ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠨᠢ ᠬᠥᠬᠡᠬᠤᠲᠠ ᠪᠣᠭᠤᠮᠲᠠ ᠎ ᠯᠤᠭ᠎ᠠ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2017/3/29
     3 ᠳ᠋ᠤᠭᠠᠷ ᠰᠠᠷ᠎ᠠ ᠶᠢᠨ 27᠎ ᠤ ᠡᠳᠦᠷ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠨᠢ ᠬᠥᠬᠡᠬᠤᠲᠠ ᠪᠣᠭᠤᠮᠲᠠ ᠯᠤᠭ᠎ᠠ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠢᠵᠦ᠂ ︽ᠭᠤᠷᠪᠠᠨ ᠲᠠᠯ᠎ᠠ ᠪᠠᠷ ᠬᠠᠷᠢᠯᠴᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ︽ᠳᠠᠩ ᠭᠠᠭᠴᠠ ᠴᠣᠩᠬᠤᠪᠴᠢ︾᠎ ᠶᠢᠨ ᠪᠠᠶᠢᠭᠤᠯᠤᠯᠲᠠ ᠶᠢ ᠠᠬᠢᠭᠤᠯᠬᠤ᠂ ᠪᠣᠭᠤᠮᠲᠠ ᠥᠩᠭᠡᠷᠡᠬᠦ ᠳᠤ ᠳᠦᠭᠦᠮ ᠦᠵᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢᠨ ᠲᠠᠯ᠎ᠠ ᠪᠠᠷ ᠰᠠᠨᠠᠯ ᠢᠶᠠᠨ ᠨᠢᠭᠡᠳᠬᠡᠪᠡ᠃ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ ᠳᠠᠷᠤᠭ᠎ᠠ ᠵᠠᠨ ᠱᠣᠣ ᠲᠦᠩ᠂ ᠳᠡᠳ᠋ ᠳᠠᠷᠤᠭ᠎ᠠ ᠭᠤᠣ ᠮᠢᠩ ᠶᠠᠨ᠂ ᠬᠥᠬᠡᠬᠤᠲᠠ ᠪᠣᠭᠤᠮᠲᠠ ᠶᠢᠨ ᠳᠠᠷᠤᠭ᠎ᠠ ᠸᠠᠩ ᡁᠢ᠂ ᠳᠡᠳ᠋ ᠳᠠᠷᠤᠭ᠎ᠠ ᠶᠠᠩ ᠯᠢᠶᠠᠩ ᠶᠦᠩ ᠵᠢᠴᠢ ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠪᠠ᠃ ᠬᠤᠶᠠᠷ ᠲᠠᠯ᠎ᠠ ᠪᠠᠷ ᠢᠶᠠᠨ ᠪᠣᠭᠤᠮᠲᠠ ᠶᠢᠨ ᠪᠠᠶᠢᠴᠠᠭᠠᠯᠲᠠ ᠶᠢᠨ ︽ᠭᠤᠷᠪᠠᠨ ᠲᠠᠯ᠎ᠠ ᠪᠠᠷ ᠬᠠᠷᠢᠯᠴᠠᠬᠤ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠦᠬᠦ ᠪᠣᠭᠤᠮᠲᠠ᠂ ᠪᠦᠬᠦ ᠵᠠᠮ ᠳᠤ ᠠᠶᠠᠨᠴᠢᠳ ᠢ ᠪᠠᠶᠢᠴᠠᠭᠠᠬᠤ ᠲᠤᠬᠠᠢ ᠶᠢᠨ ᠭᠠᠵᠠᠷ ᠤᠨ ᠪᠣᠭᠤᠮᠲᠠ ᠶᠢᠨ ᠪᠠᠶᠢᠴᠠᠭᠠᠯᠲᠠ ᠶᠢᠨ ︽ᠨᠢᠭᠡ ᠮᠠᠰᠢᠨ ᠨᠢᠭᠡ ᠳᠡᠯᠭᠡᠴᠡ ᠨᠢᠭᠡ ᠳᠠᠪᠴᠠᠩ︾ ᠪᠣᠯᠣᠨ ᠵᠢᠭᠤᠯᠴᠢᠯᠠᠯ ᠠᠷᠠᠯᠵᠢᠶᠠᠨ ᠤ ᠪᠠᠶᠢᠴᠠᠭᠠᠯᠲᠠ ᠶᠢᠨ ᠲᠤᠬᠠᠶ ᠶᠢᠨ ᠭᠠᠵᠠᠷ ᠶᠢᠨ ︽ᠨᠢᠭᠡ ᠯᠡ ᠥᠷᠲᠡᠭᠡᠨ ᠬᠡᠯᠪᠡᠷᠢ︾᠎ ᠶᠢᠨ ᠪᠠᠶᠢᠴᠠᠭᠠᠨ ᠰᠢᠯᠭᠠᠬᠤ ᠲᠣᠭᠲᠠᠴᠠ ᠶᠢ ᠳᠡᠯᠭᠡᠷᠡᠭᠦᠯᠵᠦ᠂ ᠪᠠᠷᠠᠭ᠎ᠠ ᠪᠠᠶᠢᠴᠠᠭᠠᠨ ᠰᠢᠯᠭᠠᠬᠤ ᠳᠤ ︽ᠭᠠᠵᠠᠷ ᠲᠠᠯᠠᠪᠤᠷ ᠢ ᠬᠠᠮᠲᠤ ᠪᠠᠷ ᠬᠡᠷᠡᠭᠯᠡᠬᠦ᠂ ᠬᠡᠮᠵᠢᠭᠦᠷ ᠪᠠᠭᠠᠵᠢ ᠶᠢ ᠬᠠᠮᠲᠤ ᠪᠠᠷ ᠬᠡᠷᠡᠭᠯᠡᠬᠦ᠂ ᠬᠦᠨᠳᠦᠴᠡ ᠶᠢ ᠰᠢᠯᠭᠠᠭᠰᠠᠨ ᠦᠷ᠎ᠡ ᠳ᠋ᠦᠩ ᠢ ᠬᠠᠮᠲᠤ ᠬᠡᠷᠡᠭᠯᠡᠬᠦ︾ ᠬᠡᠪ ᠵᠠᠭᠪᠤᠷ ᠢ ᠬᠠᠶᠢᠨ ᠰᠦᠪᠡᠭᠴᠢᠯᠡᠨ ᠳᠡᠯᠭᠡᠷᠡᠭᠦᠯᠵᠦ᠂ ᠬᠠᠭᠤᠷᠠᠶ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠪᠠᠷᠠᠭᠠᠨ ᠤ ᠦᠢᠯᠡᠳᠦᠯᠭᠡ ᠳᠤ ᠲᠣᠬᠢᠷᠠᠭᠰᠠᠨ ︽ᠭᠤᠷᠪᠠᠨ ᠲᠠᠯ᠎ᠠ ᠪᠠᠷ ᠬᠠᠷᠢᠯᠴᠠᠬᠤ︾ ᠥᠭᠡᠷᠡᠴᠢᠯᠡᠯᠲᠡ ᠶᠢᠨ ᠬᠡᠪ ᠮᠠᠶ᠋ᠢᠭ ᠢ ᠴᠣᠭᠴᠠᠯᠠᠨ᠎ᠠ ᠭᠡᠵᠦ ᠵᠥᠪᠳᠡᠯᠴᠡᠵᠡᠢ᠃ ᠬᠤᠶᠠᠷ ᠲᠠᠯ᠎ᠠ ᠪᠠᠷ ᠢᠶᠠᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠲᠤᠰ ᠲᠤᠰ ᠤᠨ ᠮᠡᠳᠡᠭᠡ ᠵᠠᠩᠭᠢ ᠶᠢᠨ ᠲᠠᠪᠴᠠᠩ ᠤᠨ ᠡᠬᠢ ᠪᠠᠶᠠᠯᠢᠭ ᠢ ᠬᠠᠮᠲᠤ ᠪᠠᠷ ᠬᠦᠷᠲᠡᠵᠦ᠂ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠦᠵᠦᠭᠦᠷ ᠭᠠᠷᠴᠠ ᠶᠢ ᠬᠠᠷᠢᠯᠴᠠᠨ ᠴᠢᠯᠥᠭᠡᠲᠡᠶ ᠲᠠᠯᠪᠢᠵᠤ᠂ e-CIQ ᠭᠤᠣᠯ ᠱᠤᠭᠤᠮ ᠤᠨ ᠰᠢᠰᠲ᠋ᠧᠮ ᠢ ᠠᠰᠢᠭᠯᠠᠯᠲᠠ ᠳᠤ ᠣᠷᠣᠭᠤᠯᠬᠤ᠂ ︽ᠣᠶᠣᠨᠴᠢ ᠪᠠᠶᠢᠴᠠᠭᠠᠯᠲᠠ ᠥᠪᠥᠷ ᠮᠣᠩᠭᠤᠯ︾ ᠪᠣᠯᠣᠨ ᠪᠣᠭᠤᠮᠲᠠ ᠶᠢᠨ ︽ᠤᠶᠤᠨᠲᠤ ᠬᠤᠷᠢᠭ᠎ᠠ︾᠎ ᠶᠢᠨ ᠪᠠᠶᠢᠭᠤᠯᠤᠯᠲᠠ ᠪᠠᠷ ᠲᠣᠬᠢᠶᠠᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠤᠳᠤ ᠪᠠᠶᠢᠭ᠎ᠠ ᠡᠯᠧᠺᠲᠷᠣᠨ ᠲᠠᠪᠴᠠᠩ ᠢ ᠠᠰᠢᠭᠯᠠᠵᠤ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠳᠠᠩ ᠭᠠᠭᠴᠠ ᠴᠣᠩᠬᠤᠪᠴᠢ︾᠎ ᠶᠢᠨ ᠪᠠᠶᠢᠭᠤᠯᠤᠯᠲᠠ ᠶᠢᠨ ᠠᠬᠢᠴᠠ ᠶᠢ ᠬᠠᠮᠲᠤᠪᠠᠷ ᠲᠦᠯᠬᠢᠨ ᠠᠬᠢᠭᠤᠯᠬᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠪᠠᠰᠠ ᠤᠬᠠᠭᠤᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠵᠡᠷᠭᠡ ᠠᠭᠤᠯᠭ᠎ᠠ ᠶᠢᠨ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号