ᠥᠪᠡᠷᠲᠡᠭᠡᠨ ᠵᠠᠰᠠᠬᠤ ᠣᠷᠣᠨ ᠠᠴᠠ ᠣᠨᠴᠣᠭᠤᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠳᠤ ᠨᠥᠬᠦᠪᠥᠷᠢ ᠥᠭᠴᠦ ᠪᠤᠢ
ᠨᠡᠶᠢᠲᠡᠯᠡᠭᠰᠡᠨ ᠴᠠᠭ᠄
2017/3/27
      ᠮᠠᠨ ᠤ ᠣᠷᠣᠨ ᠤ ᠣᠨᠴᠤᠭᠤᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠠᠰᠠᠭᠤᠳᠠᠯ ᠢ ᠦᠨᠡᠨ ᠬᠦ ᠰᠢᠶᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 2017 ᠣᠨ ᠤ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂  ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠤ ᠵᠢᠯ ᠪᠦᠷᠢ ᠲᠤᠰ ᠲᠤᠰ 1350 ᠲᠥᠭᠦᠷᠢᠭ᠂ 1620 ᠲᠥᠭᠦᠷᠢᠭ ᠪᠣᠯᠤᠨ 1890 ᠲᠥᠭᠦᠷᠢᠭ ᠤᠨ ᠪᠠᠷᠢᠮᠵᠢᠶ᠎ᠠ ᠪᠠᠷ᠂ ᠪᠤᠢ ᠪᠦᠬᠦᠢ ᠣᠨᠴᠣᠭᠤᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢᠳ ᠲᠤ ᠠᠮᠢᠳᠤᠷᠠᠯ ᠤᠨ ᠨᠥᠬᠦᠪᠥᠷᠢ ᠵᠠᠷᠤᠳᠠᠯ ᠲᠣᠬᠢᠷᠠᠭᠤᠯᠪᠠ᠃ ᠡᠭᠦᠨ ᠳᠤ᠄ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠣᠭᠤᠢ ᠰᠤᠷᠭᠠᠨ ᠬᠥᠮᠦᠵᠢᠯ ᠤᠨ ᠪᠠᠶᠢᠷᠢ ᠳᠤ  ᠰᠠᠭᠤᠭ᠎ᠠ ᠰᠤᠷᠤᠭᠴᠢᠳ ᠨᠢᠭᠡᠨᠲᠡ ᠠᠮᠢᠳᠤᠷᠠᠯ ᠤᠨ ᠵᠠᠷᠤᠳᠠᠯ ᠤᠨ ᠨᠥᠬᠦᠪᠦᠷᠢ ᠬᠦᠷᠲᠡᠭᠰᠡᠨ ᠪᠠᠶᠢᠭᠰᠠᠨ ᠪᠣᠯ᠂ ᠤᠤᠯ ᠤᠨ ᠰᠣᠷᠣᠭᠴᠢ ᠨᠢᠭᠡᠪᠦᠷᠢ ᠳᠤ ᠵᠢᠯ ᠪᠦᠷᠢ 1000 ᠲᠥᠭᠦᠷᠢᠭ᠂ 1250 ᠲᠥᠭᠦᠷᠢᠭ ᠪᠠᠶᠢᠭᠰᠠᠨ ᠰᠠᠭᠤᠷᠢᠨ ᠳᠡᠭᠡᠷ᠎ᠡ ᠨᠢ ᠲᠤᠰ ᠲᠤᠰ 350 ᠲᠥᠭᠦᠷᠢᠭ ᠪᠠ 370 ᠲᠥᠭᠦᠷᠢᠭ ᠨᠡᠮᠡᠵᠦ᠂ ᠤᠤᠯ ᠳᠠᠭᠠᠨ ᠣᠨᠴᠤᠭᠤᠢ ᠰᠤᠷᠭᠠᠨ ᠬᠥᠮᠦᠵᠢᠯ ᠤᠨ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠬᠦᠷᠲᠡᠵᠦ ᠪᠠᠶᠢᠭᠰᠠᠨ ᠦᠭᠡᠢ ᠳᠤᠨᠢ ᠰᠢᠨ᠎ᠡ ᠪᠠᠷᠢᠮᠵᠢᠶ᠎ᠠ ᠪᠠᠷ ᠣᠯᠭᠤᠨ᠎ᠠ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠭᠴᠢᠳ ᠤᠨ ᠰᠤᠷᠤᠭᠴᠢ ᠨᠢᠭᠡᠪᠦᠷᠢ ᠳᠤ ᠵᠢᠯ ᠪᠦᠷᠢ 1890 ᠲᠥᠭᠦᠷᠢᠭ ᠤᠨ ᠠᠮᠢᠳᠤᠷᠠᠯ ᠤᠨ ᠨᠥᠬᠦᠪᠥᠷᠢ ᠣᠯᠭᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号