ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ 3 ᠶᠡᠭᠡ ᠬᠦᠷᠢᠶᠡᠨ ᠳᠤ ᠡᠯᠪᠡᠭ ᠳᠡᠯᠪᠡᠭ ᠦᠷ᠎ᠡ ᠪᠦᠲᠦᠭᠡᠯ ᠣᠯᠵᠠᠶ
ᠨᠡᠶᠢᠲᠡᠯᠡᠭᠰᠡᠨ ᠴᠠᠭ᠄
2017/3/31
     ᠪᠦᠬᠦ ᠤᠯᠤᠰ ᠤᠨ ᠨᠠᠢᠮᠠᠳᠤᠭᠠᠷ ᠤᠳᠠᠭᠠᠨ ᠤ ᠣᠢ ᠰᠢᠭᠤᠶ ᠶᠢᠨ ᠡᠬᠢ ᠪᠠᠶᠠᠯᠢᠭ ᠤᠨ ᠲᠤᠳᠤᠯᠤᠨ ᠪᠠᠶᠢᠴᠠᠭᠠᠯᠲᠠ ᠬᠢᠭᠰᠡᠨ ᠦᠷ᠎ᠡ ᠳ᠋ᠦᠩ ᠠᠴᠠ ᠦᠵᠡᠪᠡᠯ᠂ ᠥᠪᠥᠷ ᠮᠣᠩᠭᠤᠯ ᠤᠨ ᠣᠶ ᠰᠢᠭᠤᠶ ᠶᠢᠨ ᠲᠠᠯᠠᠪᠠᠶ ᠪᠣᠯᠤᠨ ᠬᠠᠳᠠᠭᠠᠯᠠᠭᠳᠠᠴᠠ ᠶᠢᠨ ᠬᠡᠮᠵᠢᠶ᠎ᠡ ᠨᠢ ︽ᠬᠤᠣᠰ ᠨᠡᠮᠡᠭᠳᠡᠯ︾᠎ ᠢ ᠪᠡᠶᠡᠯᠡᠭᠦᠯᠵᠦ᠂ ᠣᠶ ᠰᠢᠭᠤᠶ ᠶᠢᠨ ᠲᠠᠯᠠᠪᠠᠶ 3.73 ᠳ᠋ᠦᠩᠰᠢᠭᠤᠷ ᠮᠥ ᠳᠤ ᠬᠦᠷᠴᠦ᠂ ᠪᠦᠬᠦ ᠤᠯᠤᠰ ᠲᠤ ᠤᠷᠤᠶᠢᠯᠠᠪᠠ︔ ᠤᠷᠭᠤᠭ᠎ᠠ ᠮᠣᠳᠣᠨ ᠤ ᠬᠠᠳᠠᠭᠠᠯᠠᠭᠳᠠᠴᠠ ᠶᠢᠨ ᠬᠡᠮᠵᠢᠶ᠎ᠡ 1.23 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠨᠡᠮᠡᠭᠳᠡᠵᠦ᠂ ᠤᠢ ᠰᠢᠭᠤᠶ ᠶᠢᠨ ᠪᠦᠷᠬᠦᠴᠡ ᠶᠢᠨ ᠨᠤᠷᠮ᠎ᠠ 21.03%᠎ ᠳᠤ ᠬᠦᠷᠪᠡ᠃ ᠤᠳᠤᠬᠠᠨ᠎ᠠ᠂ ᠪᠦᠬᠦ ᠣᠷᠣᠨ ᠤ 5 ᠶᠡᠭᠡ ᠡᠯᠡᠰᠦᠨ ᠴᠥᠯ ᠤᠨ ᠡᠷᠬᠢᠨ ᠲᠣᠭᠤᠷᠢᠨ ᠤ ᠭᠤᠣᠯᠳᠠᠯᠭ᠎ᠠ ᠲᠠᠢ ᠵᠠᠰᠠᠬᠤ ᠣᠷᠣᠨ ᠤ ᠡᠯᠡᠰᠦᠨ ᠴᠥᠯ ᠥᠷᠭᠡᠳᠬᠡᠬᠦ ᠦᠵᠡᠭᠳᠡᠯ ᠬᠤᠷᠢᠭᠯᠠᠭᠳᠠᠵᠤ᠂ ᠰᠠᠯᠬᠢ ᠡᠯᠡᠰᠦᠨ ᠤ ᠬᠤᠣᠷ ᠬᠦᠨᠦᠭᠡᠯ ᠤᠨ ᠲᠠᠯᠠᠪᠠᠢ 2.6 ᠳ᠋ᠦᠩᠰᠢᠭᠤᠷ ᠮᠥ ᠪᠣᠯᠤᠨ ᠬᠥᠷᠥᠰᠥ ᠰᠢᠷᠣᠶ ᠶᠢᠨ ᠢᠳᠡᠭᠳᠡᠯ ᠤᠨ ᠲᠠᠯᠠᠪᠠᠢ 1.9 ᠳ᠋ᠦᠩᠰᠢᠭᠤᠷ ᠮᠦ ᠠᠩᠬ᠎ᠠ ᠠᠯᠬᠤᠮ ᠵᠠᠰᠠᠯᠲᠠ ᠤᠯᠵᠤ᠂ 8000 ᠲᠦᠮᠡᠨ ᠮᠦ ᠲᠠᠷᠢᠶᠠᠨ ᠭᠠᠵᠠᠷ᠂ 1.5 ᠳ᠋ᠦᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠤᠢ ᠶᠢᠨ ᠲᠣᠣᠷᠵᠢᠭᠤᠯᠤᠯ ᠤᠨ ᠬᠠᠮᠠᠭᠠᠯᠠᠯᠲᠠ ᠲᠠᠢ ᠪᠤᠯᠵᠠᠢ᠃ ᠡᠭᠦᠨ ᠤ ᠵᠡᠷᠭᠡᠴᠡᠭᠡᠪᠡᠷ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠪᠠ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠮᠠᠨ ᠤ ᠣᠷᠣᠨ ᠨᠣᠭᠤᠭᠠᠨ ᠪᠤᠯᠭᠠᠬᠤ᠂ ᠰᠠᠶᠢᠬᠠᠨ ᠪᠣᠯᠭᠠᠬᠤ᠂ ᠪᠠᠶᠠᠵᠢᠭᠤᠯᠬᠤ ᠣᠷᠭᠠᠨᠢᠭ ᠨᠢᠭᠡᠳᠦᠯ ᠢ ᠪᠡᠶᠡᠯᠡᠭᠦᠯᠪᠡ᠃      ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠥᠪᠥᠷ ᠮᠣᠩᠭᠤᠯ ᠤᠨ ᠥᠷᠭᠡᠨ ᠠᠭᠤᠳᠠᠮ ᠲᠠᠯ᠎ᠠ ᠨᠤᠲᠤᠭ ᠢ ᠦᠨᠡᠨ ᠬᠦ ᠰᠠᠶᠢᠲᠤᠷ ᠬᠠᠮᠠᠭᠠᠯᠠᠬᠤ ᠪᠤᠯ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ᠂ ᠮᠠᠨ ᠤ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠡᠭᠦᠷᠭᠡ ᠮᠥᠨ᠃ ᠮᠠᠨ ᠤ ᠣᠷᠣᠨ 2005  ᠣᠨ ᠳᠤ ᠪᠦᠭᠦ ᠤᠯᠤᠰ ᠲᠤ ᠬᠠᠮᠤᠭ ᠤᠨ ᠲᠦᠷᠦᠭᠦᠨ ᠳᠤ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠠᠵᠢᠯ ᠢ ᠡᠬᠢᠯᠡᠭᠦᠯᠵᠦ᠂ ᠲᠤᠷᠰᠢᠯᠲᠠ ᠬᠢᠵᠦ ᠰᠦᠪᠡᠭᠴᠢᠯᠡᠬᠦ᠂ ᠲᠤᠷᠰᠢᠯᠭ᠎ᠠ ᠪᠠᠨ ᠳ᠋ᠦᠩᠨᠡᠬᠦ᠂ ᠪᠦᠬᠦ ᠲᠠᠯ᠎ᠠ ᠪᠠᠷ ᠳᠡᠯᠭᠡᠷᠡᠭᠦᠯᠬᠦ ᠪᠠᠷ ᠳᠠᠮᠵᠢᠨ᠂ 2016 ᠣᠨ ᠤ ᠵᠢᠯ ᠤᠨ ᠡᠴᠦᠰ ᠲᠤ ᠬᠤᠪᠢᠶᠠᠷᠢᠯᠠᠨ ᠲᠤᠭᠲᠠᠭᠠᠬᠤ ᠠᠵᠢᠯ ᠢᠶᠠᠨ ᠦᠨᠳᠦᠰᠦᠨ ᠳᠡᠭᠡᠨ ᠪᠡᠶᠡᠯᠡᠭᠦᠯᠪᠡ᠃ 10 ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠥᠬᠦ ᠣᠷᠣᠨ ᠳᠤ ᠨᠡᠶᠢᠲᠡ 8.84 ᠳ᠋ᠦᠩᠰᠢᠭᠤᠷ ᠮᠦ ᠨᠤᠲᠤᠭ ᠪᠡᠯᠴᠢᠭᠡᠷ ᠢ ᠬᠤᠪᠢᠶᠠᠷᠢᠯᠠᠨ ᠲᠤᠭᠲᠠᠭᠠᠵᠤ᠂ ᠡᠭᠦᠨ ᠳᠤ 33 ᠮᠠᠯᠵᠢᠬᠤ ᠬᠤᠰᠢᠭᠤ᠂ 21 ᠬᠠᠭᠠᠰ ᠲᠠᠷᠢᠶᠠᠯᠠᠵᠤ ᠬᠠᠭᠠᠰ ᠮᠠᠯᠵᠢᠬᠤ ᠬᠤᠰᠢᠭᠤ ᠶᠢ ᠪᠠᠭᠲᠠᠭᠠᠭᠰᠠᠨ 63 ᠬᠤᠰᠢᠭᠤ ᠰᠢᠶᠠᠨ ᠲᠠᠢ ᠬᠤᠯᠪᠤᠭᠳᠠᠵᠤ᠂ ᠬᠤᠪᠢᠶᠠᠷᠢᠯᠠᠨ ᠲᠤᠭᠲᠠᠭᠠᠭᠰᠠᠨ ᠨᠤᠲᠤᠭ ᠪᠡᠯᠴᠢᠭᠡᠷ ᠤᠨ ᠲᠠᠯᠠᠪᠠᠢ ᠨᠢ 63 ᠬᠤᠰᠢᠭᠤ ᠰᠢᠶᠠᠨ ᠤ ᠨᠤᠲᠤᠭ ᠪᠡᠯᠴᠢᠭᠡᠷ ᠤᠨ ᠲᠠᠯᠠᠪᠠᠶ ᠶᠢᠨ 81.6%᠎ ᠶᠢ ᠡᠵᠡᠯᠡᠪᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠠᠵᠢᠯ ᠤᠨ ᠡᠮᠬᠢ ᠵᠢᠷᠤᠮ ᠲᠠᠢ ᠪᠠᠷ ᠦᠷᠨᠢᠬᠦ ᠶᠢ ᠳᠠᠭᠠᠯᠳᠤᠨ᠂ ᠪᠥᠬᠦ ᠣᠷᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠯᠡᠷᠬᠡᠶ ᠴᠢᠩᠭᠠᠷᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠴᠢᠳᠠᠪᠬᠢ ᠪᠠ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠳᠪᠦᠷᠢ ᠶᠢᠨ ᠴᠢᠳᠠᠪᠤᠷᠢ ᠮᠡᠳᠡᠭᠳᠡᠬᠦ᠋ᠢᠴᠡ ᠳᠡᠭᠡᠭᠰᠢᠯᠡᠪᠡ᠃ 2016 ᠣᠨ ᠳᠤ ᠪᠥᠬᠦ ᠣᠷᠣᠨ ᠤ ᠨᠤᠲᠤᠭ ᠪᠡᠯᠴᠢᠭᠡᠷ ᠤᠨ ᠤᠷᠭᠤᠴᠠ ᠶᠢᠨ ᠳᠤᠮᠳᠠᠴᠢ ᠪᠦᠷᠬᠦᠴᠡ 44%᠎ ᠳᠤ ᠬᠦᠷᠴᠦ᠂ ᠪᠥᠬᠦ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠳᠡᠭᠡᠷ᠎ᠡ ᠵᠠᠭᠤᠨ ᠤ ᠨᠠᠶᠠᠭᠠᠳ ᠤᠨ ᠤ ᠳᠤᠮᠳᠠ ᠬᠤᠭᠤᠴᠠᠭᠠᠨ ᠤ ᠬᠢᠷᠢ ᠬᠡᠮᠵᠢᠶ᠎ᠡ ᠲᠠᠢ ᠤᠶᠢᠷᠠᠯᠴᠠᠭ᠎ᠠ ᠪᠤᠯᠲᠠᠯ᠎ᠠ ᠰᠡᠷᠭᠦᠪᠡ᠃ ᠡᠯᠪᠡᠭ ᠪᠠᠶᠠᠯᠢᠭ ᠡᠪᠡᠰᠦ ᠪᠡᠯᠴᠢᠭᠡᠷ ᠤᠨ ᠡᠬᠢ ᠪᠠᠶᠠᠯᠢᠭ ᠲᠤ ᠲᠦᠰᠢᠭᠯᠡᠨ᠂ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤ ᠦᠨᠢᠶᠡᠨ ᠰᠦ᠂ ᠬᠤᠨᠢᠨ ᠮᠢᠬ᠎ᠠ᠂ ᠨᠠᠷᠢᠨ ᠨᠣᠣᠰᠣ᠂ ᠢᠮᠠᠭᠠᠨ ᠨᠣᠯᠤᠤᠷ ᠤᠨ ᠭᠠᠷᠤᠯᠲᠠ ᠯᠠᠪᠳᠠᠭᠤᠨ ᠢᠶᠠᠷ ᠪᠦᠬᠦ ᠤᠯᠤᠰ ᠤᠨ ᠲᠡᠷᠢᠭᠦᠨ ᠳᠤ ᠪᠠᠶᠢᠷᠢᠯᠠᠵᠤ᠂ ᠵᠢᠯ ᠳᠤ ᠭᠠᠳᠠᠷ ᠤᠷᠤᠨ ᠳᠤ 500 ᠲᠦᠮᠡᠨ ᠲᠣᠨ ᠰᠦ᠂ 150 ᠲᠦᠮᠡᠨ ᠲᠣᠨ ᠮᠢᠬ᠎ᠠ ᠶᠢ ᠲᠣᠭᠲᠠᠪᠤᠷᠢᠲᠠᠶ ᠭᠠᠷᠭᠠᠬᠤ ᠴᠢᠳᠠᠪᠤᠷᠢᠲᠠᠶ ᠪᠤᠯᠵᠤ᠂ ᠮᠠᠯ ᠠᠵᠤ ᠠᠬᠤᠶ ᠶᠢᠨ ᠬᠥᠭᠵᠢᠯᠲᠡ ᠲᠦᠷᠦᠭᠦᠯᠡᠬᠦ ᠪᠠᠶᠢᠷᠢᠨ ᠳᠤ ᠤᠷᠤᠪᠠ᠃      ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠰᠤᠨ ᠤ ᠡᠬᠢ ᠪᠠᠶᠠᠯᠢᠭ ᠢᠶᠠᠷ ᠳᠤᠲᠠᠮᠠᠭ᠂ ᠴᠠᠭ ᠬᠤᠭᠤᠴᠠᠭ᠎ᠠ ᠪᠠ ᠣᠷᠣᠨ ᠵᠠᠶ ᠶᠢᠨ ᠲᠠᠷᠬᠠᠯᠲᠠ ᠬᠦᠨᠳᠦ ᠨᠣᠴᠢᠲᠠᠶ ᠲᠡᠩᠴᠡᠭᠦᠷᠢ ᠦᠭᠡᠢ᠂ ᠬᠥᠮᠦᠨ ᠠᠮᠠ ᠪᠣᠯᠣᠨ ᠲᠠᠷᠢᠶᠠᠨ ᠭᠠᠵᠠᠷ ᠤᠨ ᠲᠠᠷᠬᠠᠯᠲᠠ ᠨᠢ ᠵᠣᠬᠢᠴᠠᠩᠭᠤᠢ ᠪᠣᠰᠤ ᠪᠠᠶᠢᠳᠠᠭ ᠲᠤᠯᠠ᠂ ᠤᠰᠤᠨ ᠤ ᠡᠷᠬᠡ ᠶᠢ ᠰᠢᠯᠵᠢᠭᠦᠯᠦᠨ ᠥᠭᠬᠦ ᠪᠠ ᠠᠷᠠᠯᠵᠢᠶᠠᠯᠠᠬᠤ ᠲᠥᠷᠢᠮ ᠤᠨ ᠪᠠᠶᠢᠭᠤᠯᠤᠯᠲᠠ ᠶᠢ ᠲᠥᠷᠭᠡᠳᠬᠡᠨ᠂ ᠤᠰᠤᠨ ᠤ ᠡᠷᠬᠡ ᠶᠢᠨ ᠲᠥᠷᠢᠮ ᠢ ᠪᠠᠶᠢᠭᠤᠯᠤᠨ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢ ᠭᠦᠢᠴᠡᠳ ᠠᠰᠢᠭᠯᠠᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠣᠯ᠂ ᠤᠰᠤᠨ ᠤ ᠡᠬᠢ ᠪᠠᠶᠠᠯᠢᠭ ᠤᠨ ᠬᠠᠳᠠᠭᠠᠯᠠᠯᠲᠠ ᠶᠢ ᠠᠮᠢᠳᠤᠯᠢᠭ ᠪᠣᠯᠭᠠᠨ᠂ ᠤᠰᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠂ ᠤᠰᠤ ᠪᠠ ᠬᠦᠮᠦᠨ ᠤ ᠡᠶ᠎ᠡ ᠵᠣᠬᠢᠴᠠᠯ ᠢ ᠠᠬᠢᠭᠤᠯᠬᠤ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠃ 2003 ᠣᠨ ᠠᠴᠠ ᠡᠬᠢᠯᠡᠨ᠂ ᠮᠠᠨ ᠤ ᠣᠷᠣᠨ ᠡᠩ ᠲᠡᠷᠢᠭᠦᠨ ᠳᠤ ᠣᠷᠳᠣᠰ ᠬᠤᠲᠠ ᠶᠢᠨ ᠬᠠᠲᠤᠨ ᠭᠤᠣᠯ ᠳᠠᠭᠠᠤ ᠭᠠᠵᠠᠷ ᠣᠷᠣᠨ ᠳᠤ ᠠᠶᠢᠮᠠᠭ ᠬᠤᠳᠠ ᠳᠣᠲᠣᠭᠠᠳᠤ ᠳᠤ ᠤᠰᠤᠨ ᠤ ᠡᠷᠬᠡ ᠶᠢ ᠰᠢᠯᠵᠢᠭᠦᠯᠦᠨ ᠥᠭᠬᠦ ᠲᠤᠷᠰᠢᠯᠲᠠ ᠶᠢᠨ ᠠᠵᠢᠯ ᠥᠷᠨᠢᠭᠦᠯᠦᠨ᠂ ᠲᠠᠷᠢᠶᠠᠯᠠᠩ ᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠭ ᠢ ᠬᠡᠷᠡᠭᠵᠢᠭᠦᠯᠵᠦ᠂ ᠠᠷᠪᠢᠯᠠᠨ ᠭᠠᠷᠭᠠᠭᠰᠠᠨ ᠤᠰᠤᠨ ᠤ ᠡᠬᠢ ᠪᠠᠶᠠᠯᠢᠭ ᠢᠶᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠬᠦᠭᠵᠢᠭᠦᠯᠬᠦ ᠳᠤᠨᠢ ᠰᠢᠯᠵᠢᠭᠦᠯᠦᠨ ᠥᠭᠴᠦ᠂ ᠬᠡᠳᠦᠨ ᠵᠢᠯ ᠤᠨ ᠲᠤᠷᠰᠢ 3.23 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠰᠢᠯᠵᠢᠭᠦᠯᠦᠨ ᠥᠭᠴᠦ᠂ 40 ᠭᠠᠷᠤᠶ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠡᠷᠡᠭᠯᠡᠬᠦ ᠤᠰᠤ ᠶᠢ ᠰᠢᠢᠳᠪᠦᠷᠢᠯᠡᠵᠦ᠂ ᠬᠠᠳᠤᠨ ᠭᠤᠣᠯ ᠳᠠᠭᠠᠤ ᠣᠷᠣᠨ ᠳᠤ 30 ᠳ᠋ᠦᠩᠰᠢᠭᠤᠷ ᠭᠠᠷᠤᠢ ᠲᠥᠭᠦᠷᠢᠭ ᠤᠰᠤ ᠠᠷᠪᠢᠯᠠᠬᠤ ᠦᠭᠡᠷᠡᠴᠢᠯᠡᠯᠲᠡ ᠶᠢᠨ ᠪᠡᠯᠡ ᠮᠥᠩᠭᠦ ᠴᠤᠭᠯᠠᠭᠤᠯᠵᠦ᠂ ᠤᠯᠠᠨ ᠲᠠᠯ᠎ᠠ ᠠᠰᠢᠭ ᠬᠥᠷᠲᠡᠭᠡᠭᠰᠡᠨ ᠦᠷ᠎ᠡ ᠪᠦᠲᠦᠮᠵᠢ ᠣᠯᠤᠭᠰᠠᠨ ᠪᠠᠶᠢᠨ᠎ᠠ᠃      2013 ᠣᠨ ᠳᠤ᠂ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠣᠯᠣᠭᠠᠶᠢᠯᠠᠨ ᠤᠰᠤᠨ ᠤ ᠡᠷᠬᠡ ᠶᠢ ᠬᠤᠳᠠᠯᠳᠤᠨ ᠠᠪᠬᠤ ᠨᠥᠭᠡᠴᠡᠯᠡᠬᠦ ᠰᠢᠯᠵᠢᠭᠦᠯᠦᠨ ᠥᠭᠬᠦ ᠲᠥᠪ ᠢ ᠪᠠᠶᠢᠭᠤᠯᠵᠤ᠂ ᠥᠪᠡᠷᠲᠡᠭᠡᠨ ᠵᠠᠰᠠᠬᠤ ᠤᠷᠤᠨ ᠤ ᠤᠰᠤᠨ ᠤ ᠡᠷᠬᠡ ᠶᠢ ᠬᠤᠳᠠᠯᠳᠤᠨ ᠠᠪᠬᠤ ᠨᠥᠭᠡᠴᠡᠯᠡᠬᠦ ᠰᠢᠯᠵᠢᠭᠦᠯᠦᠨ ᠥᠭᠬᠦ ᠠᠷᠠᠯᠵᠢᠶᠠᠨ ᠤ ᠲᠠᠪᠴᠠᠩ ᠢ ᠪᠣᠢ ᠪᠣᠯᠭᠠᠭᠰᠠᠨ ᠪᠠᠶᠢᠨ᠎ᠠ᠃ 2014 ᠣᠨ ᠤ 6 ᠳ᠋ᠤᠭᠠᠷ ᠰᠠᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠠᠴᠠ ᠮᠠᠨ ᠤ ᠣᠷᠣᠨ ᠢ ᠪᠥᠬᠦ ᠤᠯᠤᠰ ᠤᠨ ᠤᠰᠤᠨ ᠤ ᠡᠷᠬᠡ ᠶᠢᠨ ᠲᠤᠷᠰᠢᠯᠲᠠ ᠶᠢᠨ ᠴᠢᠭ᠋ ᠤᠨ ᠲᠤᠯᠤᠭᠠᠨ ᠮᠤᠵᠢ ᠣᠷᠣᠨ ᠤ ᠨᠢᠭᠡ ᠪᠣᠯᠭᠠᠵᠤ᠂ ᠠᠶᠢᠮᠠᠭ ᠬᠤᠳᠠ ᠠᠯᠤᠰᠯᠠᠨ ᠤᠰᠤᠨ ᠤ ᠡᠷᠬᠡ ᠶᠢ ᠰᠢᠯᠵᠢᠭᠦᠯᠦᠨ ᠥᠭᠬᠦ ᠠᠵᠢᠯ ᠢ ᠵᠢᠯᠣᠭᠤᠳᠤᠭᠰᠠᠨ ᠮᠦᠷᠲᠡᠭᠡᠨ ᠤᠰᠤᠨ ᠤ ᠡᠷᠬᠡ ᠶᠢᠨ ᠠᠷᠠᠯᠵᠢᠶᠠᠯᠠᠬᠤ ᠲᠥᠷᠢᠮ ᠢ ᠪᠠᠶᠢᠭᠤᠯᠪᠠ ᠃ 2016 ᠣᠨ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠰᠢᠯᠵᠢᠭᠦᠯᠦᠨ ᠥᠭᠬᠦ ᠭᠡᠷ᠎ᠡ ᠪᠣᠯᠤᠨ ᠬᠠᠮᠢᠶ᠎ᠠ ᠪᠦᠬᠦᠢ ᠲᠣᠭᠲᠠᠭᠠᠯ ᠢ ᠦᠯᠦ ᠭᠦᠢᠴᠡᠳᠬᠡᠭᠰᠡᠨ ᠠᠵᠤ ᠠᠬᠤᠶᠢᠯᠠᠯ ᠤᠨ 2000 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤᠨ ᠤ ᠭᠦᠢᠴᠡᠳᠬᠡᠯ ᠲᠤᠭ᠎ᠠ ᠶᠢ ᠬᠤᠷᠢᠶᠠᠨ ᠠᠪᠴᠤ᠂ 11 ᠳ᠋ᠦ᠋ᠭᠡᠷ ᠰᠠᠷ᠎ᠠ ᠶᠢᠨ 30᠎ ᠤ ᠡᠳᠦᠷ ᠪᠡᠭᠡᠵᠢᠩ ᠳᠠᠬᠢ ᠳᠤᠮᠳᠠᠳᠤ ᠤᠯᠤᠰ ᠤᠨ ᠤᠰᠤᠨ ᠤ ᠡᠷᠬᠡ ᠶᠢ ᠠᠷᠠᠯᠵᠢᠶᠠᠯᠠᠬᠤ ᠭᠠᠵᠠᠷ ᠲᠤ ᠢᠯᠡᠷᠬᠡᠶᠢᠯᠡᠯ ᠡᠯᠭᠦᠨ ᠠᠷᠠᠯᠵᠢᠶᠠᠯᠠᠭᠰᠠᠨ ᠪᠥᠭᠡᠳ ᠪᠦᠬᠦᠨ ᠳᠤᠨᠢ ᠭᠡᠷ᠎ᠡ ᠲᠣᠭᠲᠠᠪᠠ᠃ ᠡᠨᠡ ᠪᠣᠯ ᠮᠠᠨ ᠤ ᠣᠷᠣᠨ ᠠᠩᠬ᠎ᠠ ᠤᠳᠠᠭ᠎ᠠ ᠵᠠᠬ᠎ᠠ ᠳᠡᠯᠭᠡᠭᠦᠷ ᠤᠨ ᠲᠣᠭᠲᠠᠴᠠ ᠶᠢ ᠠᠰᠢᠭᠯᠠᠨ ᠤᠰᠤᠨ ᠤ ᠡᠬᠢ ᠪᠠᠶᠠᠯᠢᠭ ᠢ ᠲᠣᠬᠢᠷᠠᠭᠤᠯᠤᠭᠰᠠᠨ ᠴᠢᠬᠤᠯᠠ ᠦᠢᠯᠡᠳᠦᠯᠭᠡ ᠪᠣᠯᠣᠨ᠎ᠠ᠃ 2017 ᠣᠨ ᠤ 4 ᠳ᠋ᠦ᠋ᠭᠡᠷ ᠰᠠᠷ᠎ᠠ ᠶᠢᠨ 1᠎ ᠤ ᠡᠳᠦᠷ᠂ ︽ᠥᠪᠥᠷ ᠮᠣᠩᠭᠤᠯ ᠤᠨ ᠤᠰᠤᠨ ᠤ ᠡᠷᠬᠡ ᠶᠢ ᠠᠷᠠᠯᠵᠢᠶᠠᠯᠠᠬᠤ ᠬᠠᠮᠢᠶᠠᠷᠤᠯᠲᠠ ᠶᠢᠨ ᠠᠷᠭ᠎ᠠ︾᠎ ᠶᠢ ᠵᠢᠩᠬᠢᠨᠢ ᠪᠠᠷ ᠬᠡᠷᠡᠭᠵᠢᠭᠦᠯᠪᠡ᠂ ᠡᠨᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠰᠤᠨ ᠤ ᠡᠷᠬᠡ ᠶᠢᠨ ᠳᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠵᠠᠮᠨᠠᠭᠰᠠᠨ ᠠᠮᠵᠢᠯᠲᠠ ᠲᠠᠢ ᠠᠯᠬᠤᠮ ᠪᠣᠯᠬᠤ ᠶᠢ ᠬᠠᠷᠠᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号