ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠷᠬᠡ ᠶᠢ ᠪᠠᠭᠤᠯᠭᠠᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢᠨ ᠲᠤᠰᠬᠠᠶ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2017/3/23
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ᠂ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂  ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ  ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ  ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠷᠴᠢᠮᠬᠠᠨ ᠢᠯᠡ  ᠴᠠᠬᠢᠯᠭᠠᠨ ᠮᠡᠳᠡᠭᠡ ᠪᠠᠭᠤᠯᠭᠠᠵᠤ᠂ ︽ᠡᠷᠬᠡ ᠶᠢ ᠪᠠᠭᠤᠯᠭᠠᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠲᠤᠰᠬᠠᠢ ᠵᠦᠢᠯ ᠤᠨ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠦᠷᠨᠢᠭᠦᠯᠬᠦ ᠪᠠᠷ ᠰᠢᠢᠳᠪᠡ᠃      ᠲᠤᠰᠬᠠᠶ ᠰᠢᠮᠳᠠᠭᠤᠯᠤᠨ ᠪᠠᠶᠢᠴᠠᠭᠠᠬᠤ ᠭᠤᠣᠯ ᠠᠭᠤᠯᠭ᠎ᠠ ᠳᠤ  ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤᠨ ᠤ ᠳᠦᠷᠢᠮ ᠢ ᠪᠦᠷᠢᠨᠰᠢᠭᠦᠯᠬᠦ᠂ ᠤᠴᠢᠷ ᠶᠠᠪᠤᠲᠠᠯ ᠤᠨ ᠳᠤᠮᠳᠠ ᠪᠠ ᠤᠴᠢᠷ ᠶᠠᠪᠤᠲᠠᠯ ᠤᠨ ᠲᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠵᠠᠰᠠᠭ ᠤᠨ ᠣᠷᠳᠣᠨ ᠤ ᠦᠢᠯᠡᠴᠢᠯᠡᠭᠡ ᠶᠢ ᠰᠢᠯᠢᠳᠡᠭᠵᠢᠭᠦᠯᠦᠨ ᠰᠠᠶᠢᠵᠢᠷᠠᠭᠤᠯᠬᠤ ᠵᠡᠷᠭᠡ ᠲᠠᠪᠤᠨ ᠲᠠᠯ᠎ᠠ ᠪᠠᠭᠲᠠᠨ᠎ᠠ᠃ 3 ᠳ᠋ᠤᠭᠠᠷ ᠰᠠᠷ᠎ᠠ ᠶᠢᠨ ᠰᠡᠭᠦᠯᠴᠢ ᠠᠴᠠ 4 ᠳ᠋ᠦ᠋ᠭᠡᠷ ᠰᠠᠷ᠎ᠠ ᠶᠢᠨ ᠳᠤᠮᠳᠠᠴᠢ ᠪᠣᠯᠲᠠᠯ᠎ᠠ᠂ ᠡᠯ᠎ᠡ ᠭᠠᠵᠠᠷ ᠣᠷᠣᠨ ᠪᠣᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢᠮᠳᠠᠭᠤᠯᠤᠨ ᠪᠠᠶᠢᠴᠠᠭᠠᠬᠤ ᠭᠤᠣᠯᠳᠠᠯᠭ᠎ᠠ ᠲᠠᠢ ᠠᠭᠤᠯᠭ᠎ᠠ ᠪᠠᠨ ᠥᠪᠡᠰᠦᠪᠡᠨ ᠪᠠᠶᠢᠴᠠᠭᠠᠬᠤ ᠶᠢ ᠪᠦᠬᠦ ᠲᠠᠯ᠎ᠠ ᠪᠠᠷ ᠦᠷᠨᠢᠭᠦᠯᠦᠨ᠎ᠡ︔ 4 ᠳ᠋ᠦ᠋ᠭᠡᠷ ᠰᠠᠷ᠎ᠠ ᠶᠢᠨ ᠰᠡᠭᠦᠯᠴᠢ ᠪᠠᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ ᠬᠡᠰᠡᠭ ᠮᠤᠵᠢ ︵ᠣᠷᠣᠨ᠂ ᠬᠤᠳᠠ︶ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠰᠢᠮᠳᠠᠭᠤᠯᠤᠨ ᠪᠠᠶᠢᠴᠠᠭᠠᠨ᠎ᠠ᠃       ᠰᠢᠮᠳᠠᠭᠤᠯᠤᠨ ᠪᠠᠶᠢᠴᠠᠭᠠᠬᠤ ᠬᠤᠭᠤᠴᠠᠭᠠᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠣᠣᠷ ᠰᠦᠯᠵᠢᠶ᠎ᠡ ᠪᠠᠷ ᠳᠠᠮᠵᠢᠨ ︽ᠡᠷᠬᠡ ᠶᠢ ᠪᠠᠭᠤᠯᠭᠠᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢᠨ ᠲᠤᠬᠠᠢ ᠰᠠᠨᠠᠯ ᠪᠠ ᠰᠠᠨᠠᠭᠤᠯᠭ᠎ᠠ ᠶᠢ ᠨᠢ ᠴᠤᠭᠯᠠᠭᠤᠯᠵᠤ᠂ ᠡᠷᠬᠡ ᠶᠢ  ᠪᠠᠭᠤᠯᠭᠠᠬᠤ ᠳᠤ ︽ᠬᠡᠯᠡᠬᠦ ᠨᠢ ᠪᠠᠭᠤᠯᠭᠠᠭᠰᠠᠨ ᠪᠣᠯᠪᠠᠴᠤ ᠬᠡᠷᠡᠭ ᠳᠡᠭᠡᠷ᠎ᠡ ᠪᠠᠨ ᠪᠠᠭᠤᠯᠭᠠᠭᠰᠠᠨ ᠦᠭᠡᠢ︾ ᠪᠠᠶᠢᠬᠤ᠂ ᠡᠷᠬᠡ ᠪᠠᠷ ᠢᠶᠠᠨ ᠠᠰᠢᠭ ᠣᠯᠵᠠ ᠤᠯᠬᠤ ᠪᠠᠷ ᠤᠷᠤᠯᠳᠤᠬᠤ᠂ ︽ᠤᠯᠠᠭᠠᠨ ᠵᠢᠩᠰᠡᠲᠦ︾ ᠵᠠᠭᠤᠴᠢ ᠶᠢᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ᠂ ︽ᠬᠠᠴᠢᠨ ᠵᠢᠭᠲᠡᠶ ᠭᠡᠷᠡᠴᠢᠯᠡᠯ︾ ᠬᠠᠩᠭᠠᠬᠤ ᠶᠢ ᠱᠠᠭᠠᠷᠳᠠᠬᠤ ᠵᠡᠷᠭᠡ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠴᠤᠭᠯᠠᠭᠤᠯᠤᠨ᠎ᠠ᠂ ᠨᠡᠶᠢᠭᠡᠮ ᠨᠡᠶᠢᠲᠡ ᠠᠴᠠ ᠢᠮᠧᠯ ᠶᠠᠪᠤᠭᠤᠯᠬᠤ dcjxs@mail.gov.cn︶ ᠪᠤᠶᠤ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ︽ᠰᠢᠮᠳᠠᠭᠤᠯᠤᠨ ᠪᠠᠶᠢᠴᠠᠭᠠᠬᠤ ᠳᠤ ᠰᠠᠨᠠᠭᠤᠯᠭ᠎ᠠ ᠳᠤᠷᠠᠳᠬᠤ︾ ᠪᠤᠯᠤᠩ ᠳᠡᠭᠡᠷ᠎ᠡ ᠦᠭᠡ ᠦᠯᠡᠳᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠰᠠᠭᠤᠳᠠᠯ ᠢ ᠲᠤᠰᠬᠠᠵᠤ᠂ ᠰᠦᠪᠡᠭᠴᠢ  ᠬᠠᠩᠭᠠᠨ᠂ ᠰᠠᠨᠠᠭᠤᠯᠭ᠎ᠠ ᠳᠤᠷᠠᠳᠴᠤ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号