ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ᠳᠤ ᠴᠣᠬᠢᠯᠲᠠ ᠥᠭᠬᠦ ︽ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠷᠴᠠ ᠮᠡᠰᠡ︾ ᠲᠤᠰᠬᠠᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠤᠭᠤᠲᠤ ᠳᠤ ᠶᠠᠪᠤᠭᠳᠠᠪᠠ
ᠨᠡᠶᠢᠲᠡᠯᠡᠭᠰᠡᠨ ᠴᠠᠭ᠄
2017/3/27
     3 ᠳ᠋ᠤᠭᠠᠷ ᠰᠠᠷ᠎ᠠ ᠶᠢᠨ 24᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ᠳᠤ ᠴᠣᠬᠢᠯᠲᠠ ᠥᠭᠬᠦ ︽ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠷᠴᠠ ᠮᠡᠰᠡ︾ ᠲᠤᠰᠬᠠᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ ᠳᠤ ᠶᠠᠪᠤᠭᠳᠠᠪᠠ᠃ ᠡᠨᠡ ᠨᠢ ᠪᠦᠬᠦ ᠣᠷᠣᠨ ᠤ ︽ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠷᠴᠠ ᠮᠡᠰᠡ︾ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ᠎ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠪᠦᠬᠦ ᠲᠠᠯ᠎ᠠ ᠪᠠᠷ ᠥᠷᠨᠢᠭᠰᠡᠨ ᠢ ᠬᠠᠷᠠᠭᠤᠯᠪᠠ᠃ ᠣᠷᠣᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠠᠩ ᠯᠢ ᠵᠥᠩ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠠᠯᠪᠠᠨ ᠲᠢᠩᠬᠢᠮ ᠤᠨ ᠡᠷᠬᠢᠯᠡᠭᠴᠢ ᠵᠧᠩ ᠭᠦᠸᠧ ᠴᠢᠶᠠᠩ᠂ ᠪᠤᠭᠤᠲᠤ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠲᠦᠮᠡᠳ ᠪᠠᠷᠠᠭᠤᠨ ᠬᠤᠰᠢᠭᠤ ᠶᠢᠨ ᠬᠤᠯᠪᠣᠭᠳᠠᠯ ᠪᠦᠬᠦᠢ ᠬᠥᠮᠦᠰ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠡᠵᠡᠩᠨᠡᠨ ᠪᠣᠷᠣᠯᠠᠭᠤᠯᠬᠤ ᠬᠤᠳᠠᠯᠳᠤᠭᠠᠴᠢᠦᠨ ᠤᠨ ᠲᠥᠯᠥᠭᠡᠯᠡᠭᠴᠢ᠂ ᠲᠣᠰ ᠭᠠᠵᠠᠷ ᠤᠨ ᠭᠠᠴᠠᠭᠠᠨ ᠤ ᠠᠷᠠᠳ ᠨᠡᠶᠢᠲᠡ 200 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠱᠠᠪᠳᠠᠭᠤᠯᠤᠨ ᠪᠠᠶᠢᠴᠠᠭᠠᠬᠤ ᠲᠣᠪᠴᠢᠶ᠎ᠠ ᠶᠢᠨ ᠳᠠᠷᠤᠭ᠎ᠠ ᠯᠢ ᠵᠢᠶᠧ ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ ᠪᠦᠬᠦ ᠣᠷᠣᠨ ᠤ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ᠳᠤ ᠴᠣᠬᠢᠯᠲᠠ ᠥᠭᠬᠦ ︽ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠷᠴᠠ ᠮᠡᠰᠡ︾ ᠲᠤᠰᠬᠠᠶ ᠠᠵᠢᠯᠯᠠᠭ᠎ᠠ ᠨᠢ ︽ᠬᠠᠭᠤᠷᠮᠠᠭ ᠲᠤ ᠴᠣᠬᠢᠯᠲᠠ ᠥᠭᠴᠦ ᠰᠢᠯᠢᠳᠡᠭ ᠢ ᠳᠡᠮᠵᠢᠬᠦ᠂ ᠲᠠᠷᠢᠶᠠᠯᠩ᠂ ᠲᠠᠷᠢᠶᠠᠴᠢᠨ᠂ ᠲᠠᠷᠢᠶᠠᠯᠠᠬᠤ ᠣᠷᠣᠨ ᠳᠤ ᠦᠢᠯᠡᠴᠢᠯᠡᠬᠦ︾᠎ ᠪᠠᠷ ᠭᠤᠣᠯ ᠰᠡᠳᠦᠪ ᠪᠣᠯᠭᠠᠪᠠ᠃ ᠪᠥᠬᠦ ᠣᠷᠣᠨ ᠤ ᠶᠠᠰᠤ ᠴᠢᠨᠠᠷ ᠎ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠨᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ᠦᠨ᠎ᠡ ᠲᠥᠯᠥᠪᠦᠷᠢ ᠦᠭᠡᠢ ᠪᠠᠶᠢᠴᠠᠭᠠᠨ ᠬᠡᠮᠵᠢᠬᠦ᠂ ᠤᠬᠠᠭᠤᠯᠬᠤ ᠯᠠᠪᠯᠠᠯᠲᠠ ᠬᠠᠩᠭᠠᠬᠤ᠂ ᠵᠠᠭᠠᠯᠳᠤᠬᠤ ᠢᠯᠡᠴᠢᠯᠡᠨ ᠮᠡᠳᠡᠭᠦᠯᠬᠦ ᠶᠢ ᠲᠤᠬᠠᠶ ᠶᠢᠨ ᠭᠠᠵᠠᠷ ᠲᠤᠨᠢ ᠬᠦᠯᠢᠶᠡᠨ ᠠᠪᠴᠤ ᠰᠢᠶᠳᠪᠦᠷᠢᠯᠡᠬᠦ ᠵᠢᠴᠢ ᠮᠢᠩᠭᠠᠨ ᠲᠣᠰᠬᠤᠨ ᠲᠦᠮᠡᠨ ᠡᠷᠦᠬᠡ ᠶᠢ ᠰᠤᠷᠪᠤᠯᠵᠢᠯᠠᠬᠤ᠂ ᠮᠢᠩᠭᠠᠨ ᠵᠢᠱᠢᠶ᠎ᠡ ᠠᠪᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠬᠠᠭᠤᠷᠮᠠᠭ ᠲᠤ ᠴᠣᠬᠢᠯᠲᠠ ᠥᠭᠴᠦ ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ᠂ ᠲᠠᠷᠢᠶᠠᠯᠠᠩ ᠤᠨ ᠬᠤᠷᠢᠶᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠠᠮᠠᠭᠠᠯᠠᠭᠴᠢ ᠪᠣᠯᠬᠤ ᠪᠠᠷ ᠪᠤᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号