ᠪᠦᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠭᠤᠣᠯᠳᠠᠯᠭ᠎ᠠ ᠲᠠᠢ ᠠᠵᠢᠯ ᠤᠨ ᠪᠡᠯᠡ ᠲᠣᠬᠢᠷᠠᠭᠤᠯᠤᠯᠲᠠ ᠶᠢ ᠵᠣᠯᠭᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2017/3/28
     3 ᠳ᠋ᠤᠭᠠᠷ ᠰᠠᠷ᠎ᠠ ᠶᠢᠨ 27᠎ ᠤ ᠡᠳᠦᠷ᠂ 2017 ᠣᠨ ᠤ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠶᠠᠷᠢᠯᠴᠠᠬᠤ ᠬᠤᠷᠠᠯ ᠵᠢᠴᠢ ᠴᠢᠬᠤᠯᠠ ᠶᠡᠭᠡ ᠲᠥᠷᠥᠯ ᠵᠦᠢᠯ ᠤᠨ ᠭᠤᠣᠯᠳᠠᠯᠭ᠎ᠠ ᠲᠠᠢ ᠠᠵᠢᠯ ᠤᠨ ᠪᠡᠯᠡ ᠲᠣᠬᠢᠷᠠᠭᠤᠯᠤᠯᠲᠠ ᠶᠢ ᠵᠣᠯᠭᠠᠭᠤᠯᠬᠤ ᠬᠤᠷᠠᠯ ᠬᠢᠵᠦ᠂ ᠵᠠᠰᠠᠭ ᠪᠠᠩᠬᠢ ᠬᠢᠭᠡᠳ ᠠᠵᠤ ᠠᠬᠤᠶᠢᠯᠠᠯ ᠎ ᠤᠨ ᠪᠠᠯᠠ ᠲᠣᠬᠢᠷᠠᠭᠤᠯᠤᠯᠲᠠ ᠶᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠲᠥᠷᠥᠯ ᠵᠦᠢᠯ ᠤᠨ ᠪᠡᠯᠡ ᠲᠣᠬᠢᠷᠠᠭᠤᠯᠵᠤ ᠬᠠᠮᠲᠤᠷᠠᠯᠴᠠᠬᠤ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠪᠠᠷ ᠪᠣᠢ᠃      ᠵᠣᠯᠭᠠᠭᠤᠯᠬᠤ ᠬᠤᠷᠠᠯ ᠨᠢ ᠭᠤᠣᠯᠳᠠᠭᠤ ᠪᠦᠬᠦ ᠣᠷᠣᠨ ᠤ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠤᠨ ᠪᠡᠯᠡ ᠲᠤᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠤᠬᠠᠶ ᠶᠢᠨ ᠲᠠᠯᠠᠪᠤᠷ ᠲᠤᠨᠢ ᠲᠠᠨᠢᠯᠴᠠᠭᠤᠯᠬᠤ᠂ ᠳᠡᠯᠭᠡᠨ ᠦᠵᠡᠭᠦᠯᠬᠦ ᠠᠵᠢᠯᠯᠠᠭ᠎ᠠ ᠦᠷᠨᠢᠭᠦᠯᠵᠦ᠂ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ᠂ ᠲᠥᠷᠥᠯ ᠵᠦᠢᠯ ᠤᠨ ᠨᠢᠭᠡᠴᠡ ᠶᠢ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠲᠤᠬᠠᠶ ᠶᠢᠨ ᠭᠠᠵᠠᠷ ᠲᠤᠨᠢ ᠬᠠᠷᠢᠯᠴᠠᠭᠤᠯᠵᠤ᠂ ᠰᠣᠯᠢᠯᠴᠠᠭᠤᠯᠵᠤ᠂ ᠵᠥᠪᠳᠡᠯᠴᠡᠭᠦᠯᠪᠡ᠃ ᠲᠡᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠤᠨ ᠪᠠᠯᠠ ᠲᠣᠬᠢᠷᠠᠭᠤᠯᠤᠯᠲᠠ ᠶᠢ ᠵᠣᠯᠭᠠᠭᠤᠯᠬᠤ ᠵᠢᠴᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠲᠦᠷᠦᠯ ᠵᠦᠢᠯ ᠤᠨ ᠪᠡᠯᠡ ᠲᠤᠬᠢᠷᠠᠭᠤᠯᠭ᠎ᠠ ᠶᠢᠨ ᠳ᠋ᠠᠶᠢᠲ᠋ᠠ ᠬᠥᠮᠥᠷᠭᠡ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠵᠢᠯ ᠲᠦᠷᠦᠯ᠂ ᠬᠦᠷᠢᠶ᠎ᠡ ᠬᠡᠪᠴᠢᠶ᠎ᠡ᠂ ᠭᠠᠵᠠᠷ ᠣᠷᠣᠨ ᠬᠤᠪᠢᠶᠠᠨ ᠪᠡᠯᠡ ᠲᠤᠬᠢᠷᠠᠭᠤᠯᠭ᠎ᠠ ᠶᠢᠨ ᠲᠥᠷᠥᠯ ᠵᠦᠢᠯ ᠢ ᠰᠢᠭᠰᠢᠨ ᠲᠥᠯᠥᠪᠯᠡᠵᠦ᠂ ᠵᠠᠰᠠᠭ ᠪᠠᠩᠬᠢ ᠬᠢᠭᠡᠳ ᠠᠵᠤ ᠠᠬᠤᠶᠢᠯᠠᠯ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠨ᠎ᠡ︔ ᠤᠯᠠᠨ ᠲᠡᠰ ᠳᠠᠪᠬᠤᠷᠭ᠎ᠠ᠂ ᠤᠯᠠᠨ ᠬᠡᠯᠪᠡᠷᠢ ᠶᠢᠨ ᠵᠣᠯᠭᠠᠯᠲᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠡᠯ᠎ᠡ ᠰᠠᠯᠠᠭ᠎ᠠ ᠮᠥᠴᠢᠷ᠂ ᠠᠶᠢᠮᠠᠭ ᠬᠤᠲᠠ᠂ ᠬᠤᠰᠢᠭᠤ ᠰᠢᠶᠠᠨ ᠤ ᠫᠤᠷᠲ᠋ᠧᠯ ᠰᠦᠯᠵᠢᠶ᠎ᠡ ᠂ ᠡᠯ᠎ᠡ ᠲᠦᠷᠦᠯ ᠤᠨ ᠪᠡᠯᠡ ᠲᠣᠬᠢᠷᠠᠭᠤᠯᠬᠤ ᠦᠢᠯᠡᠴᠢᠯᠡᠭᠡᠨ ᠤ ᠲᠠᠪᠴᠠᠩ ᠪᠣᠯᠣᠨ ᠥᠪᠥᠷ ᠮᠣᠩᠭᠤᠯ ᠤᠨ ᠪᠡᠯᠡ ᠲᠣᠬᠢᠷᠠᠭᠤᠯᠬᠤ ᠦᠢᠯᠡᠴᠢᠯᠡᠭᠡᠨ ᠤ ᠰᠦᠯᠵᠢᠶ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷ᠎ᠡ ᠵᠣᠯᠭᠠᠭᠤᠯᠬᠤ ᠶᠢ ᠰᠠᠶᠢᠲᠤᠷ ᠬᠢᠨ᠎ᠡ︔ ᠪᠡᠯᠡ ᠲᠣᠬᠢᠷᠠᠭᠤᠯᠬᠤ ᠦᠷ᠎ᠡ ᠪᠦᠲᠦᠮᠵᠢ ᠪᠣᠯᠣᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠯᠡ ᠲᠣᠬᠢᠷᠠᠭᠤᠯᠬᠤ ᠲᠥᠷᠥᠯ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠤᠨ ᠦᠷ᠎ᠡ ᠪᠦᠲᠦᠮᠵᠢ ᠪᠣᠯᠣᠨ ᠬᠤᠷᠳᠤᠴᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠡᠯᠡ ᠲᠣᠬᠢᠷᠠᠭᠤᠯᠬᠤ ᠨᠥᠬᠦᠴᠡᠯ ᠱᠠᠭᠠᠷᠳᠠᠯᠭ᠎ᠠ ᠶᠢ ᠪᠦᠷᠢᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠪᠴᠠᠭᠠᠨ ᠤ ᠡᠷᠬᠡ ᠶᠢ ᠦᠨᠡᠨ ᠬᠦ ᠴᠢᠬᠤᠯᠠᠴᠢᠯᠠᠨ ᠰᠠᠶᠢᠲᠤᠷ ᠬᠠᠮᠠᠭᠠᠯᠠᠵᠤ᠂ ᠡᠯ᠎ᠡ ᠲᠦᠷᠦᠯ ᠤᠨ ᠪᠡᠯᠡ ᠲᠤᠬᠢᠷᠠᠭᠤᠯᠭ᠎ᠠ ᠶᠢᠨ ᠪᠡᠯᠡ ᠣᠷᠣᠭᠤᠯᠤᠯᠲᠠ ᠣᠨᠣᠪᠴᠢᠲᠠᠢ᠂ ᠲᠦᠷᠭᠡᠨ᠂ ᠣᠯᠠᠨ ᠪᠦᠭᠡᠳ ᠣᠷᠣᠯᠭ᠎ᠠ ᠠᠪᠴᠢᠷᠠᠬᠤ ᠪᠠᠷ ᠲᠡᠮᠡᠴᠡᠨ᠎ᠡ︔ ᠴᠢᠬᠤᠯᠠ ᠪᠠᠯᠠ ᠲᠣᠬᠢᠷᠠᠭᠤᠯᠤᠯᠲᠠ ᠶᠢᠨ ᠵᠣᠯᠭᠠᠯᠲᠠ ᠶᠢ ᠮᠥᠷᠳᠡᠨ ᠨᠠᠶᠢᠳᠠᠪᠤᠷᠢᠵᠢᠭᠤᠯᠬᠤ ᠶᠢ ᠱᠠᠳᠤ ᠳᠠᠷᠠᠭᠠᠯᠠᠨ ᠴᠢᠩᠭᠠᠳᠬᠠᠵᠤ᠂ ᠪᠡᠯᠡ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠬᠤ ᠳᠤᠮᠳᠠᠬᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠤ᠂ ᠪᠡᠯᠡ ᠲᠣᠬᠢᠷᠠᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠ ᠲᠥᠷᠥᠯ ᠵᠦᠢᠯ ᠤᠨ ᠭᠡᠷ᠎ᠡ ᠲᠣᠭᠲᠠᠭᠰᠠᠨ ᠡᠭᠡ ᠲᠠᠩᠰᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠦ᠂ ᠨᠡᠶᠢᠲᠡᠯᠡᠵᠦ᠂ ᠠᠬᠢᠴᠠ ᠶᠢᠨ ᠪᠠᠶᠢᠳᠠᠯ ᠢ ᠳ᠋ᠦᠩᠨᠡᠵᠦ᠂ ᠪᠠᠯᠠ ᠲᠣᠬᠢᠷᠠᠭᠤᠯᠤᠯᠲᠠ ᠶᠢ ᠵᠣᠯᠭᠠᠭᠤᠯᠬᠤ ᠦᠷ᠎ᠡ ᠳ᠋ᠦᠩ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠣᠶᠢᠯᠠᠭᠠᠭᠰᠠᠠ ᠢᠶᠠᠷ᠂ 2016 ᠣᠨ ᠳᠤ᠂ ᠪᠦᠬᠦ ᠣᠷᠣᠨ ᠭᠤᠣᠯᠳᠠᠯᠭ᠎ᠠ ᠲᠠᠢ ᠲᠦᠷᠦᠯ ᠵᠦᠢᠯ ᠤᠨ ᠲᠠᠨᠢᠯᠴᠠᠭᠤᠯᠭ᠎ᠠ ᠂ ᠲᠣᠣᠷ ᠰᠦᠯᠵᠢᠶ᠎ᠡ ᠶᠢᠨ ᠵᠣᠯᠭᠠᠯᠲᠠ᠂ ᠬᠤᠷᠠᠯ ᠤᠨ ᠵᠣᠯᠭᠠᠯᠲᠠ᠂ ᠣᠷᠣᠨ ᠪᠦᠰᠡ ᠶᠢᠨ ᠵᠣᠯᠭᠠᠯᠲᠠ᠂ ᠲᠤᠰᠬᠠᠶ ᠲᠠᠯᠠᠪᠠᠢ ᠶᠢᠨ ᠵᠣᠯᠭᠠᠯᠲᠠ᠂ ᠲᠤᠰᠬᠠᠶᠢᠯᠠᠭᠰᠠᠠ ᠠᠶᠢᠯᠴᠢᠯᠠᠯᠲᠠ᠂ ᠭᠡᠷ᠎ᠡ ᠲᠣᠭᠲᠠᠬᠤ ᠬᠠᠮᠲᠤᠷᠠᠯᠴᠠᠭ᠎ᠠ ᠵᠡᠷᠭᠡ ᠠᠷᠭ᠎ᠠ ᠬᠡᠯᠪᠡᠷᠢ ᠪᠣᠯᠣᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠭᠤᠣᠯᠳᠠᠯᠭ᠎ᠠ ᠲᠠᠢ ᠴᠢᠬᠤᠯᠠ ᠶᠡᠭᠡ ᠲᠥᠷᠥᠯ ᠵᠦᠢᠯ ᠢ 498 ᠲᠠᠨᠢᠯᠴᠠᠭᠤᠯᠵᠤ᠂ ᠪᠥᠬᠦ ᠣᠷᠣᠨ ᠳᠤ ᠡᠯ᠎ᠡ ᠲᠥᠷᠥᠯ ᠎ ᠤᠨ ᠪᠡᠯᠡ ᠲᠤᠬᠢᠷᠠᠭᠤᠯᠭ᠎ᠠ ᠶᠢᠨ ᠲᠥᠷᠥᠯ ᠵᠦᠢᠯ ᠤᠨ ᠭᠡᠷ᠎ᠡ ᠶᠢ ᠨᠡᠶᠢᠲᠡ 1300 ᠭᠠᠷᠤᠶ ᠲᠣᠭᠲᠠᠵᠤ᠂ ᠣᠨ ᠤ ᠪᠡᠯᠡ ᠲᠣᠬᠢᠷᠠᠭᠤᠯᠬᠤ ᠰᠠᠨᠠᠮᠵᠢ 6500 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠲᠦᠷᠦᠯ ᠤᠨ ᠪᠡᠯᠡ ᠲᠤᠬᠢᠷᠠᠭᠤᠯᠭ᠎ᠠ ᠶᠢ 5171 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠣᠷᠣᠨ ᠤ ᠪᠠᠯᠠ ᠲᠣᠬᠢᠷᠠᠭᠤᠯᠤᠯᠲᠠ ᠶᠢ ᠵᠣᠯᠭᠠᠭᠤᠯᠬᠤ ᠠᠵᠢᠯ ᠢᠯᠡᠳᠲᠡ ᠠᠮᠵᠢᠯᠲᠠ ᠪᠦᠲᠦᠮᠵᠢ ᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号