ᠥᠪᠥᠷ ᠮᠣᠩᠭᠤᠯ᠄ ᠲᠦᠷᠦᠭᠦᠦ ᠬᠤᠶᠠᠷ ᠰᠠᠷ᠎ᠠ ᠶᠢᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠲᠠᠯᠠᠪᠠᠶ ᠪᠣᠷᠣᠯᠠᠭᠤᠯᠭ᠎ᠠ ᠶᠢᠨ ᠮᠥᠩᠭᠦ ᠬᠤᠣᠰ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2017/3/27
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ᠂ ᠥᠪᠥᠷ ᠮᠣᠩᠭᠤᠯ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠲᠠᠯᠠᠪᠠᠶ 18.5 ᠲᠦᠮᠡᠨ ᠲᠡᠭᠰᠢ ᠳᠥᠷᠪᠡᠯᠵᠢᠨ ᠮᠧᠲᠷ᠂ ᠪᠣᠷᠣᠯᠠᠭᠤᠯᠭ᠎ᠠ ᠶᠢᠨ ᠮᠥᠩᠭᠦ 9 ᠳ᠋ᠦ᠋ᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ11.3% ᠪᠣᠯᠣᠨ 14.5% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠪᠦᠬᠦ ᠵᠢᠯ ᠤᠨ ᠬᠢ ᠠᠴᠠ 4.6 ᠵᠠᠭᠤᠨ ᠤ ᠴᠡᠭ ᠪᠣᠯᠣᠨ 5.3 ᠵᠠᠭᠤᠨ ᠴᠡᠭ ᠨᠡᠮᠡᠭᠳᠡᠪᠡ᠃      2016 ᠣᠨ ᠳᠤ᠂ ︽ᠬᠥᠮᠥᠷᠭᠡ ᠶᠢᠨ ᠦᠯᠡᠭᠦᠤ ᠬᠠᠳᠠᠭᠠᠯᠠᠮᠵᠢ ᠶᠢ ᠦᠭᠡᠶᠢᠰᠬᠡᠬᠦ︾ ᠲᠥᠷᠥ ᠶᠢᠨ ᠪᠣᠳᠣᠯᠭ᠎ᠠ ᠶᠢᠨ ᠲᠠᠰᠤᠷᠠᠯᠲᠠ ᠥᠬᠡᠶ ᠨᠥᠯᠥᠭᠡᠯᠡᠯ ᠪᠣᠯᠣᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠵᠣᠭᠤᠰᠴᠢᠯᠠᠨ ᠲᠥᠪᠬᠢᠨᠡᠭᠦᠯᠬᠦ ᠲᠥᠷᠥ ᠶᠢᠨ ᠪᠤᠳᠤᠯᠭ᠎ᠠ ᠶᠢᠨ ᠳᠡᠮᠵᠢᠯᠭᠡ ᠳᠣᠤᠷ᠎ᠠ᠂ ᠥᠪᠥᠷ ᠮᠣᠩᠭᠤᠯ ᠤᠨ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠪᠠᠶᠢᠳᠠᠯ ᠰᠠᠶᠢᠵᠢᠷᠠᠵᠤ᠂ ᠨᠡᠯᠢᠶᠡᠳ ᠰᠠᠶᠢᠨ ᠠᠵᠢᠯᠯᠠᠭᠠᠨ ᠤ ᠪᠠᠶᠢᠳᠠᠯ ᠲᠠᠢ ᠪᠣᠯᠵᠤ᠂ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠲᠠᠯᠠᠪᠠᠶ ᠪᠣᠷᠣᠯᠠᠭᠤᠯᠭ᠎ᠠ ᠶᠢᠨ ᠮᠥᠩᠭᠦ ᠬᠤᠣᠰ ᠢᠶᠠᠷ ᠨᠡᠮᠡᠭᠳᠡᠵᠦ᠂ ᠬᠥᠮᠥᠷᠭᠡ ᠶᠢᠨ ᠦᠯᠡᠭᠦᠤ ᠬᠠᠳᠠᠭᠠᠯᠠᠮᠵᠢ ᠶᠢ ᠦᠭᠡᠶᠢᠰᠬᠡᠬᠦ ᠳᠠᠷᠤᠯᠲᠠ ᠶᠢ ᠪᠦᠲᠦᠮᠵᠢᠲᠡᠶ ᠪᠠᠷ ᠰᠤᠯᠠᠯᠠᠪᠠ᠃ ᠨᠢᠳᠤᠨᠤᠨ ᠠᠴᠠ ᠨᠠᠰᠢ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢᠨ ᠳᠠᠭᠠᠭᠤᠯᠤᠯ ᠳᠣᠣᠷ᠎ᠠ᠂ ᠥᠪᠥᠷ ᠮᠣᠩᠭᠤᠯ ᠤᠨ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ ᠮᠡᠳᠡᠭᠳᠡᠬᠦᠶᠢᠴᠡ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠠᠰᠤᠷᠠᠯᠲᠠ ᠦᠭᠡᠢ ᠳᠡᠭᠡᠭᠰᠢᠯᠡᠵᠦ᠂ ᠵᠢᠵᠢᠭ ᠥᠷᠥᠭᠡᠲᠦ ᠲᠠᠸᠠᠷ ᠤᠨ ᠣᠷᠣᠨ ᠰᠠᠭᠤᠴᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠣᠯᠵᠤ᠂ ᠠᠳᠠᠯ ᠠᠬᠤᠶ ᠶᠢᠨ ᠪᠡᠯᠡ ᠣᠷᠣᠭᠤᠯᠤᠯᠲᠠ ᠶᠢᠨ ᠪᠦᠲᠦᠴᠡ ᠲᠡᠩᠴᠡᠭᠦᠷᠢᠰᠢᠬᠦ ᠬᠠᠨᠳᠤᠰᠢ ᠲᠠᠢ ᠪᠣᠯᠪᠠ᠃ ᠲᠤᠭ᠎ᠠ ᠪᠠᠷᠢᠮᠲᠠ ᠠᠴᠠ ᠦᠵᠡᠪᠡᠯ᠂ 2016 ᠣᠨ ᠳᠤ᠂ ᠥᠪᠥᠷ ᠮᠣᠩᠭᠤᠯ ᠤᠨ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 4.9% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠤᠰ ᠲᠤᠰ ᠲᠦᠷᠦᠭᠦᠦ ᠭᠤᠷᠪᠠᠨ ᠤᠯᠠᠷᠢᠯ᠂ ᠳᠡᠭᠡᠷ᠎ᠡ ᠬᠠᠭᠠᠰ ᠵᠢᠯ ᠤᠨ ᠬᠢ ᠠᠴᠠ 2.1᠂ 3.6 ᠵᠠᠭᠤᠨ ᠤ ᠴᠡᠭ ᠨᠡᠮᠡᠭᠳᠡᠪᠡ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号