| 2017 ᠣᠨ ᠤ ᠪᠥᠬᠦ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠰᠲ᠋ᠧᠮ ᠤᠨ | ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠬᠤᠳᠠᠯ ᠬᠠᠭᠤᠷᠮᠠᠭ ᠲᠤ ᠴᠣᠬᠢᠯᠲᠠ ᠥᠭᠬᠦ ᠬᠠᠤᠯᠢ | ᠬᠡᠷᠡᠭᠵᠢᠭᠦᠯᠦᠯᠲᠡ ᠶᠢᠨ ᠠᠵᠢᠯ ᠤᠨ ᠬᠤᠷᠠᠯ ᠤᠨ ᠠᠬᠤᠢ ᠲᠠᠯᠠᠪᠠᠢ | 2017 ᠣᠨ ᠤ 3 ᠳ᠋ᠤᠭᠠᠷ ᠰᠠᠷ᠎ᠠ ᠶᠢᠨ 22 ᠤ ᠡᠳᠦᠷ᠂ ᠪᠥᠬᠦ ᠣᠷᠣᠨ ᠤ ᠦᠢᠯᠡᠳᠬᠦᠨ ᠤ ᠶᠠᠰᠤ | ᠴᠢᠨᠠᠷ ᠲᠤ ᠬᠢᠨᠠᠯᠲᠠ ᠲᠠᠯᠪᠢᠬᠤ ᠪᠠ ᠬᠤᠳᠠᠯ ᠬᠠᠭᠤᠷᠮᠠᠭ ᠲᠤ ᠴᠣᠬᠢᠯᠲᠠ ᠥᠭᠬᠦ ᠬᠠᠤᠯᠢ ᠬᠡᠷᠡᠭᠵᠢᠭᠦᠯᠦᠯᠲᠡ ᠶᠢᠨ | ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠡᠨᠡ ᠤᠳᠠᠭ᠎ᠠ ᠶᠢᠨ ᠬᠤᠷᠠᠯ ᠤᠨ ᠭᠤᠣᠯ ᠡᠭᠦᠷᠭᠡ ᠪᠣᠯ᠄ ᠪᠦᠬᠦ | ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠤᠨ ᠬᠤᠷᠠᠯ ᠂ ᠪᠦᠬᠦ ᠤᠯᠤᠰ ᠤᠨ | ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠤᠨ ᠬᠤᠷᠠᠯ᠂ ᠪᠦᠬᠦ ᠤᠯᠤᠰ ᠤᠨ ᠬᠤᠳᠠᠯ | ᠬᠠᠭᠤᠷᠮᠠᠭ ᠲᠤ ᠴᠣᠬᠢᠯᠲᠠ ᠥᠭᠬᠦ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠬᠤᠷᠠᠯ ᠵᠢᠴᠢ ᠪᠥᠬᠦ ᠣᠷᠣᠨ ᠤ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ 2016 ᠣᠨ ᠤ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ 2017 ᠣᠨ ᠤ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠬᠤ ᠶᠠᠪᠤᠳᠠᠯ ᠪᠣᠯᠣᠨ᠎ᠠ᠃ | ᠬᠤᠷᠠᠯ ᠠᠴᠠ 2016 ᠣᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠬᠤᠳᠠᠯ | ᠬᠠᠭᠤᠷᠮᠠᠭ ᠲᠤ ᠴᠣᠬᠢᠯᠲᠠ ᠥᠭᠬᠦ ᠬᠠᠤᠯᠢ ᠬᠡᠷᠡᠭᠵᠢᠭᠦᠯᠦᠯᠲᠡ ᠶᠢᠨ ᠠᠵᠢᠯ ᠢ ᠭᠦᠢᠴᠡᠳ ᠨᠤᠲᠠᠯᠠᠵᠤ᠂ ᠣᠳᠣᠬᠠᠨ ᠳᠤ | ᠲᠤᠯᠭᠠᠷᠠᠵᠤ ᠪᠠᠶᠢᠭ᠎ᠠ ᠠᠵᠠ ᠲᠣᠬᠢᠶᠠᠯ ᠪᠠ ᠥᠷᠢᠰᠥᠯᠳᠦᠭᠡᠨ ᠢ ᠭᠦᠨᠵᠡᠭᠡᠶ ᠵᠠᠳᠠᠯᠤᠨ᠂ 2017 ᠣᠨ ᠤ ᠠᠵᠢᠯ ᠳᠤ | ︽ᠵᠢᠷᠭᠤᠭ᠎ᠠ ᠶᠢ ᠴᠢᠩᠭ᠎ᠠ ᠠᠳᠬᠤᠬᠤ︾ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠪᠦᠬᠦ ᠰᠢᠰᠲ᠋ᠧᠮ ᠢᠶᠠᠷ ᠢᠶᠠᠨ ᠨᠢᠭᠡᠨ ᠬᠥᠯᠭᠡ ᠰᠢᠳᠡᠷ᠎ᠠ | ᠮᠡᠲᠦ ᠪᠠᠶᠢᠬᠤ ᠦᠵᠡᠯ ᠰᠠᠨᠠᠭ᠎ᠠ ᠶᠢ ᠪᠤᠢ ᠪᠣᠯᠭᠠᠨ᠂ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠪᠠ | ᠬᠤᠳᠠᠯ ᠬᠠᠭᠤᠷᠮᠠᠭ ᠲᠤ ᠴᠣᠬᠢᠯᠲᠠ ᠥᠭᠬᠦ ᠬᠠᠤᠯᠢ ᠬᠡᠷᠡᠭᠵᠢᠭᠦᠯᠦᠯᠲᠡ ᠶᠢᠨ ᠠᠵᠢᠯ ᠢ ᠴᠢᠷᠮᠠᠶᠢᠨ ᠰᠠᠶᠢᠲᠤᠷ | ᠠᠳᠬᠤᠵᠤ ᠂ ᠣᠷᠣᠨ ᠤ ᠲᠣᠪᠴᠢᠶ᠎ᠠ ᠪᠣᠯᠤᠨ ᠠᠶᠢᠮᠠᠭ ᠬᠤᠳᠠ ᠶᠢᠨ ᠲᠣᠪᠴᠢᠶ᠎ᠠ ᠶᠢᠨ ᠠᠵᠢᠯ ᠤᠨ ᠠᠯᠬᠤᠮ ᠨᠢᠭᠡᠲᠡᠢ | ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ︔ ᠬᠤᠶᠠᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠠᠵᠤ | ᠠᠬᠤᠶᠢᠯᠠᠯ ᠳᠤ ᠦᠢᠯᠡᠴᠢᠯᠡᠬᠦ ᠡᠨᠡᠬᠦ ᠭᠤᠣᠯ ᠠᠵᠢᠯ ᠤᠨ ᠲᠣᠭᠤᠷᠢᠨ ᠳᠤ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠠᠵᠢᠯ ᠢ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ | ᠠᠭᠤᠰᠬᠠᠨ ᠣᠷᠤᠭᠤᠯᠬᠤ ᠬᠡᠷᠡᠭᠲᠡᠢ︔ ᠭᠤᠷᠪᠠ ᠳᠤ ᠠᠵᠢᠯ ᠤᠨ ᠬᠢᠨᠠᠨ ᠰᠢᠯᠭᠠᠯᠲᠠ ᠪᠠ ᠦᠨᠡᠯᠡᠯᠲᠡ ᠪᠠᠨ | ᠴᠢᠩᠭᠠᠳᠬᠠᠵᠤ᠂ ᠦᠨᠳᠦᠰᠦᠨ ᠱᠠᠲᠤᠨ ᠤ ᠠᠵᠢᠯ ᠶᠠᠪᠤᠳᠠᠯ ᠬᠢᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ ᠢ ᠨᠢ | ᠬᠥᠭᠵᠢᠭᠡᠨ ᠪᠠᠳᠠᠷᠠᠭᠤᠯᠬᠤ ᠬᠡᠷᠡᠭᠲᠡᠶ᠃ ᠱᠠᠲᠤ ᠱᠠᠲᠤ ᠪᠠᠷ ᠳᠠᠷᠤᠯᠲᠠ ᠥᠭᠴᠦ᠂ ᠣᠷᠣᠨ ᠤ ᠲᠣᠪᠴᠢᠶ᠎ᠠ ᠶᠢᠨ | ᠪᠠᠶᠢᠷᠢᠯᠠᠭᠤᠯᠤᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ ᠱᠠᠭᠠᠷᠳᠠᠭᠰᠠᠨ ᠨᠢ᠄ ᠨᠢᠭᠡ ᠳᠤ ᠡᠯ᠎ᠡ ᠠᠶᠢᠮᠠᠭ ᠬᠤᠳᠠ ᠶᠢᠨ ᠲᠣᠪᠴᠢᠶ᠎ᠠ᠂ ᠡᠯ᠎ᠡ ᠰᠢᠭᠤᠳ | ᠬᠠᠷᠢᠶ᠎ᠠ ᠨᠢᠭᠡᠴᠡ ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠷᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ︔ ᠬᠤᠶᠠᠷ ᠲᠤ ᠡᠯ᠎ᠡ ᠠᠶᠢᠮᠠᠭ | ᠬᠤᠳᠠ ᠶᠢᠨ ᠲᠣᠪᠴᠢᠶ᠎ᠠ ᠨᠤᠭᠤᠳ ᠬᠤᠰᠢᠭᠤ ᠰᠢᠶᠠᠨ ᠤ ᠲᠣᠪᠴᠢᠶ᠎ᠠ ᠶᠢᠨ ᠬᠤᠷᠠᠯ ᠢ ᠳᠣᠬᠢᠲᠠᠢ ᠵᠣᠬᠢᠶᠠᠨ | ᠪᠠᠶᠢᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠪᠣᠳᠠᠲᠠᠢ ᠲᠠᠢ ᠤᠶᠠᠯᠳᠤᠭᠤᠯᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠶ︔ ᠭᠤᠷᠪᠠ ᠳᠤ ᠡᠯ᠎ᠡ ᠠᠶᠢᠮᠠᠭ ᠬᠤᠳᠠ ᠶᠢᠨ | ᠲᠣᠪᠴᠢᠶ᠎ᠠ ᠶᠢᠨ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠬᠦ ᠰᠠᠯᠠᠭ᠎ᠠ ᠲᠠᠰᠤᠭ ᠤᠳ ᠡᠨᠡ ᠤᠳᠠᠭᠠᠨ ᠤ | ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ | ᠪᠣᠳᠠᠲᠠᠶ ᠲᠤᠤᠱᠯᠠᠭᠤᠯᠬᠤ ᠲᠥᠰᠦᠯ ᠪᠣᠯᠣᠨ ᠠᠷᠭ᠎ᠠ ᠬᠡᠮᠵᠢᠶ᠎ᠡ ᠳᠤᠷᠠᠳᠤᠨ᠂ ᠪᠠᠶᠢᠷᠢᠯᠠᠭᠤᠯᠤᠯᠲᠠ ᠲᠠᠢ | ᠲᠥᠯᠥᠪᠯᠡᠭᠡ ᠲᠠᠢ᠂ ᠠᠷᠭ᠎ᠠ ᠬᠡᠮᠵᠢᠶ᠎ᠡ ᠲᠠᠢ᠂ ᠰᠢᠯᠭᠠᠨ ᠪᠠᠶᠢᠴᠠᠭᠠᠯᠲᠠ ᠲᠠᠢ ᠪᠠᠶᠢᠵᠤ᠂ ᠪᠥᠬᠦ ᠰᠢᠰᠲ᠋ᠧᠮ ᠢᠶᠠᠷ ᠢᠶᠠᠨ | ᠠᠯᠬᠤᠭ᠎ᠠ ᠪᠠᠨ ᠨᠢᠭᠡᠳᠬᠡᠵᠦ᠂ ᠴᠤᠭᠭᠠᠷ ᠠᠳᠬᠤᠵᠤ ᠬᠠᠮᠲᠤ ᠬᠠᠮᠢᠶᠠᠷᠤᠨ᠂ ᠦᠷ᠎ᠡ ᠪᠦᠲᠦᠮᠵᠢ ᠭᠠᠷᠭᠠᠬᠤ ᠶᠢ ᠥᠨᠡᠨᠬᠦ | ᠪᠠᠲᠤᠯᠠᠬᠤ ᠬᠡᠷᠡᠭᠲᠡᠶ ᠭᠡᠪᠡ᠃ |