ᠦᠪᠦᠷ ᠮᠣᠩᠭᠤᠯ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠡᠮ ᠤᠨ ᠵᠦᠢᠯ ᠬᠤᠳᠠᠯᠳᠤᠨ ᠠᠪᠬᠤ ᠳᠤ ︽ᠬᠤᠶᠠᠷ ᠪᠠᠷᠢᠮᠲᠠ ᠶᠢᠨ ᠲᠦᠷᠢᠮ︾᠎ ᠢ ᠬᠡᠷᠡᠭᠵᠢᠭᠦᠯᠬᠦ ᠪᠠᠷ ᠪᠣᠢ
ᠨᠡᠶᠢᠲᠡᠯᠡᠭᠰᠡᠨ ᠴᠠᠭ᠄
2017/3/24
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠡᠮ ᠤᠨ ᠵᠦᠢᠯ ᠬᠤᠳᠠᠯᠳᠤᠨ ᠠᠪᠬᠤ ᠳᠤ ︿ᠬᠤᠶᠠᠷ ᠪᠠᠷᠢᠮᠲᠠ ᠶᠢᠨ ᠲᠦᠷᠢᠮ﹀᠎ ᠢ ᠬᠡᠷᠡᠭᠯᠡᠬᠦ ᠲᠤᠬᠠᠢ ᠬᠡᠷᠡᠭᠵᠢᠭᠦᠯᠦᠯᠲᠡ ᠶᠢᠨ ᠰᠠᠨᠠᠯ ︵ᠲᠤᠷᠰᠢᠨ ᠬᠡᠷᠡᠭᠵᠢᠭᠦᠯᠬᠦ︶᠎ ᠤᠨ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ 2017 ᠣᠨ ᠳᠤ᠂ ᠥᠪᠥᠷ ᠮᠣᠩᠭᠤᠯ ᠡᠮ ᠤᠨ ᠵᠦᠢᠯ ᠢ ᠬᠤᠳᠠᠯᠳᠤᠨ ᠠᠪᠬᠤ ᠳᠤ ︽ᠬᠤᠶᠠᠷ ᠪᠠᠷᠢᠮᠲᠠ ᠶᠢᠨ ᠲᠦᠷᠢᠮ︾᠎ ᠢ ᠬᠡᠷᠡᠭᠯᠡᠬᠦ ᠬᠡᠷᠡᠭᠵᠢᠭᠦᠯᠦᠯᠲᠡ ᠶᠢᠨ ᠲᠥᠰᠦᠯ ᠢ ᠲᠣᠭᠲᠠᠭᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠰᠢᠨ᠎ᠡ ᠪᠠᠷ ᠡᠮ ᠤᠨ ᠵᠦᠢᠯ ᠬᠤᠳᠠᠯᠳᠤᠨ ᠠᠪᠬᠤ ᠠᠵᠢᠯᠯᠠᠭ᠎ᠠ ᠎ ᠳᠤ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠭᠦᠢᠯᠭᠡᠭᠡᠨ ᠤ ᠠᠵᠤ ᠠᠬᠤᠶᠢᠯᠠᠯ ᠬᠦᠷᠲᠡᠯ᠎ᠡ ᠨᠢᠭᠡ ᠤᠳᠠᠭ᠎ᠠ ᠪᠠᠷᠢᠮᠲᠠ ᠬᠢᠵᠦ ᠥᠭᠬᠦ᠂ ᠭᠦᠢᠯᠭᠡᠭᠡᠨ ᠤ ᠠᠵᠤ ᠠᠬᠤᠶᠢᠯᠠᠯ ᠠᠴᠠ ᠡᠮᠴᠢᠯᠡᠭᠡᠨ ᠤ ᠪᠠᠶᠢᠭᠤᠯᠤᠮᠵᠢ ᠬᠦᠷᠲᠡᠯ᠎ᠡ ᠨᠢᠭᠡ ᠤᠳᠠᠭ᠎ᠠ ᠪᠠᠷᠢᠮᠲᠠ ᠬᠢᠵᠦ ᠥᠭᠬᠦ ︽ᠬᠤᠶᠠᠷ ᠪᠠᠷᠢᠮᠲᠠ ᠶᠢᠨ ᠲᠦᠷᠢᠮ︾᠎ ᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠪᠣᠯᠪᠠ᠃ ᠡᠮ ᠤᠨ ᠵᠦᠢᠯ ᠤᠨ ᠭᠦᠢᠯᠭᠡᠭᠡᠨ ᠤ ᠠᠵᠤ ᠠᠬᠤᠶᠢᠯᠠᠯ᠂ ᠡᠮᠴᠢᠯᠡᠭᠡᠨ ᠤ ᠪᠠᠶᠢᠭᠤᠯᠤᠮᠵᠢ ᠡᠮ ᠤᠨ ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ ᠳᠤ ᠪᠠᠨ ᠮᠡᠳᠡᠭᠡ ᠵᠠᠩᠭᠢ ᠪᠦᠷᠢᠨ ᠲᠡᠭᠦᠯᠳᠡᠷ ᠪᠦᠬᠦᠢ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠲᠡᠮᠳᠡᠭᠯᠡᠯ ᠬᠢᠵᠦ᠂ ᠫᠢᠶᠣᠣ ᠪᠠᠷᠢᠮᠲᠠ᠂ ᠲᠡᠩᠰᠠ᠂ ᠪᠠᠷᠠᠭ᠎ᠠ᠂ ᠪᠠᠷᠠᠭᠠᠨ ᠤ ᠵᠣᠭᠤᠰ ᠢ ᠨᠢᠭᠡᠳᠦᠯᠲᠡᠶ ᠪᠠᠶᠢᠯᠭᠠᠵᠤ᠂ ᠪᠠᠷᠠᠭ᠎ᠠ ᠶᠢᠨ ᠳᠠᠭᠠᠯᠲᠠ ᠬᠠᠭᠤᠳᠠᠰᠤ ᠬᠢᠭᠡᠳ ᠡᠮ ᠤᠨ ᠵᠦᠢᠯ ᠯᠦᠭᠡ ᠬᠠᠮᠲᠤ ᠶᠠᠪᠤᠭᠤᠯᠬᠤ ᠶᠢ ᠪᠠᠲᠤᠯᠠᠨ᠎ᠠ᠃ ︽ᠬᠤᠶᠠᠷ ᠪᠠᠷᠢᠮᠲᠠ ᠶᠢᠨ ᠲᠦᠷᠢᠮ︾᠎ ᠢ ᠬᠡᠷᠡᠭᠵᠢᠭᠦᠯᠬᠦ ᠪᠠᠷ ᠳᠠᠮᠵᠢᠨ᠂ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠭᠦᠢᠯᠭᠡᠭᠡᠨ ᠤ ᠭᠤᠭᠴᠤᠭ᠎ᠠ ᠶᠢ ᠪᠠᠭᠠᠰᠬᠠᠨ᠂ ᠭᠦᠢᠯᠭᠡᠭᠡᠨ ᠤ ᠡᠮᠬᠢ ᠵᠢᠷᠤᠮ ᠢ ᠵᠢᠷᠤᠮᠵᠢᠭᠤᠯᠵᠤ᠂ ᠡᠮ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠭᠡᠢ ᠥᠨᠳᠥᠷ ᠦᠨ᠎ᠡ ᠶᠢ ᠪᠠᠭᠤᠷᠠᠭᠤᠯᠤᠨ᠂ ᠵᠦᠪᠰᠢᠶᠡᠷᠡᠯ ᠦᠭᠡᠢ ᠪᠣᠰᠤᠳ ᠢ ᠲᠦᠰᠢᠨ ᠡᠵᠡᠩᠨᠡᠬᠦ᠂ ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠎ ᠳᠤ ᠴᠣᠬᠢᠯᠲᠠ ᠥᠭᠴᠦ᠂ ︽ᠬᠤᠶᠠᠷ ᠪᠠᠷᠢᠮᠲᠠ ᠶᠢᠨ ᠲᠦᠷᠢᠮ︾᠎ ᠢ ᠳᠡᠯᠭᠡᠷᠡᠭᠦᠯᠬᠦ ᠶᠠᠪᠤᠳᠠᠯ ᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠯᠤᠭ᠎ᠠ ᠬᠤᠪᠣᠭᠤᠳᠠᠭᠤᠯᠦᠨ᠎ᠡ᠃ ᠡᠭᠦᠨ ᠤ ᠬᠠᠮᠲᠤ᠂ ᠦᠨᠳᠦᠰᠦᠨ ᠡᠮ ᠤᠨ ᠵᠦᠢᠯ ᠤᠨ ᠲᠥᠷᠢᠮ ᠢ ᠤᠯᠠᠮ ᠨᠢᠭᠡ ᠠᠯᠬᠤᠮ ᠪᠠᠬᠢᠵᠢᠭᠦᠯᠦᠨ ᠪᠦᠷᠢᠨᠰᠢᠭᠦᠯᠵᠦ᠂ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠦᠨᠳᠦᠰᠦᠨ ᠡᠮ ᠤᠨ ᠵᠦᠢᠯ ᠢ ᠪᠦᠬᠦ ᠲᠠᠯ᠎ᠠ ᠪᠠᠷ ᠲᠣᠬᠢᠷᠠᠭᠤᠯᠤᠨ᠂ ᠡᠩ ᠲᠡᠷᠢᠭᠦᠨ ᠳᠤ ᠬᠡᠷᠡᠭᠯᠡᠵᠦ᠂ ᠦᠨᠳᠦᠰᠦᠨ ᠡᠮ ᠤᠨ ᠵᠦᠢᠯ ᠬᠤᠳᠠᠯᠳᠤᠨ ᠠᠪᠬᠤ ᠵᠣᠭᠤᠰ ᠤᠨ ᠲᠤᠭ᠎ᠠ ᠶᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢ ᠶᠢ 65%᠎ ᠠᠴᠠ ᠳᠣᠣᠷ᠎ᠠ ᠪᠠᠶᠢᠯᠭᠠᠬᠤ ᠦᠭᠡᠢ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠢ ᠶᠢ 40%᠎ ᠠᠴᠠ ᠳᠣᠣᠷ᠎ᠠ ᠪᠠᠶᠢᠯᠭᠠᠬᠤ ᠦᠭᠡᠢ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠢ ᠶᠢ 25%᠎ ᠠᠴᠠ ᠳᠣᠣᠷ᠎ᠠ ᠪᠠᠶᠢᠯᠭᠠᠬᠤ ᠦᠭᠡᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号