ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠠᠴᠠ | ᠤᠶᠢᠯᠠᠭᠠᠭᠰᠠᠨ ᠢᠶᠠᠷ᠂ ᠮᠠᠯ ᠳᠤ ᠬᠡᠷᠡᠭᠯᠡᠬᠦ ᠪᠠᠺᠲ᠋ᠧᠷᠢ ᠲᠠᠷᠤᠬᠤ ᠡᠮ ᠵᠢᠴᠢ ᠪᠤᠰᠤᠳ ᠮᠠᠯ ᠤᠨ ᠡᠮ ᠤᠨ ᠬᠢᠨᠠᠨ | ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠯ ᠳᠤ ᠬᠡᠷᠡᠭᠯᠡᠬᠦ ᠪᠠᠺᠲ᠋ᠧᠷᠢ ᠲᠠᠷᠤᠬᠤ ᠡᠮ ᠢ ᠰᠢᠨᠵᠢᠯᠡᠬᠦ | ᠤᠬᠠᠭᠠᠨᠴᠢ ᠲᠦᠷᠢᠮᠵᠢᠭᠦᠨ ᠬᠡᠷᠡᠭᠯᠡᠬᠦ ᠬᠢᠷᠢ ᠲᠦᠪᠰᠢᠨ ᠢ ᠲᠡᠭᠡᠭᠰᠢᠯᠡᠭᠦᠯᠦᠨ᠂ ᠮᠠᠯ ᠤᠨ ᠠᠰᠢᠭ ᠰᠢᠮ᠎ᠡ ᠶᠢᠨ | ᠪᠦᠳᠦᠭᠡᠭᠳᠡᠭᠦᠨ ᠤ ᠶᠠᠰᠤ ᠴᠢᠨᠠᠷ ᠠᠮᠤᠷ ᠲᠦᠪᠰᠢᠨ ᠢ ᠪᠠᠳᠤᠯᠠᠬᠤ᠂ ᠠᠷᠠᠳ ᠤᠯᠠᠨ ᠲᠦᠮᠡᠨ ᠤ ᠪᠡᠶ᠎ᠠ ᠮᠠᠬᠠᠪᠤᠳ ᠤᠨ | ᠡᠷᠡᠭᠦᠯ ᠮᠡᠨᠳᠦ ᠶᠢ ᠪᠠᠳᠤᠯᠠᠬᠤ ᠶᠢᠨ ᠲᠦᠯᠦᠭᠡ ᠮᠠᠨ ᠤ ᠤᠷᠤᠨ 3 ᠳ᠋ᠤᠭᠠᠷ ᠰᠠᠷ᠎ᠠ ᠠᠴᠠ ᠡᠬᠢᠯᠡᠨ ᠪᠦᠬᠦ ᠤᠷᠤᠨ ᠤ | ᠬᠡᠪᠴᠢᠶᠡᠨ ᠳᠤ ᠮᠠᠯ ᠳᠤ ᠬᠡᠷᠡᠭᠯᠡᠬᠦ ᠪᠠᠺᠲ᠋ᠧᠷᠢ ᠲᠠᠷᠤᠬᠤ ᠡᠮ ᠢ ᠲᠤᠷ᠎ᠠ ᠪᠠᠷ ᠢᠶᠠᠨ ᠬᠡᠷᠡᠭᠯᠡᠬᠦ ᠵᠢᠴᠢ ᠬᠠᠤᠯᠢ ᠪᠤᠰᠤ | ᠬᠠᠭᠤᠷᠮᠠᠬ ᠮᠠᠯ ᠤᠨ ᠡᠮ ᠢ ᠶᠡᠷᠦᠩᠭᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ᠃ | ᠲᠤᠰ ᠤᠳᠠᠭ᠎ᠠ ᠶᠢᠨ ᠴᠡᠭᠴᠡᠯᠡᠨ ᠵᠠᠰᠠᠬᠤ ᠠᠵᠢᠯᠯᠠᠭ᠎ᠠ ᠨᠢ ᠮᠠᠯ ᠤᠨ ᠡᠮ ᠤᠨ ᠦᠢᠯᠡᠳᠪᠦᠷᠢᠯᠡᠯ ᠤᠨ | ᠭᠤᠭᠴᠤᠭ᠎ᠠ᠂ ᠮᠠᠯ ᠤᠨ ᠡᠮ ᠤᠨ ᠡᠵᠡᠩᠨᠡᠯᠳᠡ ᠶᠢᠨ ᠭᠤᠭᠴᠤᠭ᠎ᠠ ᠪᠠ ᠲᠡᠵᠢᠭᠡᠨ ᠦᠷᠡᠵᠢᠭᠦᠯᠬᠦ ᠭᠤᠭᠴᠤᠭ᠎ᠠ ᠳᠤ ᠡᠮ | ᠬᠡᠷᠡᠭᠯᠡᠬᠦ ᠶᠢ ᠬᠢᠨᠠᠨ ᠬᠠᠮᠢᠶᠠᠷᠬᠤ ᠵᠢᠴᠢ ᠪᠠᠺᠲ᠋ᠧᠷᠢ ᠲᠠᠷᠤᠬᠤ ᠡᠮ ᠤᠨ ᠦᠯᠡᠳᠡᠭᠳᠡᠯ ᠢ ᠬᠢᠨᠠᠨ ᠬᠡᠮᠵᠢᠬᠦ ᠶᠢ ᠤᠯᠠᠮ ᠨᠢᠭᠡ | ᠠᠯᠬᠤᠮ ᠴᠢᠩᠭᠠᠳᠬᠠᠵᠤ᠂ ᠪᠦᠬᠦ ᠤᠷᠤᠨ ᠤ ᠮᠠᠯ ᠵᠢᠭᠦᠷᠳᠡᠨ ᠢ ᠲᠡᠵᠢᠭᠡᠨ ᠦᠷᠡᠵᠢᠭᠦᠯᠬᠦ ᠭᠤᠤᠯ ᠭᠠᠷᠤᠯᠳᠠ ᠶᠢᠨ | ᠤᠷᠤᠨ᠂ ᠮᠠᠯ ᠵᠢᠭᠦᠷᠳᠡᠨ ᠤ ᠪᠦᠳᠦᠭᠡᠭᠳᠡᠭᠦᠨ ᠢ ᠦᠢᠯᠡᠳᠪᠦᠷᠢᠯᠡᠵᠦ ᠡᠳ᠋ᠰᠢᠭᠦᠯᠦᠨ ᠪᠤᠯᠪᠠᠰᠤᠷᠠᠭᠤᠯᠬᠤ ᠭᠤᠤᠯ | ᠭᠠᠷᠤᠯᠳᠠ ᠶᠢᠨ ᠤᠷᠤᠨ᠂ ᠤᠰᠤᠨ ᠤ ᠭᠠᠷᠤᠯᠳᠠ ᠶᠢ ᠲᠡᠵᠢᠭᠡᠨ ᠦᠷᠡᠵᠢᠭᠦᠯᠬᠦ ᠭᠤᠤᠯ ᠭᠠᠷᠤᠯᠳᠠ ᠶᠢᠨ ᠤᠷᠤᠨ ᠵᠡᠷᠭᠡ | ᠤᠷᠤᠨ ᠪᠦᠰᠡ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠬᠦᠳᠡᠭᠡ ᠠᠵᠤ ᠠᠬᠤᠢ ᠶᠢᠨ ᠶᠠᠮᠤᠨ ᠤ ᠵᠦᠪᠰᠢᠶᠡᠷᠡᠯ | ᠦᠭᠡᠢ ᠪᠠᠷ ᠬᠡᠷᠡᠭᠯᠡᠭᠰᠡᠨ ᠮᠠᠯ ᠳᠤ ᠬᠡᠷᠡᠭᠯᠡᠬᠦ ᠪᠠᠺᠲ᠋ᠧᠷᠢ ᠲᠠᠷᠤᠬᠤ ᠡᠮ ᠵᠢᠴᠢ ᠬᠦᠳᠡᠭᠡ ᠠᠵᠤ ᠠᠬᠤᠢ ᠶᠢᠨ ᠶᠠᠮᠤᠨ ᠤ | 193 ᠳ᠋ᠤᠭᠠᠷ ᠲᠤᠭᠠᠲᠤ᠂ 560 ᠳ᠋ᠤᠭᠠᠷ ᠲᠤᠭᠠᠲᠤ ᠠᠯᠪᠠᠨ ᠵᠠᠷ ᠲᠤ ᠨᠡᠶᠢᠲᠡᠯᠡᠭᠰᠡᠨ ᠴᠠᠭᠠᠵᠠ ᠲᠠᠢ ᠮᠠᠯ ᠤᠨ ᠡᠮ᠂ | ᠬᠦᠳᠡᠭᠡ ᠠᠵᠤ ᠠᠬᠤᠢ ᠶᠢᠨ ᠶᠠᠮᠤᠨ ᠤ ᠨᠡᠶᠢᠲᠡᠯᠡᠭᠰᠡᠨ ᠮᠠᠯ ᠳᠤ ᠬᠡᠷᠡᠭᠯᠡᠬᠦ ᠬᠠᠭᠤᠷᠮᠠᠭ ᠪᠠᠺᠲ᠋ᠧᠷᠢ ᠲᠠᠷᠤᠬᠤ ᠡᠮ᠂ | ᠱᠤᠰᠢᠭ᠎ᠠ ᠪᠤᠯᠤᠨ ᠲᠤᠲᠤᠷᠬᠠᠶᠢᠯᠠᠯᠲᠠ ᠲᠤᠳᠤᠷ᠎ᠠ ᠨᠢ ᠪᠦᠷᠢᠯᠳᠦᠭᠦᠨ᠂ ᠨᠤᠷᠮ᠎ᠠ᠂ ᠬᠡᠷᠡᠭᠯᠡᠬᠦ ᠠᠷᠭ᠎ᠠ᠂ ᠬᠡᠷᠡᠭᠯᠡᠬᠦ | ᠬᠡᠮᠵᠢᠶ᠎ᠠ ᠵᠢᠴᠢ ᠲᠤᠬᠢᠷᠠᠯᠴᠠᠬᠤ ᠬᠡᠮ ᠵᠡᠷᠭᠡ ᠶᠢ ᠨᠢ ᠲᠤᠷ᠎ᠠ ᠪᠠᠷ ᠦᠭᠡᠷᠡᠴᠢᠯᠡᠭᠰᠡᠨ ᠮᠠᠯ ᠳᠤ ᠬᠡᠷᠡᠭᠯᠡᠬᠦ ᠪᠠᠺᠲ᠋ᠧᠷᠢ | ᠲᠠᠷᠤᠬᠤ ᠡᠮ ᠵᠡᠷᠭᠡ ᠪᠦᠳᠦᠭᠡᠭᠳᠡᠭᠦᠨ ᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠠ᠃ | ᠶᠡᠷᠦᠩᠭᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ 11 ᠳ᠋ᠤᠭᠡᠷ ᠰᠠᠷ᠎ᠠ ᠪᠤᠯᠳᠠᠯ᠎ᠠ ᠶᠠᠪᠤᠭᠳᠠᠨ᠎ᠠ᠃ ᠲᠤᠰᠬᠠᠢ | ᠲᠦᠷᠦᠯ ᠢᠶᠠᠷ ᠴᠡᠭᠴᠡᠯᠡᠨ ᠵᠠᠰᠠᠬᠤ ᠪᠠᠷ ᠲᠠᠮᠵᠢᠨ᠂ ᠮᠠᠯ ᠳᠤ ᠬᠡᠷᠡᠭᠯᠡᠬᠦ ᠪᠠᠺᠲ᠋ᠧᠷᠢ ᠲᠠᠷᠤᠬᠤ ᠡᠮ ᠤᠨ ᠶᠠᠰᠤ ᠴᠢᠨᠠᠷ ᠤᠨ | ᠬᠢᠷᠢ ᠲᠡᠩᠴᠡᠯᠳᠡ ᠶᠢᠨ ᠨᠤᠷᠮ᠎ᠠ ᠶᠢ 97% ᠠᠴᠠ ᠲᠡᠭᠡᠭᠰᠢ ᠳᠤ ᠬᠦᠷᠭᠡᠵᠦ᠂ ᠮᠠᠯ ᠤᠨ ᠠᠰᠢᠭ ᠰᠢᠮ᠎ᠡ ᠶᠢᠨ | ᠪᠦᠳᠦᠭᠡᠭᠳᠡᠭᠦᠨ ᠳᠠᠬᠢ ᠮᠠᠯ ᠤᠨ ᠡᠮ ᠤᠨ ᠦᠯᠡᠳᠡᠭᠳᠡᠯ ᠢ ᠬᠢᠨᠠᠨ ᠬᠡᠮᠵᠢᠭᠡᠳ ᠬᠢᠷᠢ ᠲᠡᠩᠴᠡᠬᠦ ᠨᠤᠷᠮ᠎ᠠ ᠶᠢ | 97% ᠠᠴᠠ ᠲᠡᠭᠡᠭᠰᠢ ᠳᠤ ᠬᠦᠷᠭᠡᠨ᠂ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠶᠢᠨ ᠰᠦᠪᠡᠭᠴᠢ ᠶᠢ | ᠰᠢᠢᠳᠪᠦᠷᠢᠯᠡᠬᠦ ᠨᠤᠷᠮ᠎ᠠ ᠶᠢ 100% ᠳᠤ ᠬᠦᠷᠭᠡᠨ᠂ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠶᠢᠨ ᠬᠡᠷᠡᠭ ᠤᠨ | ᠮᠡᠳᠡᠭᠡ ᠵᠠᠩᠭᠢ ᠶᠢ ᠢᠯᠡ ᠨᠡᠶᠢᠲᠡᠯᠡᠬᠦ ᠨᠤᠷᠮ᠎ᠠ ᠶᠢ 100% ᠳᠤ ᠬᠦᠷᠭᠡᠨ᠎ᠠ᠃ |