠩᠭᠦᠶ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ︽ᠲᠤᠶᠢᠯ ᠤᠨ | ᠤᠨᠤᠪᠴᠢᠲᠠᠢ ᠮᠠᠭᠠᠳᠯᠠᠨ ᠲᠣᠭᠲᠠᠭᠠᠬᠤ︾ ᠬᠡᠷᠡᠭᠲᠡᠶ᠃ ᠪᠡᠯᠡ ᠮᠥᠩᠭᠦ ᠪᠤᠯᠤᠨ ᠣᠷᠣᠨ ᠲᠤᠭ᠎ᠠ ᠶᠢ | ᠬᠤᠪᠢᠶᠠᠷᠢᠯᠠᠬᠤ ᠳᠤ᠂ ᠦᠨᠳᠦᠰᠦᠲᠡᠨ ᠤ ᠭᠠᠵᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ | ᠲᠤᠬᠢᠲᠠᠢ ᠬᠡᠯᠪᠡᠶᠢᠬᠦ ᠶᠢᠨ ᠬᠠᠮᠲᠤ᠂ ᠲᠤᠰᠠᠯᠠᠨ ᠲᠡᠳᠭᠦᠭᠦ ᠪᠡᠯᠡ ᠮᠥᠩᠭᠦ ᠣᠯᠭᠤᠬᠤ ᠲᠣᠭᠲᠠᠴᠠ ᠶᠢ ᠥᠭᠡᠷᠡᠴᠢᠯᠡᠨ | ᠪᠦᠷᠢᠨᠰᠢᠬᠦᠯᠵᠤ᠂ ᠲᠤᠰᠠᠯᠠᠨ ᠲᠡᠳᠬᠦᠬᠦ ᠪᠡᠯᠡ ᠮᠥᠩᠭᠦ ᠶᠢ ᠴᠠᠭ ᠲᠤᠬᠠᠶ ᠳᠤᠨᠢ ᠤᠯᠭᠤᠬᠤ ᠶᠢ ᠦᠨᠡᠨ ᠬᠦ ᠪᠠᠲᠤᠯᠠᠬᠤ | ᠬᠡᠷᠡᠭᠲᠡᠶ ᠬᠡᠵᠤ ᠱᠠᠭᠠᠷᠳᠠᠪᠠ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠲᠢᠩᠬᠢᠮ ᠪᠠᠰᠠ ᠡᠯ᠎ᠡ ᠭᠠᠵᠠᠷ ᠲᠤ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ | ᠰᠤᠷᠤᠭᠴᠢᠳ ᠪᠣᠯᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭᠠᠲᠤ ᠭᠡᠷ ᠪᠦᠯᠢ ᠶᠢᠨ ᠰᠤᠷᠤᠭᠴᠢᠳ ︵ᠡᠭᠦᠨ ᠳᠤ ᠣᠨᠴᠠ ᠬᠦᠴᠢᠷᠳᠡᠯᠲᠡᠶ ᠬᠥᠮᠦᠰ᠂ | ᠥᠨᠥᠴᠢᠨ ᠵᠡᠮᠳᠡᠭ ᠰᠤᠷᠤᠭᠴᠢᠳ᠂ ᠨᠥᠭᠴᠢᠭᠰᠡᠨ ᠪᠠᠭᠠᠲᠤᠷᠴᠤᠳ ᠤᠨ ᠦᠷ᠎ᠡ ᠬᠡᠦᠬᠡᠳ ᠪᠠᠭᠲᠠᠨ᠎ᠠ︶ ᠵᠡᠷᠭᠡ | ᠬᠥᠮᠦᠰ ᠢ ᠲᠤᠰᠠᠯᠠᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠦᠷᠢᠶᠡᠴᠢᠯᠡᠨ ᠲᠤᠰᠠᠯᠠᠬᠤ ᠲᠦᠷᠦ ᠶᠢᠨ | ᠪᠤᠳᠤᠯᠭ᠎ᠠ ᠪᠠᠷ ᠰᠤᠷᠭᠠᠨ ᠬᠥᠮᠦᠵᠢᠯ ᠤᠨ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠤᠨ ᠲᠠᠯ᠎ᠠ | ᠪᠠᠷ ᠰᠢᠨ᠎ᠡ ᠠᠬᠢᠯᠲᠠ ᠲᠠᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠠᠢ ᠬᠡᠵᠤ ᠱᠠᠭᠠᠷᠳᠠᠪᠠ᠃ |