ᠦᠪᠦᠷ ᠮᠣᠩᠭᠤᠯ ᠵᠣᠬᠢᠶᠠᠨ ᠪᠠᠶᠢᠭᠤᠯᠤᠯᠲᠠ ᠲᠠᠢ ︽ᠬᠠᠷ᠎ᠠ ᠲᠡᠷᠭᠡ︾᠎ ᠶᠢᠨ ᠡᠪᠰᠡᠯ ᠪᠦᠯᠦᠭ ᠲᠤ ᠬᠠᠤᠯᠢ ᠶᠣᠰᠣᠭᠠᠷ ᠴᠣᠬᠢᠯᠲᠠ ᠥᠭᠴᠥ ᠪᠠᠶᠢᠴᠠᠭᠠᠨ ᠰᠢᠢᠳᠪᠦᠷᠢᠯᠡᠵᠦ ᠪᠣᠢ
ᠨᠡᠶᠢᠲᠡᠯᠡᠭᠰᠡᠨ ᠴᠠᠭ᠄
2017/3/23
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 3 ᠳ᠋ᠤᠭᠠᠷ ᠰᠠᠷ᠎ᠠ ᠶᠢᠨ 20᠎ ᠤ ᠡᠳᠦᠷ ᠠᠴᠠ 6 ᠳ᠋ᠤᠭᠠᠷ ᠰᠠᠷ᠎ᠠ ᠶᠢᠨ 20᠎ ᠤ ᠡᠳᠦᠷ ᠪᠣᠯᠲᠠᠯ᠎ᠠ ᠬᠠᠤᠯᠢ ᠪᠤᠰᠤ ᠪᠠᠷ ᠠᠶᠠᠨᠴᠢᠳ ᠢ ᠲᠡᠭᠡᠭᠡᠪᠦᠷᠢᠯᠡᠬᠦ ᠪᠠ ᠠᠶᠠᠨᠴᠢᠳ ᠤᠨ ᠲᠦᠷᠢᠶᠡᠰᠦᠨ ᠮᠠᠰᠢᠨ ᠲᠡᠷᠭᠡ ᠡᠵᠡᠩᠨᠡᠬᠦ ᠳᠤ ᠴᠣᠬᠢᠯᠲᠠ ᠥᠭᠬᠦ ᠲᠤᠰᠬᠠᠶ ᠵᠦᠢᠯ ᠤᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠪᠠᠶᠢᠨ᠎ᠠ᠃ ᠲᠤᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠭᠤᠣᠯ ᠠᠵᠢᠯ ᠤᠨ ᠡᠭᠦᠷᠭᠡ ᠪᠣᠯ ᠵᠣᠬᠢᠶᠠᠨ ᠪᠠᠶᠢᠭᠤᠯᠤᠯᠲᠠ ᠲᠠᠢ ︽ᠬᠠᠷ᠎ᠠ ᠲᠡᠷᠭᠡ︾᠎ ᠶᠢᠨ ᠡᠪᠰᠡᠯ ᠪᠦᠯᠦᠭ ᠲᠤ ᠬᠠᠤᠯᠢ ᠶᠣᠰᠣᠭᠠᠷ ᠴᠣᠬᠢᠯᠲᠠ ᠥᠭᠴᠥ ᠪᠠᠶᠢᠴᠠᠭᠠᠨ ᠰᠢᠢᠳᠪᠦᠷᠢᠯᠡᠬᠦ ᠶᠠᠪᠤᠳᠠᠯ ᠪᠣᠯᠣᠨ᠎ᠠ᠃ ︽ᠬᠠᠷ᠎ᠠ ᠲᠡᠷᠭᠡ︾᠎ ᠶᠢ ᠬᠠᠤᠯᠢ ᠪᠤᠰᠤ ᠪᠠᠷ ᠡᠵᠡᠩᠨᠡᠬᠦ ᠶᠢ ᠵᠣᠬᠢᠶᠠᠨ ᠪᠠᠶᠢᠭᠤᠯᠤᠭᠴᠢ ᠪᠤᠶᠤ ᠬᠥᠲᠥᠯᠦᠨ ᠳᠠᠭᠠᠭᠤᠯᠤᠭᠴᠢ᠂ ᠢᠯᠠᠩᠭᠤᠶ᠎ᠠ ᠵᠠᠬ᠎ᠠ ᠳᠡᠯᠭᠡᠭᠦᠷ ᠢ ᠡᠵᠡᠷᠬᠡᠭᠰᠡᠨ᠂ ᠠᠶᠠᠨᠴᠢᠳ ᠢ ᠬᠦᠴᠦᠷᠬᠡᠭᠯᠡᠨ ᠲᠠᠲᠠᠭᠰᠠᠨ᠂ ᠵᠣᠬᠢᠬᠤ ᠵᠣᠬᠢᠶᠠᠨ ᠪᠠᠶᠢᠭᠤᠯᠤᠯᠳᠠᠲᠤ ᠴᠢᠨᠠᠷ ᠲᠠᠢ ᠬᠠᠤᠯᠢ ᠪᠤᠰᠤ ᠪᠠᠷ ᠡᠵᠡᠩᠨᠡᠭᠰᠡᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ︽ᠬᠠᠷ᠎ᠠ ᠲᠡᠷᠭᠡ︾᠎ ᠶᠢᠨ ᠡᠪᠰᠡᠯ ᠪᠦᠯᠦᠭ ᠲᠤ ᠬᠠᠤᠯᠢ ᠶᠣᠰᠣᠭᠠᠷ ᠴᠣᠬᠢᠯᠲᠠ ᠥᠭᠴᠥ ᠪᠠᠶᠢᠴᠠᠭᠠᠨ ᠰᠢᠢᠳᠪᠦᠷᠢᠯᠡᠨ᠎ᠡ︔ ︽ᠬᠠᠷ᠎ᠠ ᠲᠡᠷᠭᠡ︾᠎ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠵᠦᠪᠰᠢᠶᠡᠷᠡᠯ ᠦᠬᠡᠢ ᠪᠠᠷ ᠳᠤᠷ᠎ᠠ ᠪᠠᠷ ᠢᠶᠠᠨ ᠠᠶᠠᠨᠴᠢᠳ ᠲᠡᠭᠡᠭᠡᠪᠦᠷᠢᠯᠡᠵᠦ ᠪᠠᠶᠢᠬᠤ ᠪᠠ ᠲᠦᠷᠢᠶᠡᠰᠦᠨ ᠮᠠᠰᠢᠨ ᠡᠵᠡᠩᠨᠡᠵᠦ ᠪᠠᠶᠢᠭ᠎ᠠ ᠲᠡᠷᠭᠡ ᠬᠥᠰᠬᠡ᠂ ᠢᠯᠠᠩᠭᠤᠶ᠎ᠠ ᠲᠦᠷᠢᠶᠡᠰᠦᠨ ᠮᠠᠰᠢᠨ ᠤ ᠫᠠᠶᠢᠰᠠ ᠲᠡᠮᠳᠡᠭ ᠢ ᠲᠤᠬᠤᠵᠦ ᠬᠡᠷᠡᠭᠯᠡᠭᠰᠡᠨ ᠪᠠ ᠬᠠᠭᠤᠷᠮᠠᠭᠯᠠᠨ ᠵᠣᠬᠢᠶᠠᠭᠰᠠᠨ᠂ ᠬᠤᠳᠠᠯ ᠬᠠᠭᠤᠷᠮᠠᠭ ᠲᠦᠷᠢᠶᠡᠰᠦᠨ ᠮᠠᠰᠢᠨ ᠲᠡᠷᠭᠡ ᠶᠢ ᠭᠤᠣᠯᠳᠠᠯᠭ᠎ᠠ ᠲᠠᠢ ᠪᠠᠷ ᠪᠠᠶᠢᠴᠠᠭᠠᠨ ᠰᠢᠢᠳᠪᠦᠷᠢᠯᠡᠨ᠎ᠡ᠃ ᠵᠡᠮᠳᠡᠭᠴᠦᠳ ᠬᠠᠤᠯᠢ ᠪᠤᠰᠤ ᠪᠠᠷ ᠠᠶᠠᠨᠴᠢᠳ ᠲᠡᠭᠡᠭᠡᠪᠦᠷᠢᠯᠡᠬᠦ ᠪᠠ ᠲᠦᠷᠢᠶᠡᠰᠦᠨ ᠮᠠᠰᠢᠨ ᠡᠵᠡᠩᠨᠡᠬᠦ ᠦᠢᠯᠡ ᠠᠵᠢᠯᠯᠠᠭ᠎ᠠ ᠶᠢ ᠴᠢᠩᠭ᠎ᠠ ᠵᠠᠰᠠᠨ᠎ᠠ︔ ᠭᠤᠣᠯᠳᠠᠯᠭ᠎ᠠ ᠲᠠᠢ ᠣᠷᠣᠨ ᠪᠦᠰᠡ ᠶᠢ ᠴᠡᠭᠴᠡᠯᠡᠨ ᠵᠠᠰᠠᠨ᠎ᠠ᠃ ᠠᠶᠠᠨᠴᠢᠨ ᠤ ᠲᠡᠭᠡᠭᠡᠪᠦᠷᠢ ᠶᠢᠨ ᠡᠭᠡᠯᠵᠢ ᠱᠤᠭᠤᠮ ᠵᠢᠴᠢ ᠠᠶᠠᠨᠴᠢᠳ ᠴᠤᠭᠯᠠᠷᠠᠵᠤ ᠤᠯᠠᠨ ᠣᠷᠣᠨ ᠪᠦᠰᠡ᠂ ᠢᠯᠠᠩᠭᠤᠶ᠎ᠠ ᠲᠡᠷᠭᠡᠨ ᠥᠷᠲᠡᠭᠡ᠂ ᠳᠤᠮᠳᠠ ᠶᠡᠭᠡ ᠳᠡᠭᠡᠳᠦ ᠰᠤᠷᠭᠠᠭᠤᠯᠢ᠂ ᠵᠢᠵᠢᠭ ᠲᠣᠭᠤᠷᠢᠭ᠂ ᠬᠤᠳᠠ ᠬᠥᠳᠡᠭᠡ ᠶᠢᠨ ᠠᠭᠤᠯᠵᠠᠭᠤᠷ ᠬᠡᠰᠡᠭ ᠵᠡᠷᠭᠡ ᠲᠠᠯᠠᠪᠤᠷ ᠪᠣᠯᠣᠨ ᠣᠷᠣᠨ ᠪᠦᠰᠡ ᠶᠢ ᠭᠤᠣᠯᠳᠠᠯᠭ᠎ᠠ ᠲᠠᠢ ᠵᠠᠰᠠᠵᠤ᠂ ᠵᠢᠵᠢᠭ ᠲᠣᠭᠤᠷᠢᠭ᠂ ᠲᠡᠷᠭᠡᠨ ᠦᠷᠳᠡᠭᠡ᠂ ᠨᠢᠰᠬᠡᠯ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠬᠤᠷᠠᠨ ᠴᠤᠭᠯᠠᠷᠠᠳᠠᠭ ᠭᠠᠵᠠᠷ ᠲᠠᠬᠢ ︽ᠬᠠᠷ᠎ᠠ ᠲᠡᠷᠭᠡ︾᠎ ᠶᠢᠨ ᠬᠠᠤᠯᠢ ᠪᠤᠰᠤ ᠡᠵᠡᠩᠨᠡᠯᠲᠡ ᠶᠢᠨ ᠴᠤᠭᠯᠠᠷᠠᠬᠤ ᠴᠢᠭ᠋ ᠢ ᠡᠷᠡᠰ ᠠᠷᠢᠯᠭᠠᠨ᠎ᠠ᠃     ᠣᠶᠢᠯᠭᠠᠭᠰᠠᠨ ᠢᠶᠠᠷ᠂ ᠲᠤᠰ ᠤᠳᠠᠭᠠᠨ ᠤ ᠲᠤᠰᠬᠠᠶ ᠵᠦᠢᠯ ᠤᠨ ᠴᠡᠭᠴᠡᠯᠡᠨ ᠵᠠᠰᠠᠬᠤ ᠠᠵᠢᠯᠯᠠᠭ᠎ᠠ ᠨᠢ ᠪᠠᠰᠠ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠲᠥᠷᠢᠮ ᠢ ᠪᠠᠶᠢᠭᠤᠯᠤᠨ᠂ ᠤᠯᠠᠨ ᠲᠦᠮᠡᠨ ᠤ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠨ ᠠᠶᠠᠨᠴᠢᠳ ᠲᠡᠭᠡᠭᠡᠪᠦᠷᠢᠯᠡᠬᠦ ᠪᠠ ᠲᠦᠷᠢᠶᠡᠰᠦᠨ ᠮᠠᠰᠢᠨ ᠡᠵᠡᠩᠨᠡᠬᠦ ᠬᠠᠤᠯᠢ ᠪᠤᠰᠤ ᠶᠢᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠨᠢ ᠵᠣᠷᠢᠭᠵᠢᠭᠤᠯᠵᠦ᠂ ᠪᠠᠶᠢᠴᠠᠭᠠᠨ ᠲᠤᠳᠤᠯᠠᠭᠠᠳ ᠦᠨᠡᠨ ᠪᠣᠳᠠᠲᠠᠶ ᠪᠠᠶᠢᠬᠤ ᠵᠢᠴᠢ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠪᠰᠤᠷᠤᠨ ᠭᠡᠷᠡᠴᠢ ᠪᠠᠷᠢᠮᠳᠠ ᠬᠠᠩᠭᠠᠭᠰᠠᠨ ᠪᠤᠶᠤ ᠰᠢᠭᠤᠳ ᠭᠡᠷᠡᠴᠢ ᠪᠠᠷᠢᠮᠲᠠ ᠬᠠᠩᠭᠠᠭᠰᠠᠨ ᠬᠥᠮᠦᠨ ᠢ ᠬᠥᠬᠢᠭᠦᠯᠦᠨ ᠱᠠᠩᠨᠠᠨ᠎ᠠ᠃ ᠵᠠᠭᠠᠯᠳᠤᠯᠭ᠎ᠠ ᠢᠯᠡᠴᠢᠯᠡᠯᠲᠡ ᠶᠢ ᠬᠦᠯᠢᠶᠡᠨ ᠠᠪᠤᠭᠰᠠᠨ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠦᠭᠴᠢ ᠳᠤ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ ᠥᠭᠭᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号