| ᠡᠬᠢᠯᠡᠬᠦ ᠶᠣᠰᠣᠯᠠᠯ ᠤᠨ ᠠᠬᠤᠶ ᠲᠠᠯᠠᠪᠠᠶ | | ᠬᠤᠳᠳᠤᠭ ᠥᠷᠥᠮᠳᠡᠵᠦ ᠪᠠᠶᠢᠭ᠎ᠠ | | ᠠᠵᠢᠯᠯᠠᠬᠤ ᠪᠠᠷ ᠪᠡᠯᠡᠳᠬᠡᠵᠦ ᠪᠠᠶᠢᠭ᠎ᠠ | | 3 ᠳ᠋ᠤᠭᠠᠷ ᠰᠠᠷ᠎ᠠ ᠶᠢᠨ 20 ᠤ ᠡᠳᠦᠷ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠠᠩᠬᠠᠨ ᠤ | ᠪᠠᠮᠪᠠᠢ ᠦᠷᠦᠮᠳᠡᠭᠦᠷ ᠮᠠᠰᠢᠨ ︽ᠲᠠᠯ᠎ᠠ ᠨᠤᠲᠤᠭ ᠤᠨ ᠪᠦᠷᠭᠦᠳ ᠨᠡᠷᠡᠮᠵᠢᠲᠦ︾ ᠳᠤᠮᠳᠠᠳᠤ ᠤᠯᠤᠰ ᠤᠨ ᠲᠡᠮᠦᠷ | ᠵᠠᠮ ᠤᠨ ᠠᠷᠪᠠᠳᠤᠭᠠᠷ ᠲᠣᠪᠴᠢᠶ᠎ᠠ ᠶᠢᠨ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠤᠨ | ᠬᠥᠬᠡᠬᠤᠲᠠ ᠶᠢᠨ ᠪᠣᠯᠣᠳ ᠲᠡᠮᠦᠷ ᠵᠡᠭᠦᠨ ᠵᠠᠮ ᠤᠨ ᠦᠷᠳᠡᠭᠡ ᠳᠤ ᠤᠷᠤᠭᠰᠢᠲᠠᠶ ᠪᠠᠷ ᠠᠵᠢᠯ ᠡᠬᠢᠯᠡᠭᠦᠯᠪᠡ᠂ ᠡᠨᠡ | ᠨᠢ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠨᠢ ᠥᠷᠲᠡᠭᠡ ᠴᠢᠭ᠋ ᠤᠨ ᠬᠤᠭᠤᠷᠤᠨᠳᠤᠬᠢ | ᠪᠠᠷᠢᠯᠭ᠎ᠠ ᠶᠢᠨ ᠠᠵᠢᠯ ᠤᠨ ᠬᠥᠰᠢᠭᠡ ᠪᠠᠨ ᠵᠢᠩᠬᠢᠨᠢ ᠪᠠᠷ ᠨᠡᠭᠡᠭᠡᠭᠰᠡᠨ ᠢ ᠬᠠᠷᠠᠭᠤᠯᠪᠠ᠃ ᠰᠡᠭᠦᠯᠡᠷ ᠪᠠᠰᠠ 9 ᠰᠠᠤᠷᠢ | ᠪᠠᠮᠪᠠᠢ ᠦᠷᠦᠮᠳᠡᠭᠦᠷ ᠮᠠᠰᠢᠨ ᠢ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠤᠨ | ᠪᠠᠷᠢᠯᠭ᠎ᠠ ᠳᠤ ᠣᠷᠣᠭᠤᠯᠬᠤ ᠪᠣᠯᠣᠨ᠎ᠠ᠃ | ᠣᠶᠢᠯᠠᠭᠠᠭᠰᠠᠨ ᠢᠶᠠᠷ᠂ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠨᠢ ᠬᠥᠬᠡᠬᠤᠲᠠ ᠶᠢᠨ | ᠵᠠᠮᠲᠤ ᠵᠠᠮ ᠬᠠᠷᠢᠯᠴᠠᠭᠠᠨ ᠤ ᠱᠤᠭᠤᠮ ᠲᠣᠣᠷ ᠤᠨ ᠳᠤᠲᠤᠷ᠎ᠠ ᠨᠢᠷᠤᠭᠤᠪᠴᠢ ᠵᠠᠮ ᠱᠤᠭᠤᠮ ᠪᠣᠯᠣᠭᠰᠠᠨ ᠤ ᠬᠤᠪᠢ | ᠳᠤ᠂ ᠭᠠᠯᠲᠤ ᠲᠡᠷᠭᠡᠨ ᠦᠷᠳᠡᠭᠡ᠂ ᠰᠢᠨᠬᠤᠸᠠ ᠲᠠᠯᠠᠪᠠᠶ᠂ ᠨᠢᠰᠬᠡᠯ ᠤᠨ ᠪᠠᠭᠤᠳᠠᠯ ᠵᠡᠷᠭᠡ ᠬᠥᠮᠦᠰ ᠤᠯᠠᠨ | ᠴᠤᠭᠯᠠᠷᠠᠬᠤ ᠣᠷᠣᠨ ᠪᠦᠰᠡ ᠶᠢ ᠬᠤᠯᠪᠣᠵᠤ᠂ ᠬᠥᠬᠡᠬᠤᠲᠠ ᠶᠢᠨ ᠬᠦᠴᠦᠷᠬᠡᠭ ᠶᠡᠭᠡ ᠵᠠᠮ ᠬᠠᠷᠢᠯᠴᠠᠭᠠᠨ ᠤ ᠭᠤᠣᠯ | ᠰᠢᠰᠲ᠋ᠧᠮ ᠢ ᠪᠠᠶᠢᠭᠤᠯᠵᠤ᠂ ᠣᠷᠣᠨ ᠤ ᠲᠥᠪ ᠤᠨ ᠵᠠᠮ ᠬᠠᠷᠢᠯᠴᠠᠭᠠᠨ ᠤ ᠳᠠᠷᠤᠯᠲᠠ ᠶᠢ ᠶᠡᠭᠡ ᠪᠠᠷ ᠨᠠᠮᠳᠠᠭᠤᠯᠬᠤ | ᠪᠣᠯᠣᠨ᠎ᠠ᠃ | ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠪᠣᠯ ᠤᠯᠤᠰ ᠤᠨ | ᠳᠣᠲᠣᠭᠠᠳᠤ ᠳᠤ PPP ᠡᠵᠡᠩᠨᠡᠯᠲᠡ ᠶᠢᠨ ᠵᠠᠭᠪᠤᠷ ᠢ ᠵᠢᠩᠬᠢᠨᠢ ᠪᠠᠷ ᠬᠡᠷᠡᠭᠯᠡᠨ ᠪᠠᠶᠢᠭᠤᠯᠵᠤ ᠪᠠᠶᠢᠭ᠎ᠠ ᠠᠩᠬᠠᠳᠠᠭᠴᠢ | ᠪᠠᠷᠢᠯᠭ᠎ᠠ ᠶᠢᠨ ᠲᠥᠷᠥᠯ ᠵᠦᠢᠯ ᠪᠣᠯᠬᠤ ᠪᠦᠭᠡᠳ ᠳᠤᠮᠳᠠᠳᠤ ᠤᠯᠤᠰ ᠤᠨ ᠲᠡᠮᠥᠷ ᠵᠠᠮ ᠤᠨ ᠪᠦᠯᠦᠭᠯᠡᠯ᠂ | ᠬᠥᠬᠡᠬᠤᠲᠠ ᠶᠢᠨ ᠵᠠᠰᠠᠭ ᠤᠨ ᠣᠷᠳᠣᠨ ᠬᠠᠮᠲᠤᠪᠠᠷ ᠪᠠᠯᠠ ᠭᠠᠷᠭᠠᠨ ᠪᠥᠲᠥᠭᠡᠨ ᠪᠠᠶᠢᠭᠤᠯᠵᠤ ᠪᠠᠶᠢᠭ᠎ᠠ ᠶᠤᠮ᠂ ᠪᠦᠬᠦ | ᠣᠷᠳᠣ ᠨᠢ 23.2 ᠺᠢᠯᠣᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 177.65 ᠳ᠋ᠦᠩᠰᠢᠭᠤᠷ ᠲᠥᠭᠦᠷᠢᠭ | ᠪᠠᠶᠢᠵᠤ᠂ 2020 ᠣᠨ ᠳᠤ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃ |