ᠪᠦᠬᠦ ᠣᠷᠣᠨ ᠤ ᠰᠣᠶᠣᠯ ᠤᠨ ᠰᠢᠰᠲ᠋ᠧᠮ ᠤᠨ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2017/3/31
      3 ᠳ᠋ᠤᠭᠠᠷ ᠰᠠᠷ᠎ᠠ ᠶᠢᠨ 30᠎ ᠤ ᠡᠳᠦᠷ᠂ ᠪᠦᠬᠦ ᠣᠷᠣᠨ ᠤ ᠰᠣᠶᠣᠯ ᠤᠨ ᠰᠢᠰᠲ᠋ᠧᠮ ᠤᠨ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠶᠣᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠲᠦᠩ ᠭᠦᠸᠧ ᠴᠢᠩ ᠴᠢᠬᠤᠯᠠᠴᠢᠯᠠᠭᠰᠠᠨ ᠨᠢ᠂ ᠪᠦᠬᠦ ᠣᠷᠣᠨ ᠤ ᠰᠣᠶᠣᠯ ᠤᠨ ᠰᠢᠰᠲ᠋ᠧᠮ ᠠᠷᠠᠳ ᠲᠦᠮᠡᠨ ᠤ ᠠᠰᠢᠭ ᠲᠤᠰᠠ ᠶᠢ ᠢᠮᠠᠭᠲᠠ ᠰᠡᠳᠬᠢᠯ ᠳᠤ ᠪᠠᠨ ᠪᠣᠳᠤᠵᠤ᠂ ᠠᠰᠠᠭᠤᠳᠠᠯ ᠢ ᠰᠢᠢᠳᠪᠦᠷᠢᠯᠡᠬᠦ ᠤᠬᠠᠮᠰᠠᠷ ᠢ ᠲᠠᠷᠢᠬᠢᠨ ᠳᠤ ᠪᠠᠨ ᠲᠤᠩᠭᠠᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠠᠷ ᠲᠠᠭᠠᠨ ᠠᠳᠬᠤᠵᠤ᠂ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠡᠨᠡ ᠵᠢᠯ ᠤᠨ 9 ᠳ᠋ᠤᠭᠡᠷ ᠰᠠᠷ᠎ᠠ ᠠᠴᠠ ᠡᠮᠦᠨ᠎ᠡ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠠᠴᠠ ᠨᠠᠰᠢᠬᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ  ᠦᠨᠡᠨᠬᠦ ᠪᠠᠲᠤᠯᠠᠬᠤ ᠬᠡᠷᠡᠭᠲᠡᠶ ᠬᠡᠪᠡ᠃      ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠶᠡᠷᠦᠩᠬᠡᠶ ᠲᠤᠬᠢᠷᠠᠭᠤᠯᠤᠯᠲᠠ ᠶᠢ ᠦᠨᠳᠦᠰᠦᠯᠡᠨ᠂ 2017 ᠣᠨ ᠳᠤ ᠪᠦᠬᠦ ᠣᠷᠣᠨ ᠤ ᠰᠣᠶᠣᠯ ᠤᠨ ᠰᠢᠰᠲ᠋ᠧᠮ ᠤᠯᠠᠨ ᠨᠡᠶᠢᠲᠡ ᠶᠢᠨ ᠨᠣᠮ ᠤᠨ ᠰᠠᠩ ᠰᠣᠶᠣᠯ ᠤᠨ ᠣᠷᠳᠣᠨ ᠶᠡᠷᠦᠩᠭᠡᠢ ᠰᠠᠯᠪᠤᠷᠢ ᠤᠷᠳᠤᠨ ᠤ ᠳᠦᠷᠢᠮ ᠤᠨ ᠦᠬᠡᠷᠡᠴᠢᠯᠡᠯᠲᠡ᠂ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠥᠭᠡᠷᠡᠴᠢᠯᠡᠯᠲᠡ ᠪᠠ ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠵᠡᠷᠭᠡ ᠭᠤᠷᠪᠠᠨ ᠵᠦᠢᠯ ᠤᠨ ᠪᠤᠳᠠᠲᠠᠢ ᠦᠬᠡᠷᠡᠴᠢᠯᠡᠯᠲᠡ ᠶᠢᠨ ᠡᠭᠦᠷᠭᠡ ᠶᠢ ᠡᠭᠦᠷᠭᠡᠯᠡᠵᠤ ᠪᠤᠢ᠃ ︽ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢᠯ︾ ᠬᠦᠷᠴᠦ ᠢᠷᠡᠭᠰᠡᠨ ᠤ ᠲᠠᠰᠢᠷᠠᠮ ᠳᠤ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ︽ᠰᠠᠷ᠎ᠠ ᠪᠦᠷᠢ ᠲᠣᠬᠢᠷᠠᠭᠤᠯᠬᠤ᠂ ᠤᠯᠠᠷᠢᠯ ᠪᠤᠯᠭᠠᠨ ᠳᠤ ᠬᠤᠷᠢᠶᠠᠩᠭᠤᠶᠢᠯᠠᠬᠤ︾ ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ᠂ ᠦᠢᠯᠡᠳᠦᠯᠭᠡ ᠶᠢᠨ ᠣᠨᠴᠠᠯᠢᠭ ᠢ ᠳᠤᠪᠤᠶᠢᠯᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠪᠤᠯᠤᠨ᠎ᠠ᠃ ᠡᠭᠦᠨ ᠤ ᠬᠠᠮᠲᠤ᠂ ᠭᠤᠷᠪᠠᠳᠤᠭᠠᠷ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠪᠠᠶᠢᠭᠠᠳ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ ᠠᠮᠵᠢᠯᠲᠠ ᠪᠦᠲᠦᠭᠡᠯ ᠣᠯᠵᠤ ᠪᠠᠶᠢᠭ᠎ᠠ ᠪᠠᠶᠢᠳᠠᠯ ᠳᠤ ᠪᠦᠬᠦ ᠲᠠᠯ᠎ᠠ ᠪᠠᠷ ᠦᠨᠡᠯᠡᠯᠲᠡ ᠬᠢᠵᠤ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠪᠤᠯᠤᠨ᠎ᠠ᠃      ᠪᠦᠬᠦ ᠣᠷᠣᠨ ᠤ ᠰᠣᠶᠣᠯ ᠤᠨ ᠰᠢᠰᠲ᠋ᠧᠮ ᠤᠨ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠤᠷᠠᠯ ᠨᠢ ᠲᠧᠯᠸᠢᠰ ᠳ᠋ᠢᠶᠠᠩᠬᠤᠸᠠ ᠬᠤᠷᠠᠯ ᠤᠨ ᠬᠡᠯᠪᠡᠷᠢ ᠪᠠᠷ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ ᠤᠳᠤᠷᠢᠳᠤᠯᠭ᠎ᠠ᠂ ᠰᠣᠶᠣᠯ ᠤᠨ ᠲᠢᠩᠬᠢᠮ ᠤᠨ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠳ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠣᠶᠣᠯ ᠤᠨ ᠰᠢᠰᠲ᠋ᠧᠮ ᠤᠨ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠠ᠃ ᠠᠶᠢᠮᠠᠭ ᠬᠤᠳᠠ ᠶᠢᠨ ᠰᠤᠶᠤᠯ  ᠰᠤᠨᠢᠨ ᠮᠡᠳᠡᠭᠡ ᠷᠠᠳᠢᠤ᠋ ᠲᠧᠯᠸᠢᠰ ︵ᠪᠡᠶ᠎ᠡ ᠶᠢᠨ ᠲᠠᠮᠢᠷ︶᠎ ᠤᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠡᠯ᠎ᠡ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠭᠠᠵᠠᠷ ᠣᠷᠣᠨ ᠪᠣᠯᠤᠨ ᠲᠤᠷᠰᠢᠯᠲᠠ ᠶᠢᠨ ᠨᠢᠭᠡᠴᠡ ᠶᠢᠨ ᠬᠠᠷᠢᠭᠤᠴᠠᠯᠭᠠᠲᠠᠳ ᠠᠶᠢᠮᠠᠭ ᠬᠤᠲᠠ ᠶᠢᠨ ᠢᠶᠠᠨ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号