ᠥᠪᠥᠷ ᠵᠠᠰᠠᠭ ᠠᠯᠪᠠᠨ ᠠᠯᠪᠠᠨ ᠦᠰᠦᠭ ﹇2016﹈165 ᠳ᠋ᠤᠭᠠᠷ ᠲᠣᠭᠠᠲᠤ | 9 ᠳ᠋ᠦ᠋ᠭᠡᠷ ᠰᠠᠷ᠎ᠠ ᠶᠢᠨ14 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠡ ᠳᠤ᠄ | ︽ᠠᠮᠤ ᠪᠤᠳᠠᠭ᠎ᠠ ᠶᠢᠨ ᠠᠮᠤᠷ ᠲᠥᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈144 ᠳ᠋ᠦ᠋ᠭᠡᠷ ᠲᠣᠭᠠᠲᠤ︶ ᠪᠣᠯᠣᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ | ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ | ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 3 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠶᠢᠨ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ | ᠠᠶᠢᠮᠠᠭ ᠬᠤᠲᠠ ᠶᠢᠨ 2016 ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ | ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠨ ᠤ ᠰᠢᠯᠭᠠᠨ ᠬᠢᠨᠠᠯᠲᠠ | ᠬᠢᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠰᠢᠯᠭᠠᠨ ᠬᠢᠨᠠᠬᠤ ᠠᠵᠢᠯ ᠤᠨ ᠲᠣᠬᠢᠷᠠᠭᠤᠯᠤᠯᠲᠠ | ︵ᠨᠢᠭᠡ︶ ᠥᠪᠡᠰᠦᠪᠡᠨ ᠪᠠᠶᠢᠴᠠᠭᠠᠵᠤ ᠬᠤᠪᠢ ᠲᠣᠭᠲᠠᠭᠠᠨ᠎ᠠ᠃ | 2017 ᠣᠨ ᠤ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠠᠶᠢᠮᠠᠭ ᠬᠤᠲᠠ ︽2016 | ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ | ᠳᠦᠷᠢᠮ ᠢ ᠰᠢᠯᠭᠠᠨ ᠬᠢᠨᠠᠵᠤ ᠬᠤᠪᠢ ᠲᠣᠭᠲᠠᠭᠠᠬᠤ ᠬᠦᠰᠦᠨᠦᠭᠲᠦ︾ ᠳᠤ ᠲᠣᠭᠲᠠᠭᠠᠭᠰᠠᠨ ᠣᠨ ᠤ ᠰᠢᠯᠭᠠᠨ ᠬᠢᠨᠠᠬᠤ | ᠬᠠᠷᠠᠯᠲᠠᠲᠤ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ 2016 ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ | ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠵᠤ ᠥᠪᠡᠰᠦᠪᠡᠨ ᠬᠤᠪᠢ | ᠣᠯᠭᠤᠬᠤ ᠪᠠ ᠳ᠋ᠦᠩᠨᠡᠯᠲᠡ ᠶᠢᠨ ᠮᠡᠳᠡᠭᠦᠯᠦᠯᠲᠡ ᠶᠢ ᠪᠡᠶᠡᠯᠡᠭᠦᠯᠦᠨ᠂ ᠥᠪᠡᠰᠦᠪᠡᠨ ᠦᠨᠡᠯᠡᠨ ᠬᠤᠪᠢ ᠣᠯᠭᠤᠬᠤ ᠳᠤ | ᠦᠨᠳᠦᠰᠦᠯᠡᠯ ᠪᠣᠯᠭᠠᠭᠰᠠᠨ ᠪᠢᠴᠢᠭ ᠮᠠᠲ᠋ᠧᠷᠢᠶᠠᠯ ᠢ ᠪᠦᠷᠢᠨ ᠪᠡᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠮᠤ | ᠪᠤᠳᠠᠭ᠎ᠠ ᠶᠢᠨ ᠲᠣᠪᠴᠢᠶ᠎ᠠ ︵ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ︶ ᠲᠤ ᠮᠡᠳᠡᠭᠦᠯᠦᠨ | ᠬᠦᠷᠭᠡᠬᠦ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠪᠤᠰᠤᠳ ᠪᠦᠷᠢᠯᠳᠦᠭᠦᠨ ᠨᠢᠭᠡᠴᠡ ᠳᠤ | ᠬᠠᠭᠤᠯᠤᠨ ᠢᠯᠡᠭᠡᠬᠦ ᠬᠡᠷᠡᠭᠲᠡᠢ᠃ ᠥᠪᠡᠰᠦᠪᠡᠨ ᠦᠨᠡᠯᠡᠭᠰᠡᠨ ᠮᠡᠳᠡᠭᠦᠯᠦᠯᠲᠡ ᠨᠢ ᠣᠨ ᠤ ᠠᠮᠤ ᠪᠤᠳᠠᠭ᠎ᠠ ᠶᠢᠨ ᠠᠮᠤᠷ | ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠳᠤ | ᠰᠢᠯᠭᠠᠨ ᠬᠢᠨᠠᠭᠰᠠᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠠᠮᠵᠢᠯᠲᠠ ᠪᠦᠲᠦᠮᠵᠢ ᠶᠢ ᠳ᠋ᠦᠩᠨᠡᠨ | ᠂ ᠠᠰᠠᠭᠤᠳᠠᠯ ᠢ ᠡᠷᠢᠵᠤ᠂ ᠰᠢᠯᠲᠠᠭᠠᠨ ᠢ ᠨᠢ ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠳᠤᠷᠠᠳᠬᠤ ᠬᠡᠷᠡᠭᠲᠡᠢ᠃ ᠠᠶᠢᠮᠠᠭ ᠬᠤᠲᠠ ᠨᠤᠭᠤᠳ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠭᠰᠡᠨ | ᠪᠠᠶᠢᠳᠠᠯ ᠤᠨ ᠦᠨᠡᠨ ᠪᠤᠳᠠᠳᠤ ᠴᠢᠨᠠᠷ ᠪᠣᠯᠣᠨ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠢ᠃ | ︵ᠬᠤᠶᠠᠷ︶ ᠰᠠᠯᠠᠭ᠎ᠠ ᠮᠦᠴᠢᠷ ᠠᠴᠠ ᠬᠢᠨᠠᠨ ᠲᠣᠭᠲᠠᠭᠠᠨ᠎ᠠ᠃ | 2017 ᠣᠨ ᠤ 2 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ᠂ ᠡᠯ᠎ᠡ ᠲᠦᠷᠦᠭᠦᠯᠡᠬᠦ ᠰᠠᠯᠠᠭ᠎ᠠ | ᠮᠦᠴᠢᠷ ᠤᠳ ᠬᠠᠮᠵᠢᠯᠴᠠᠬᠤ ᠰᠠᠯᠠᠭ᠎ᠠ ᠮᠦᠴᠢᠷ ᠪᠣᠯᠣᠨ ᠨᠢᠭᠡᠴᠡ ᠲᠠᠢ ᠬᠠᠮᠲᠤᠷᠠᠨ ︽2016 ᠣᠨ ᠤ ᠠᠮᠤ | ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ | ᠬᠢᠨᠠᠵᠤ ᠬᠤᠪᠢ ᠲᠣᠭᠲᠠᠭᠠᠬᠤ ᠨᠠᠷᠢᠨ ᠳᠦᠷᠢᠮ︾ ᠤᠨ ᠲᠣᠭᠲᠠᠭᠠᠯ ᠶᠣᠰᠣᠭᠠᠷ᠂ ᠡᠳᠦᠷ ᠲᠤᠲᠤᠮ ᠤᠨ ᠬᠢᠨᠠᠯᠲᠠ | ᠪᠠᠶᠢᠴᠠᠭᠠᠯᠲᠠ ᠲᠠᠢ ᠤᠶᠠᠯᠳᠤᠭᠤᠯᠤᠨ᠂ ᠡᠯ᠎ᠡ ᠠᠶᠢᠮᠠᠭ ᠬᠤᠲᠠ ᠶᠢᠨ ᠠᠮᠤ ᠪᠤᠳᠠᠭ᠎ᠠ ᠶᠢᠨ ᠠᠮᠤᠷ ᠲᠥᠪᠰᠢᠨ ᠤ | ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠰᠢᠯᠭᠠᠨ ᠬᠢᠨᠠᠵᠤ ᠬᠢᠨᠠᠨ ᠲᠣᠭᠲᠠᠭᠠᠬᠤ ᠶᠢᠨ ᠬᠠᠮᠲᠤ᠂ ᠪᠢᠴᠢᠭᠯᠡᠭᠰᠡᠨ ᠰᠠᠨᠠᠯ ᠪᠣᠯᠭᠠᠵᠤ ᠰᠢᠯᠭᠠᠨ ᠬᠢᠨᠠᠬᠤ ᠠᠵᠢᠯ ᠤᠨ | ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ ᠳ᠋ᠦᠩᠨᠡᠨ ᠬᠤᠷᠢᠶᠠᠩᠭᠤᠶᠢᠯᠠᠨ᠎ᠠ᠃ | ︵ᠭᠤᠷᠪᠠ︶ ᠬᠠᠮᠲᠤᠷᠠᠵᠤ ᠰᠤᠭᠤᠴᠠᠨ ᠪᠠᠶᠢᠴᠠᠭᠠᠨ᠎ᠠ᠃ | ᠰᠢᠯᠭᠠᠨ ᠬᠢᠨᠠᠬᠤ ᠠᠵᠢᠯ ᠤᠨ ᠳᠤᠭᠤᠶᠢᠯᠠᠩ ᠨᠢ ᠡᠯ᠎ᠡ ᠠᠶᠢᠮᠠᠭ ᠬᠤᠲᠠ ᠶᠢᠨ ᠥᠪᠡᠰᠦᠪᠡᠨ ᠦᠨᠡᠯᠡᠭᠰᠡᠨ | ᠮᠡᠳᠡᠭᠦᠯᠦᠯᠲᠡ ᠪᠣᠯᠣᠨ ᠰᠠᠯᠠᠭ᠎ᠠ ᠮᠦᠴᠢᠷ ᠤᠨ ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ᠂ ᠰᠤᠭᠤᠴᠠᠨ | ᠪᠠᠶᠢᠴᠠᠭᠠᠬᠤ ᠠᠶᠢᠮᠠᠭ ᠬᠤᠲᠠ ᠶᠢ ᠰᠤᠳᠤᠯᠤᠨ ᠲᠣᠭᠲᠠᠭᠠᠵᠤ᠂ ᠬᠠᠮᠲᠤᠷᠠᠨ ᠰᠤᠭᠤᠴᠠᠨ ᠪᠠᠶᠢᠴᠠᠭᠠᠬᠤ ᠳᠤᠭᠤᠶᠢᠯᠠᠩ | ᠪᠠᠶᠢᠭᠤᠯᠤᠨ ᠲᠣᠬᠠᠢ ᠶᠢᠨ ᠭᠠᠵᠠᠷ ᠲᠤᠨᠢ ᠰᠢᠯᠭᠠᠨ ᠬᠢᠨᠠᠬᠤ ᠶᠢᠨ ᠬᠠᠮᠲᠤ᠂ 2017 ᠣᠨ ᠤ 3 ᠳ᠋ᠤᠭᠠᠷ ᠰᠠᠷ᠎ᠠ ᠶᠢᠨ | 15 ᠤ ᠡᠳᠦᠷ ᠠᠴᠠ ᠡᠮᠦᠨ᠎ᠡ ᠰᠤᠭᠤᠴᠠᠨ ᠪᠠᠶᠢᠴᠠᠭᠠᠵᠤ ᠰᠢᠯᠭᠠᠨ ᠬᠢᠨᠠᠭᠰᠠᠨ ᠮᠡᠳᠡᠭᠦᠯᠦᠯᠲᠡ ᠪᠣᠯᠭᠠᠬᠤ ᠬᠡᠷᠡᠭᠲᠡᠢ᠃ | ︵ᠳᠥᠷᠪᠡ︶ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃ | 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠢᠯᠭᠠᠨ ᠬᠢᠨᠠᠬᠤ ᠠᠵᠢᠯ ᠤᠨ | ᠳᠤᠭᠤᠶᠢᠯᠠᠩ ᠤᠨ ᠠᠯᠪᠠᠨ ᠭᠡᠷ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠤᠪᠢ ᠲᠣᠭᠲᠠᠭᠠᠨ ᠬᠢᠨᠠᠭᠰᠠᠨ ᠪᠠ | ᠰᠤᠭᠤᠴᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠶᠡᠷᠦᠩᠬᠡᠶᠢᠯᠡᠭᠰᠡᠨ ᠦᠨᠡᠯᠡᠯᠲᠡ ᠬᠢᠵᠦ᠂ ᠰᠢᠯᠭᠠᠨ ᠬᠢᠨᠠᠭᠰᠠᠨ | ᠳᠡᠰ ᠪᠣᠯᠣᠨ ᠰᠢᠯᠭᠠᠨ ᠬᠢᠨᠠᠭᠰᠠᠨ ᠦᠷ᠎ᠡ ᠳ᠋ᠦᠩ ᠢ ᠬᠡᠷᠡᠭᠯᠡᠬᠦ ᠰᠠᠨᠠᠭᠤᠯᠭ᠎ᠠ ᠳᠤᠷᠠᠳᠴᠤ᠂ ᠰᠢᠯᠭᠠᠨ ᠬᠢᠨᠠᠬᠤ | ᠠᠵᠢᠯ ᠤᠨ ᠳᠤᠭᠤᠶᠢᠯᠠᠩ ᠳᠤ ᠮᠡᠳᠡᠭᠦᠯᠦᠨ ᠬᠢᠨᠠᠨ ᠵᠥᠪᠯᠡᠭᠦᠯᠬᠦ ᠬᠡᠷᠡᠭᠲᠡᠢ᠃ | ︵ ᠲᠠᠪᠤ︶ ᠰᠢᠯᠭᠠᠨ ᠬᠢᠨᠠᠭᠰᠠᠨ ᠦᠷ᠎ᠡ ᠳ᠋ᠦᠩ ᠢ ᠮᠡᠳᠡᠭᠡᠯᠡᠨ ᠮᠡᠳᠡᠭᠳᠡᠨ᠎ᠡ᠃ | ᠰᠢᠯᠭᠠᠨ ᠬᠢᠨᠠᠭᠰᠠᠨ ᠦᠷ᠎ᠡ ᠳ᠋ᠦᠩ ᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠠᠴᠠ ᠬᠢᠨᠠᠨ | ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠨᠢ ᠡᠯ᠎ᠡ ᠠᠶᠢᠮᠠᠭ ᠬᠤᠲᠠ ᠳᠤ | ᠮᠡᠳᠡᠭᠡᠯᠡᠨ ᠮᠡᠳᠡᠭᠳᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠲᠤ ᠬᠠᠭᠤᠯᠤᠨ ᠢᠯᠡᠭᠡᠵᠦ᠂ ᠠᠶᠢᠮᠠᠭ ᠬᠤᠲᠠ ᠶᠢᠨ ᠭᠤᠣᠯ ᠬᠠᠷᠢᠭᠤᠴᠠᠯᠭᠠᠲᠠᠨ ᠪᠣᠯᠣᠨ ᠤᠳᠤᠷᠢᠳᠬᠤ | ᠪᠠᠭ ᠤᠨ ᠶᠡᠷᠦᠩᠬᠡᠶᠢᠯᠡᠭᠰᠡᠨ ᠰᠢᠯᠭᠠᠨ ᠬᠢᠨᠠᠵᠤ ᠦᠨᠡᠯᠡᠯᠲᠡ ᠬᠢᠬᠦ ᠳᠤ ᠯᠠᠪᠯᠠᠯᠲᠠ ᠪᠣᠯᠭᠠᠬᠤ ᠬᠡᠷᠡᠭᠲᠡᠢ᠃ | ᠬᠤᠶᠠᠷ᠂ ᠰᠢᠯᠭᠠᠨ ᠬᠢᠨᠠᠬᠤ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ | ᠡᠯ᠎ᠡ ᠠᠶᠢᠮᠠᠭ ᠬᠤᠲᠠ ᠨᠤᠭᠤᠳ ᠠᠮᠤ ᠪᠤᠳᠠᠭ᠎ᠠ ᠶᠢᠨ ᠠᠮᠤᠷ ᠲᠥᠪᠰᠢᠨ ᠢ ᠦᠨᠡᠨᠬᠦ ᠪᠠᠲᠤᠯᠠᠬᠤ ᠶᠢᠨ | ᠴᠢᠬᠤᠯᠠ ᠴᠢᠨᠠᠷ ᠪᠣᠯᠣᠨ ᠨᠠᠷᠢᠨ ᠪᠣᠳᠣᠯᠢᠶᠠᠨᠲᠤ ᠴᠢᠨᠠᠷ ᠢ ᠭᠦᠢᠴᠡᠳ ᠲᠠᠨᠢᠵᠤ᠂ ᠪᠦᠬᠦ ᠲᠠᠯ᠎ᠠ ᠶᠢᠨ ᠦᠵᠡᠯ ᠤᠬᠠᠮᠰᠠᠷ | ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠴᠢᠩᠭᠠᠳᠬᠠᠵᠤ᠂ ᠤᠯᠤᠰ ᠪᠠ ᠣᠷᠣᠨ ᠪᠦᠰᠡ ᠶᠢᠨ ᠠᠮᠤ | ᠪᠤᠳᠠᠭ᠎ᠠ ᠶᠢᠨ ᠠᠮᠤᠷ ᠲᠥᠪᠰᠢᠨ ᠢ ᠪᠠᠲᠤᠯᠠᠬᠤ ᠶᠠᠪᠤᠳᠠᠯ ᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠴᠢᠬᠤᠯᠠ | ᠪᠠᠶᠢᠷᠢᠨ ᠳᠤ ᠲᠠᠯᠪᠢᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠠᠲᠤᠯᠠᠬᠤ ᠦᠨᠳᠦᠰᠦᠨ ᠡᠭᠦᠷᠭᠡ ᠪᠣᠯᠭᠠᠨ᠂ | ᠴᠦᠬᠦᠷᠡᠯ ᠦᠭᠡᠢ ᠪᠠᠶᠢᠩᠭᠤ ᠠᠳᠬᠤᠬᠤ ᠬᠡᠷᠡᠭᠲᠡᠢ᠃ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ | ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ | ᠪᠠᠶᠢᠴᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠪᠤᠳᠠᠲᠠᠢ ᠪᠠᠶᠢᠷᠢᠯᠠᠭᠤᠯᠤᠯᠲᠠ ᠶᠢ | ᠦᠨᠡᠨᠬᠦ ᠴᠢᠩᠭᠠᠳᠬᠠᠵᠤ᠂ ᠣᠨ ᠤ ᠡᠯ᠎ᠡ ᠵᠦᠢᠯ ᠤᠨ ᠬᠠᠷᠠᠯᠳᠠᠳᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ | ᠪᠠᠲᠤᠯᠠᠬᠤ ᠬᠡᠷᠡᠭᠲᠡᠢ᠃ ᠣᠨ ᠤ ᠰᠢᠯᠭᠠᠨ ᠬᠢᠨᠠᠬᠤ ᠬᠠᠷᠠᠯᠳᠠᠳᠤ ᠡᠭᠦᠷᠭᠡ ᠶᠢᠨ ᠲᠣᠭᠤᠷᠢᠨ ᠳᠤ᠂ ᠥᠪᠡᠰᠦᠪᠡᠨ | ᠪᠠᠶᠢᠴᠠᠭᠠᠵᠤ ᠥᠪᠡᠰᠦᠪᠡᠨ ᠦᠨᠡᠯᠡᠬᠦ ᠠᠵᠢᠯ ᠢ ᠬᠢᠨᠠᠮᠠᠭᠠᠢ ᠦᠷᠨᠢᠭᠦᠯᠵᠦ᠂ ᠬᠠᠷᠠᠯᠳᠠᠳᠤ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠦᠨᠡᠨ ᠪᠤᠳᠠᠳᠠᠢ ᠪᠠᠷ ᠲᠤᠰᠬᠠᠬᠤ ᠬᠡᠷᠡᠭᠲᠡᠢ᠃ | ︵ᠬᠤᠶᠠᠷ︶ ᠰᠢᠯᠭᠠᠨ ᠬᠢᠨᠠᠬᠤ ᠠᠵᠢᠯ ᠤᠨ ᠰᠠᠬᠢᠯᠭ᠎ᠠ ᠪᠠᠲᠤ ᠶᠢ ᠲᠥᠪ ᠴᠢᠩᠭ᠎ᠠ ᠪᠠᠶᠢᠯᠭᠠᠨ᠎ᠠ᠃ | ᠰᠢᠯᠭᠠᠨ ᠬᠢᠨᠠᠬᠤ ᠠᠵᠢᠯ ᠳᠤ ᠡᠷᠬᠡ ᠲᠡᠭᠰᠢ ᠲᠥᠪ ᠭᠤᠣᠯᠴᠢ᠂ ᠦᠨᠡᠨ ᠠᠴᠠ ᠵᠥᠪ ᠢ ᠡᠷᠢᠭᠰᠡᠨ ᠪᠠᠶᠢᠬᠤ | ᠬᠡᠷᠡᠭᠲᠡᠢ᠃ ᠰᠢᠯᠭᠠᠨ ᠬᠢᠨᠠᠬᠤ ᠠᠵᠢᠯ ᠤᠨ ᠳᠤᠮᠳᠠᠬᠢ ᠬᠤᠳᠠᠯ ᠬᠠᠭᠤᠷᠮᠠᠭ ᠵᠣᠬᠢᠶᠠᠬᠤ᠂ ᠪᠠᠶᠢᠳᠠᠯ ᠢᠶᠠᠨ ᠨᠢᠭᠤᠵᠤ | ᠮᠡᠳᠡᠭᠦᠯᠬᠦ ᠦᠭᠡᠢ ᠬᠤᠳᠠᠯ ᠢᠶᠠᠷ ᠮᠡᠳᠡᠭᠦᠯᠬᠦ ᠪᠠ ︽ᠬᠠᠷᠢᠴᠠᠭ᠎ᠠ ᠶᠢᠨ ᠬᠤᠪᠢ︾᠂ ︽ ᠨᠠᠶᠢᠷ ᠲᠠᠯ᠎ᠠ ᠶᠢᠨ ᠬᠤᠪᠢ︾ | ᠥᠭᠬᠦ ᠪᠠᠶᠢᠳᠠᠯ ᠣᠷᠣᠰᠢᠵᠤ ᠪᠠᠶᠢᠪᠠᠯ᠂ ᠮᠡᠳᠡᠭᠡᠯᠡᠨ ᠰᠢᠭᠦᠮᠵᠢᠯᠡᠬᠦ ᠶᠢᠨ ᠬᠠᠮᠲᠤ᠂ ᠬᠤᠯᠪᠣᠭᠳᠠᠯ ᠪᠦᠬᠦᠢ ᠬᠥᠮᠥᠰ ᠤᠨ | ᠬᠠᠷᠢᠭᠤᠴᠠᠯᠭ᠎ᠠ ᠶᠢ ᠬᠠᠣᠯᠢ ᠰᠠᠬᠢᠯᠭ᠎ᠠ ᠶᠢᠨ ᠶᠣᠰᠣᠭᠠᠷ ᠨᠡᠬᠡᠮᠵᠢᠯᠡᠨ᠎ᠡ᠃ | ᠰᠢᠯᠭᠠᠨ ᠬᠢᠨᠠᠬᠤ ᠳᠤᠭᠤᠶᠢᠯᠠᠩ ᠤᠨ ᠠᠯᠪᠠᠨ ᠭᠡᠷ ᠤᠨ ᠤᠲᠠᠰᠤ᠄ ︵0471︶ 6945013 | 6946670 | ᠳᠠᠭᠠᠯᠳᠤᠭᠤᠯᠤᠯ᠄ ⒈ 2016 ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ | ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠵᠤ ᠬᠤᠪᠢ ᠲᠣᠭᠲᠠᠭᠠᠬᠤ ᠳᠦᠷᠢᠮ ︵ᠲᠣᠪᠴᠢᠯᠠᠪᠠ︶ | ⒉ 2016ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠵᠤ ᠬᠤᠪᠢ ᠲᠣᠭᠲᠠᠭᠠᠬᠤ ᠬᠦᠰᠦᠨᠦᠭᠲᠦ ︵ᠲᠣᠪᠴᠢᠯᠠᠪᠠ︶ |