ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 70 ᠵᠢᠯ ᠤᠨ ᠤᠢ ᠶᠢ ᠪᠡᠯᠭᠡᠯᠡᠬᠦ ᠭᠤᠣᠯ ᠬᠤᠷᠠᠯ ᠤᠨ ᠲᠠᠯᠠᠪᠤᠷ ᠤᠨ ᠪᠠᠷᠢᠯᠭ᠎ᠠ ᠶᠢᠨ ᠠᠬᠢᠴᠠ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2017/3/23
     ᠭᠤᠣᠯ ᠲᠠᠯᠠᠪᠤᠷ ᠤᠨ ᠭᠠᠳᠠᠷ ᠳᠦᠷᠰᠦ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠭᠤᠤᠯ ᠬᠤᠷᠠᠯ ᠤᠨ ᠲᠠᠯᠠᠪᠤᠷ — ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠨᠢ ᠬᠥᠬᠡᠬᠤᠲᠠ ᠶᠢᠨ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠤᠯᠤᠭᠰᠠᠨ ᠤ ᠬᠤᠪᠢ ᠳᠤ᠂ 2016 ᠣᠨ ᠤ 2 ᠳ᠋ᠤᠭᠠᠷ ᠰᠠᠷ᠎ᠠ ᠎ ᠳᠤ ᠠᠵᠢᠯ ᠡᠬᠢᠯᠡᠭᠦᠯᠦᠭᠰᠡᠨ ᠠᠴᠠ ᠨᠠᠰᠢ᠂ ᠲᠦᠷᠦᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠣᠳᠣᠬᠠᠨ ᠳᠤ ᠶᠡᠷᠦᠩᠬᠡᠢ ᠪᠠᠷᠢᠯᠭ᠎ᠠ ᠶᠢᠨ ᠬᠡᠮᠵᠢᠶ᠎ᠡ ᠶᠢᠨ 80%᠎ ᠶᠢ ᠪᠡᠶᠡᠯᠡᠭᠦᠯᠵᠦ᠂ ᠵᠢᠱᠢᠯᠲᠡ ᠪᠠᠷ 2017 ᠤᠨ ᠤ 5 ᠳ᠋ᠤᠭᠠᠷ ᠰᠠᠷ᠎ᠠ ᠶᠢᠨ ᠡᠴᠦᠰ ᠲᠤ ᠴᠥᠮ ᠠᠵᠢᠯ ᠳᠠᠭᠤᠰᠤᠨ᠎ᠠ᠃      ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠢ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠪᠠᠯᠭᠠᠰᠤ ᠎ ᠳᠤ ᠰᠤᠩᠭᠤᠵᠤ᠂ ᠶᠡᠷᠦᠩᠬᠡᠶ ᠲᠠᠯᠠᠪᠠᠶ ᠨᠢ 2092 ᠮᠦ ᠡᠵᠡᠯᠡᠵᠦ᠂ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ 72973.2 ᠲᠦᠮᠡᠨ ᠲᠥᠭᠦᠷᠢᠭ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠦᠵᠡᠭᠴᠢᠳ ᠤᠨ ᠲᠠᠶᠢᠰᠠᠨ ᠤ ᠭᠤᠣᠯ ᠪᠠᠷᠢᠯᠭ᠎ᠠ᠂ ᠪᠠᠷᠢᠮᠵᠢᠶᠠᠲᠤ ᠤᠷᠤᠯᠳᠤᠭᠠᠨ ᠤ ᠱᠤᠭᠤᠮ᠂ ᠵᠦᠴᠢᠶ᠎ᠡ᠂ ᠲᠡᠷᠭᠡ ᠵᠣᠭᠰᠣᠬᠤ ᠲᠠᠯᠠᠪᠠᠢ ᠪᠠ ᠲᠣᠭᠯᠠᠯᠲᠠ ᠶᠢᠨ ᠲᠢᠩᠬᠢᠮ᠂ ᠮᠦᠷᠦᠶᠢᠴᠡᠭᠡᠨ ᠤ ᠣᠷᠳᠣᠨ᠂ ᠠᠳᠤᠭᠤᠨ ᠰᠣᠶᠣᠯ ᠤᠨ ᠮᠦᠽᠧᠶ᠂ ᠰᠤᠷ ᠬᠠᠷᠪᠤᠯᠲᠠ ᠶᠢᠨ ᠣᠷᠳᠣᠨ ᠵᠡᠷᠭᠡ ᠪᠠᠭᠲᠠᠵᠠᠢ᠃      ᠬᠦᠬᠡᠬᠤᠲᠠ ᠶᠢᠨ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠭᠤᠤᠯ ᠬᠤᠷᠠᠯ ᠤᠨ ᠲᠠᠯᠠᠪᠠᠢ ᠪᠤᠯᠬᠤ ᠪᠠᠷ ᠪᠠᠷᠠᠬᠤ ᠦᠭᠡᠢ ᠪᠠᠰᠠ ᠬᠥᠬᠡᠬᠤᠲᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠷᠠᠳ ᠤᠨ ᠠᠮᠢᠳᠤᠷᠠᠯ ᠤᠨ ᠴᠢᠬᠤᠯᠠ ᠰᠠᠭᠤᠷᠢ ᠲᠥᠬᠦᠭᠡᠷᠦᠮᠵᠢ ᠪᠣᠯᠤᠨ᠎ᠠ᠃ ᠲᠥᠷᠥᠯ ᠵᠦᠢᠯ ᠤᠨ ᠪᠠᠶᠢᠷᠢ ᠲᠤᠭᠲᠠᠭᠠᠯᠲᠠ ᠨᠢ ᠪᠠᠶᠢᠭᠠᠯᠢ ᠶᠢᠨ ᠦᠵᠡᠮᠵᠢ ᠪᠠᠷ ᠭᠤᠣᠯ ᠪᠣᠯᠭᠠᠵᠤ᠂ ᠪᠡᠶ᠎ᠡ ᠶᠢᠨ ᠲᠠᠮᠢᠷ ᠤᠨ ᠦᠢᠯᠡᠰ ᠵᠢᠴᠢ ᠵᠢᠭᠤᠯᠴᠢᠯᠠᠯ ᠤᠨ ᠦᠢᠯᠡᠰ ᠢᠶᠠᠷ ᠰᠠᠭᠤᠷᠢ ᠪᠣᠯᠭᠠᠵᠤ᠂ ᠮᠣᠩᠭᠤᠯ ᠦᠨᠳᠦᠰᠦᠲᠡᠨ ᠤ ᠣᠨᠴᠠᠯᠢᠭ ᠪᠦᠬᠦᠢ ᠣᠷᠣᠨ ᠪᠦᠰᠡ ᠶᠢᠨ ᠰᠣᠶᠣᠯ ᠲᠠᠢ ᠤᠶᠠᠯᠳᠤᠭᠤᠯᠤᠨ᠂ ᠪᠡᠶ᠎ᠡ ᠶᠢᠨ ᠲᠠᠮᠢᠷ ᠤᠨ ᠰᠣᠶᠣᠯ᠂ ᠤᠨᠴᠠᠯᠢᠭᠲᠤ ᠰᠣᠶᠣᠯ᠂ ᠵᠢᠭᠤᠯᠴᠢᠯᠠᠯ ᠤᠨ ᠰᠤᠶᠤᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠰᠠᠭᠤᠷᠢᠨ ᠭᠠᠵᠠᠷ ᠪᠠ ᠶᠡᠷᠦᠩᠬᠡᠶᠢᠯᠡᠭᠰᠡᠨ ᠴᠢᠨᠠᠷᠲᠠᠶ ᠵᠢᠭᠤᠯᠴᠢᠯᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠪᠠᠷᠢᠵᠤ ᠪᠠᠷᠠᠭᠰᠠᠨ ᠤ ᠲᠠᠷᠠᠭ᠎ᠠ ᠬᠦᠬᠡᠬᠤᠲᠠ ᠶᠢᠨ ᠰᠣᠶᠣᠯ ᠵᠢᠭᠤᠯᠴᠢᠯᠠᠯ ᠤᠨ ᠰᠢᠨ᠎ᠡ ᠭᠢᠯᠠᠰ ᠴᠡᠭ᠂ ᠬᠤᠳᠠ ᠶᠢᠨ ᠢᠷᠭᠡᠳ ᠤᠨ ᠰᠡᠯᠡᠭᠦᠴᠡᠨ ᠠᠮᠠᠷᠠᠬᠤ ᠰᠢᠨ᠎ᠡ ᠲᠠᠯᠠᠪᠤᠷ᠂ ᠦᠨᠳᠦᠰᠦᠲᠡᠨ ᠤ ᠤᠨᠴᠠᠯᠢᠭ ᠢ ᠳᠡᠯᠭᠡᠨ ᠦᠵᠡᠭᠦᠯᠬᠦ ᠰᠢᠨ᠎ᠡ ᠴᠣᠩᠬᠤ ᠪᠤᠯᠬᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号