| ᠰᠤᠷᠪᠣᠯᠵᠢᠯᠠᠭᠰᠠᠨ ᠴᠠᠭ᠄ | 2017ᠣᠨ ᠤ 2 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨᠡᠬᠢ10 ᠴᠠᠭ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠳᠡᠳ᠋ | ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ | ᠠᠵᠢᠯ ᠤᠨ ᠠᠯᠪᠠᠨ ᠭᠡᠷ ᠤᠨ ᠡᠷᠬᠢᠯᠡᠭᠴᠢ ᠸᠠᠩ ᠵᠠᠨ ᠭᠦᠸᠧ | ᠰᠤᠷᠪᠣᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ | ᠠᠵᠢᠯ ᠤᠨ ᠠᠯᠪᠠᠨ ᠭᠡᠷ ᠵᠡᠷᠭᠡ ᠲᠤᠯᠦᠭᠠᠠ ᠶᠠᠮᠤᠨ ᠵᠥᠪᠯᠡᠯ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠭᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠷᠥ ᠡᠮ | ᠡᠮᠨᠡᠯᠭᠡ ᠥᠭᠡᠷᠡᠴᠢᠯᠡᠯᠲᠡ ᠠᠯᠪᠠᠨ ᠲᠠᠷᠬᠠᠭᠠᠭᠰᠠᠨ ︹2016︺ 1 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ | ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ︽ᠭᠡᠷ ᠪᠦᠯᠢ ᠶᠢᠨ | ᠡᠮᠴᠢ ᠶᠢᠨ ᠭᠡᠷᠡᠲᠦ ᠦᠢᠯᠡᠴᠢᠯᠡᠭᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠡᠷᠡᠭᠦᠯ ᠦᠷᠡᠵᠢᠯ | ᠳᠦᠷᠢᠮᠵᠢ ᠦᠰᠦᠭ ︹2016︺ 6 ᠳ᠋ᠤᠭᠠᠷ ᠲᠣᠭᠠᠲᠤ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ | ᠤᠯᠤᠰ ᠤᠨ ᠶᠡᠷᠦᠩᠬᠡᠶ ᠲᠦᠷᠦ ᠶᠢᠨ ᠪᠤᠳᠤᠯᠭ᠎ᠠ ᠶᠢᠨ ᠪᠣᠷᠣ ᠲᠥᠯᠥᠪ ᠤᠨ ᠰᠠᠭᠤᠷᠢᠨ ᠳᠡᠭᠡᠷ᠎ᠡ᠂ ᠭᠡᠷᠡᠲᠦ | ᠦᠢᠯᠡᠴᠢᠯᠡᠭᠡᠨ ᠤ ᠬᠡᠯᠪᠡᠷᠢ᠂ ᠡᠮᠴᠢ ᠶᠢᠨ ᠲᠤᠰᠢᠶᠠᠯ ᠤᠨ ᠴᠣᠯᠠ ᠶᠢ ᠳᠡᠪᠰᠢᠭᠦᠯᠬᠦ᠂ ᠮᠣᠩᠭᠤᠯ ᠬᠢᠲᠠᠳ ᠡᠮ | ᠡᠮᠨᠡᠯᠭᠡ ᠶᠢ ᠬᠠᠩᠭᠠᠬᠤ ᠵᠡᠷᠭᠡ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠨᠡᠶᠢᠴᠡᠬᠦ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃ | | ᠰᠤᠷᠪᠣᠯᠵᠢᠯᠠᠭ᠎ᠠ ᠶᠢᠨ ᠪᠤᠳᠠᠳᠤ ᠲᠡᠮᠳᠡᠭᠯᠡᠯ᠄ | ᠬᠥᠲᠥᠯᠥᠭᠴᠢ᠄ | ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ᠂ ᠲᠠᠨ ᠪᠦᠬᠦᠨ ᠲᠣᠰ ᠬᠤᠭᠤᠴᠠᠭᠠᠨ ᠤ | ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ | ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠲᠠᠢ ᠪᠠᠷ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠳᠡᠳ᠋ ᠡᠷᠬᠢᠯᠡᠭᠴᠢ ᠸᠠᠩ ᠵᠠᠨ ᠭᠦᠸᠧ ᠢ | ᠤᠷᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠭᠡᠷ ᠪᠦᠯᠢ ᠶᠢᠨ ᠡᠮᠴᠢ ᠶᠢᠨ ᠭᠡᠷᠡᠲᠦ | ᠦᠢᠯᠡᠴᠢᠯᠡᠭᠡ ᠶᠢ ᠲᠦᠯᠬᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠤᠨ ᠲᠣᠬᠠᠢ ᠤᠯᠠᠨ ᠳᠤ ᠨᠠᠷᠢᠨ | ᠲᠣᠳᠣᠷᠬᠠᠶ ᠲᠠᠶᠢᠯᠪᠤᠷᠢ ᠬᠢᠯᠭᠡᠬᠦ ᠪᠠᠷ ᠪᠠᠶᠢᠨ᠎ᠠ᠃ ᠸᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ | ᠪᠠᠶᠢᠨ᠎ᠠ︕ | ᠸᠠᠩ ᠵᠠᠨ ᠭᠦᠸᠧ᠄ | ᠬᠥᠲᠥᠯᠥᠭᠴᠢ ᠰᠠᠶᠢᠨ ᠤᠤ︕ ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ︽ | ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷ᠎ᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ | ᠪᠣᠯᠣᠭᠰᠠᠨ ᠳᠠᠭᠠᠨ ᠲᠤᠩ ᠪᠠᠶᠠᠷᠲᠠᠢ ᠪᠠᠶᠢᠨ᠎ᠠ᠃ | ᠬᠦᠲᠦᠯᠦᠭᠴᠢ᠄ | ᠶᠠᠭᠤ ᠶᠢ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠭᠡᠬᠦ ᠪᠤᠢ︖ | ᠸᠠᠩ ᠵᠠᠨ ᠭᠦᠸᠧ᠄ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠪᠣᠯ ᠶᠡᠷᠦᠩᠬᠡᠶ ᠰᠠᠯᠠᠭᠠᠨ ᠤ ᠡᠮᠴᠢ ᠪᠠᠷ ᠭᠤᠣᠯ | ᠪᠣᠯᠭᠠᠭᠰᠠᠨ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠢᠶᠠᠷ ᠲᠦᠰᠢᠭ ᠲᠤᠯᠭᠠᠭᠤᠷᠢ ᠪᠣᠯᠭᠠᠭᠰᠠᠨ᠂ | ᠭᠡᠷ᠎ᠡ ᠲᠣᠭᠲᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠡᠷ᠎ᠡ ᠲᠣᠭᠲᠠᠭᠰᠠᠨ ᠭᠡᠷ ᠪᠦᠯᠢ ᠵᠢᠴᠢ ᠲᠡᠭᠦᠨ ᠤ | ᠪᠦᠷᠢᠯᠳᠦᠬᠦᠨ ᠯᠦᠭᠡ ᠤᠷᠳᠦ ᠬᠤᠭᠤᠴᠠᠭ᠎ᠠ ᠪᠦᠬᠦᠢ᠂ ᠲᠣᠭᠲᠠᠪᠤᠷᠢᠲᠠᠶ ᠦᠢᠯᠡᠴᠢᠯᠡᠭᠡᠨ ᠤ ᠬᠠᠷᠢᠴᠠᠭ᠎ᠠ ᠶᠢ | ᠪᠠᠶᠢᠭᠤᠯᠵᠤ᠂ ᠭᠡᠷ᠎ᠡ ᠲᠣᠭᠲᠠᠨ ᠦᠢᠯᠡᠴᠢᠯᠡᠭᠦᠯᠬᠦ ᠬᠥᠮᠥᠨ ᠤ ᠡᠷᠡᠭᠦᠯ ᠮᠡᠨᠳᠦ ᠶᠢᠨ ᠪᠦᠬᠦ ᠶᠠᠪᠤᠴᠠ ᠪᠠᠷ ᠬᠠᠮᠠᠭᠠᠯᠠᠵᠤ᠂ | ᠭᠡᠷ᠎ᠡ ᠲᠣᠭᠲᠠᠭᠰᠠᠨ ᠭᠡᠷ ᠪᠦᠯᠢ ᠪᠣᠯᠣᠨ ᠬᠤᠪᠢ ᠬᠥᠮᠦᠨ ᠲᠤ ᠠᠮᠤᠷ ᠲᠦᠪᠰᠢᠨ᠂ ᠳᠥᠭᠦᠮ ᠳᠥᠲᠡ᠂ | ᠪᠦᠲᠦᠮᠵᠢᠲᠡᠶ᠂ ᠦᠷᠭᠦᠯᠵᠢᠯᠡᠭᠰᠡᠨ᠂ ᠠᠷᠪᠢᠲᠠᠢ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠪᠠ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠬᠠᠩᠭᠠᠬᠤ ᠶᠠᠪᠤᠳᠠᠯ ᠪᠤᠯᠤᠨ᠎ᠠ᠃ | ᠬᠦᠲᠦᠯᠦᠭᠴᠢ᠄ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠨᠢ ᠶᠠᠮᠠᠷ ᠬᠡᠷᠡᠭᠴᠡᠭᠡᠲᠦ ᠴᠢᠨᠠᠷ ᠪᠠ ᠴᠢᠬᠤᠯᠠ ᠴᠢᠨᠠᠷ ᠲᠠᠢ | ᠪᠣᠢ︖ | ᠸᠠᠩ ᠵᠠᠨ ᠭᠦᠸᠧ᠄ | ᠣᠳᠣᠬᠠᠨ ᠳᠤ᠂ ᠮᠠᠨ ᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠨᠢ ᠪᠦᠬᠦ ᠤᠯᠤᠰ ᠲᠠᠢ | ᠠᠳᠠᠯᠢ ᠪᠠᠷ ᠬᠥᠮᠦᠨ ᠠᠮᠠ ᠶᠢᠨ ᠨᠠᠰᠤᠵᠢᠯᠲᠠ᠂ ᠬᠤᠳᠠ ᠪᠠᠯᠭᠠᠰᠤᠴᠢᠯᠠᠬᠤ ᠪᠠ ᠤᠵᠢᠭ ᠡᠪᠡᠳᠴᠢᠨ ᠣᠯᠠᠨ ᠭᠠᠷᠬᠤ | ᠵᠡᠷᠭᠡ ᠮᠠᠰᠢ ᠤᠯᠠᠨ ᠰᠢᠨ᠎ᠡ ᠰᠢᠯᠭᠠᠯᠲᠠ ᠲᠤᠯᠭᠠᠷᠠᠵᠤ ᠪᠤᠢ᠂ ᠡᠮᠨᠡᠯᠭᠡ ᠶᠢᠨ ᠬᠤᠷᠢᠶ᠎ᠠ ᠪᠣᠯᠣᠨ ᠡᠪᠡᠳᠴᠢᠨ ᠡᠮᠭᠡᠭ ᠢᠶᠠᠷ | ᠭᠤᠣᠯ ᠪᠣᠯᠭᠠᠭᠰᠠᠨ ᠡᠮ ᠡᠮᠨᠡᠯᠭᠡ ᠡᠷᠡᠭᠦᠯ ᠮᠡᠨᠳᠦ ᠶᠢᠨ ᠦᠢᠯᠡᠴᠢᠯᠡᠭᠡ ᠶᠢᠨ ᠵᠠᠭᠪᠤᠷ ᠨᠢ ᠨᠢᠭᠡᠨᠲᠡ ᠤᠯᠠᠨ ᠲᠦᠮᠡᠨ ᠤ | ᠣᠷᠳᠣ ᠬᠤᠭᠤᠴᠠᠭᠠᠨ ᠤ᠂ ᠦᠷᠭᠦᠯᠵᠢᠯᠡᠭᠰᠡᠨ ᠡᠷᠡᠭᠦᠯ ᠬᠠᠮᠠᠭᠠᠯᠠᠯ ᠤᠨ ᠬᠠᠷᠠᠭᠠᠯᠵᠠᠯ ᠤᠨ ᠬᠡᠷᠡᠭᠴᠡᠭᠡ ᠶᠢ ᠬᠠᠩᠭᠠᠵᠤ | ᠳᠡᠶᠢᠯᠬᠦ ᠦᠭᠡᠢ ᠪᠣᠯᠪᠠ᠃ ᠡᠭᠦᠨ ᠤ ᠵᠡᠷᠭᠡᠴᠡᠭᠡᠪᠡᠷ᠂ ᠰᠠᠭᠤᠭᠠᠯᠢ ᠠᠷᠠᠳ ᠡᠪᠡᠳᠴᠢᠨ ᠦᠵᠡᠭᠦᠯᠬᠦ ᠳᠤ ᠶᠡᠭᠡ | ᠡᠮᠨᠡᠯᠭᠡ ᠶᠢᠨ ᠬᠤᠷᠢᠶ᠎ᠠ ᠳᠤ ᠲᠥᠪᠯᠡᠷᠡᠬᠦ ᠨᠢ ᠪᠠᠰᠠ ᠡᠪᠡᠳᠴᠢᠨ ᠡᠮᠨᠡᠭᠦᠯᠬᠦ ᠣᠷᠴᠢᠨ ᠲᠣᠭᠤᠷᠢᠨ᠂ ᠡᠮᠴᠢᠯᠡᠭᠡᠨ ᠤ ᠡᠬᠢ | ᠪᠠᠶᠠᠯᠢᠭ ᠲᠡᠩᠴᠡᠭᠦᠯᠬᠦ᠂ ᠡᠮᠴᠢᠯᠡᠭᠡᠨ ᠤ ᠵᠠᠷᠤᠳᠠᠯ ᠢ ᠵᠦᠢ ᠵᠣᠬᠢᠰᠲᠠᠶ ᠡᠵᠡᠮᠳᠡᠬᠦ ᠵᠡᠷᠭᠡ ᠳᠤ ᠠᠰᠢᠭ ᠦᠭᠡᠢ ᠪᠠᠶᠢᠨ᠎ᠠ᠃ | ᠡᠶᠢᠮᠦ ᠠᠴᠠ ᠦᠨᠳᠦᠰᠦᠨ ᠱᠠᠲᠤᠨ ᠳᠤ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠲᠦᠯᠬᠢᠨ | ᠠᠬᠢᠭᠤᠯᠬᠤ ᠨᠢ ᠵᠠᠪᠠᠯ ᠬᠢᠬᠦ ᠶᠠᠪᠤᠳᠠᠯ ᠪᠣᠯᠪᠠ᠃ ᠭᠡᠷ ᠪᠦᠯᠢ ᠶᠢᠨ ᠡᠮᠴᠢ ᠨᠢ ᠬᠥᠮᠦᠨ ᠢᠶᠠᠷ ᠭᠤᠣᠯ ᠪᠣᠯᠭᠠᠨ᠂ ᠭᠡᠷ | ᠪᠦᠯᠢ ᠪᠠᠷ ᠬᠤᠯᠪᠣᠭᠠᠰᠤ ᠪᠣᠯᠭᠠᠨ᠂ ᠨᠡᠶᠢᠭᠡᠮ ᠲᠣᠭᠤᠷᠢᠭ ᠢᠶᠠᠷ ᠰᠠᠭᠤᠷᠢ ᠪᠣᠯᠭᠠᠨ᠂ ᠪᠦᠬᠦᠯᠢ ᠴᠣᠭᠴᠠ ᠶᠢᠨ ᠡᠷᠡᠭᠦᠯ | ᠮᠡᠨᠳᠦ ᠶᠢ ᠬᠠᠮᠠᠭᠠᠯᠠᠵᠤ ᠠᠬᠢᠭᠤᠯᠬᠤ ᠪᠠᠷ ᠴᠢᠭᠯᠡᠯ ᠪᠣᠯᠭᠠᠨ᠂ ᠤᠯᠠᠨ ᠲᠦᠮᠡᠨ ᠳᠤ ᠤᠷᠳᠤ ᠬᠤᠭᠤᠴᠠᠭᠠᠨ ᠤ ᠭᠡᠷᠡᠲᠦ | ᠦᠢᠯᠡᠴᠢᠯᠡᠭᠡ ᠬᠠᠩᠭᠠᠬᠤ ᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠵᠠᠭᠪᠤᠷ ᠢ | ᠬᠤᠪᠢᠷᠠᠭᠤᠯᠬᠤ ᠳᠤ ᠠᠰᠢᠭᠲᠠᠶ ᠪᠥᠭᠡᠳ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠪᠠᠨ | ᠦᠨᠳᠦᠰᠦᠨ ᠱᠠᠲᠤᠨ ᠳᠤ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠵᠤ᠂ ᠤᠯᠠᠨ ᠲᠦᠮᠡᠨ ᠳᠤ ᠡᠷᠡᠭᠦᠯ | ᠬᠠᠮᠠᠭᠠᠯᠠᠯ ᠤᠨ ᠡᠭᠦᠳᠡ ᠰᠠᠬᠢᠭᠴᠢ ᠲᠠᠢ ᠪᠣᠯᠭᠠᠨ᠂ ᠤᠯᠠᠨ ᠲᠦᠮᠡᠨ ᠤ ᠥᠭᠡᠷᠡᠴᠢᠯᠡᠯᠲᠡ ᠶᠢᠨ ᠬᠦᠷᠲᠡᠭᠡᠯ ᠤᠨ | ᠲᠥᠷᠥᠭᠳᠡᠯ ᠢ ᠴᠢᠩᠭᠠᠷᠠᠭᠤᠯᠵᠤ᠂ ᠦᠨᠳᠦᠰᠦᠨ ᠱᠠᠲᠤᠨ ᠳᠤ ᠠᠩᠬ᠎ᠠ ᠡᠮᠴᠢᠯᠡᠭᠦᠯᠬᠦ᠂ ᠱᠠᠳᠤ ᠬᠤᠪᠢᠶᠠᠨ ᠣᠨᠣᠰᠢᠯᠠᠨ | ᠡᠮᠨᠡᠬᠦ ᠶᠢ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠬᠦ ᠪᠣᠯᠣᠨ᠎ᠠ᠃ | ᠬᠦᠲᠦᠯᠦᠭᠴᠢ᠄ | ᠣᠳᠣᠬᠠᠨ ᠳᠤ ᠮᠠᠨ ᠤ ᠣᠷᠣᠨ ᠤ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠥᠷᠨᠢᠭᠦᠯᠵᠦ | ᠪᠠᠶᠢᠭ᠎ᠠ ᠪᠠᠶᠢᠳᠠᠯ ᠨᠢ ᠶᠠᠮᠠᠷ ᠪᠠᠶᠢᠭ᠎ᠠ ᠪᠤᠢ︖ | ᠸᠠᠩ ᠵᠠᠨ ᠭᠦᠸᠧ᠄ | ᠮᠠᠨ ᠤ ᠣᠷᠣᠨ 2011 ᠣᠨ ᠠᠴᠠ ᠡᠬᠢᠯᠡᠨ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ | ᠲᠤᠷᠰᠢᠯᠲᠠ ᠬᠢᠵᠦ᠂ ᠦᠢᠯᠡᠴᠢᠯᠡᠬᠦ ᠠᠭᠤᠯᠭ᠎ᠠ᠂ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ᠂ ᠬᠢᠨᠠᠨ ᠰᠢᠯᠭᠠᠬᠤ ᠪᠠᠷ | ᠤᠷᠮᠠᠰᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠬᠠᠶᠢᠨ ᠰᠦᠪᠡᠭᠴᠢᠯᠡᠯᠲᠡ ᠬᠢᠵᠦ᠂ ᠥᠭᠡᠷᠡᠴᠢᠯᠡᠯᠲᠡ ᠳᠤ ᠡᠷᠬᠢᠮ | ᠨᠠᠨᠳᠢᠨ ᠲᠤᠷᠰᠢᠯᠭ᠎ᠠ ᠪᠠ ᠥᠷᠭᠡᠨ ᠳᠡᠯᠭᠡᠷ ᠤᠯᠠᠨ ᠲᠦᠮᠡᠨᠴᠢ ᠰᠠᠭᠤᠷᠢ ᠶᠢ ᠬᠤᠷᠠᠮᠳᠤᠭᠤᠯᠪᠠ᠃ ᠭᠡᠪᠡᠴᠦ ᠪᠢᠳᠡ | ᠮᠠᠨ ᠤ ᠣᠷᠣᠨ ᠤ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠳᠤ ᠭᠡᠷᠡᠲᠦ ᠦᠢᠯᠡᠴᠢᠯᠡᠭᠡᠨ ᠤ | ᠠᠭᠤᠯᠤᠭᠳᠠᠬᠤᠨ ᠨᠢ ᠨᠡᠯᠢᠶᠡᠳ ᠢᠪᠴᠤᠤ ᠮᠥᠷᠲᠡᠭᠡᠨ ᠪᠠᠰᠠ ᠵᠢᠷᠤᠮᠵᠢᠯ ᠦᠭᠡᠢ ᠪᠠᠶᠢᠬᠤ᠂ ᠭᠡᠷᠡᠲᠦ | ᠦᠢᠯᠡᠴᠢᠯᠡᠭᠡᠨ ᠤ ᠪᠡᠯᠡ ᠮᠥᠩᠭᠦ ᠴᠤᠭᠯᠠᠭᠤᠯᠬᠤ ᠲᠣᠭᠲᠠᠴᠠ ᠬᠠᠷᠠᠬᠠᠨ ᠲᠡᠭᠦᠯᠳᠡᠷᠵᠢᠭᠡᠳᠦᠶ᠂ ᠭᠡᠷ ᠪᠦᠯᠢ ᠶᠢᠨ | ᠡᠮᠴᠢ ᠶᠢᠨ ᠭᠡᠷᠡᠲᠦ ᠦᠢᠯᠡᠴᠢᠯᠡᠭᠡ ᠥᠷᠨᠢᠭᠦᠯᠬᠦ ᠳᠤ ᠤᠷᠮ᠎ᠠ ᠦᠭᠡᠶ ᠪᠠᠶᠢᠬᠤ ᠵᠡᠷᠭᠡ ᠠᠰᠠᠭᠤᠳᠠᠯ ᠣᠷᠣᠰᠢᠵᠤ᠂ | ᠢᠯᠠᠩᠭᠤᠶ᠎ᠠ ᠮᠠᠨ ᠤ ᠣᠷᠣᠨ ᠳᠤ ᠬᠢᠷᠢ ᠲᠡᠩᠴᠡᠭᠰᠡᠨ ᠭᠡᠷ ᠪᠦᠯᠢ ᠶᠢᠨ ᠡᠮᠴᠢ ᠴᠥᠬᠡᠨ᠂ ᠠᠵᠢᠯ ᠤᠨ ᠬᠥᠭᠵᠢᠯᠲᠡ ᠪᠠ | ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠨᠡᠯᠢᠶᠡᠳ ᠶᠡᠭᠡ ᠵᠦᠷᠢᠶ᠎ᠡ ᠲᠠᠢ︔ ᠦᠨᠳᠦᠰᠦᠨ ᠱᠠᠲᠤᠨ ᠳᠤ | ᠦᠢᠯᠡᠴᠢᠯᠡᠬᠦ ᠭᠡᠷ ᠪᠦᠯᠢ ᠶᠢᠨ ᠡᠮᠴᠢ ᠬᠢᠭᠡᠳ ᠳᠡᠭᠡᠳᠦ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ | ᠠᠵᠢᠯᠲᠠᠳ ᠤᠨ ᠴᠠᠯᠢᠩ ᠬᠥᠯᠥᠰᠥ᠂ ᠠᠵᠢᠯ ᠮᠡᠷᠭᠡᠵᠢᠯ ᠤᠨ ᠬᠥᠭᠵᠢᠯᠲᠡ ᠶᠢᠨ ᠣᠷᠣᠨ ᠵᠠᠶ ᠵᠡᠷᠭᠡ ᠲᠠᠯ᠎ᠠ ᠪᠠᠷ | ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠰᠢᠯᠢᠳᠡᠭ ᠴᠢᠳᠠᠪᠤᠷᠢᠲᠠᠨ ᠢ ᠲᠠᠲᠠᠬᠤ ᠪᠠ ᠦᠯᠡᠳᠡᠭᠡᠬᠦ ᠳᠤ ᠬᠦᠴᠢᠷᠲᠡᠢ | ᠪᠠᠶᠢᠬᠤ ᠶᠢ ᠡᠷᠬᠡᠪᠰᠢ ᠲᠣᠳᠣᠷᠬᠠᠢ ᠣᠯᠵᠤ ᠦᠵᠡᠬᠦ ᠬᠡᠷᠡᠭᠲᠡᠢ᠂ ᠡᠳᠡᠭᠡᠷ ᠠᠰᠠᠭᠤᠳᠠᠯ ᠨᠢ ᠴᠥᠮ ᠮᠠᠨ ᠤ ᠣᠷᠣᠨ ᠤ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠵᠢᠯ ᠢ ᠥᠷᠨᠢᠭᠦᠯᠬᠦ ᠶᠢ ᠬᠦᠨᠳᠦ ᠨᠣᠴᠢᠲᠠᠶ ᠬᠢᠵᠠᠭᠠᠷᠯᠠᠵᠤ᠂ | ᠮᠥᠨ ᠴᠦ ᠥᠭᠡᠷᠡᠴᠢᠯᠡᠯᠲᠡ ᠶᠢ ᠲᠠᠰᠤᠷᠠᠯᠲᠠ ᠦᠭᠡᠶ ᠭᠦᠨᠵᠡᠭᠡᠶᠢᠷᠡᠭᠦᠯᠬᠦ ᠪᠠᠷ ᠳᠠᠮᠵᠢᠨ ᠠᠯᠬᠤᠮ ᠠᠯᠬᠤᠮ ᠢᠶᠠᠷ | ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ | ᠬᠦᠲᠦᠯᠦᠭᠴᠢ᠄ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠶᠡᠷᠦᠩᠬᠡᠶ ᠰᠡᠳᠬᠢᠮᠵᠢ ᠨᠢ ᠶᠠᠭᠤ ᠪᠤᠶ︖ | ᠸᠠᠩ ᠵᠠᠨ ᠭᠦᠸᠧ᠄ | ᠮᠠᠨ ᠤ ᠣᠷᠣᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠲᠥᠯᠬᠢᠨ ᠠᠬᠢᠭᠤᠯᠬᠤ ᠶᠡᠷᠦᠩᠬᠡᠶ | ᠰᠡᠳᠬᠢᠮᠵᠢ ᠪᠣᠯ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠶ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠢ ᠦᠨᠳᠦᠰᠦᠯᠡᠨ᠂ | ᠡᠷᠡᠭᠦᠯ ᠮᠡᠨᠳᠦ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠣᠭᠤᠷᠢᠨ ᠳᠤ᠂ | ᠬᠥᠮᠦᠨ ᠪᠣᠯᠭᠠᠨ ᠳᠤ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠭᠦᠷᠳᠡᠭᠡᠭᠦ ᠬᠠᠷᠠᠯᠲᠠ ᠶᠢ | ᠪᠡᠶᠡᠯᠡᠭᠦᠯᠵᠦ᠂ ᠠᠷᠠᠳ ᠤᠯᠠᠨ ᠤ ᠡᠷᠡᠭᠦᠯ ᠮᠡᠨᠳᠦ ᠶᠢ ᠬᠠᠮᠠᠭᠠᠯᠠᠬᠤ ᠪᠠᠷ ᠭᠤᠣᠯ ᠪᠣᠯᠭᠠᠨ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠪᠠᠨ ᠬᠥᠳᠡᠭᠡ ᠲᠣᠰᠬᠤᠨ ᠳᠤ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠪᠠ ᠶᠡᠷᠦᠩᠬᠡᠶ ᠰᠠᠯᠠᠭᠠᠨ ᠤ ᠡᠮᠴᠢ ᠶᠢᠨ ᠲᠦᠷᠢᠮ ᠤᠨ ᠪᠠᠶᠢᠭᠤᠯᠤᠯᠲᠠ ᠲᠠᠢ ᠤᠶᠠᠯᠳᠤᠭᠤᠯᠤᠨ᠂ ᠭᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠲᠦᠷᠭᠡᠨ ᠠᠬᠢᠭᠤᠯᠵᠤ᠂ ᠭᠡᠷᠡᠲᠦ ᠦᠢᠯᠡᠴᠢᠯᠡᠭᠡᠨ ᠤ | ᠠᠭᠤᠯᠤᠭᠳᠠᠬᠤᠨ ᠢ ᠲᠠᠰᠤᠷᠠᠯᠲᠠ ᠦᠭᠡᠢ ᠪᠦᠷᠢᠨᠰᠢᠭᠦᠯᠵᠦ᠂ ᠮᠣᠩᠭᠤᠯ ᠬᠢᠲᠠᠳ ᠧᠦ᠋ᠷᠣᠫᠠ ᠡᠮᠨᠡᠯᠭᠡ ᠶᠢ | ᠤᠶᠠᠯᠳᠤᠭᠤᠯᠬᠤ ᠶᠢ ᠳᠣᠪᠤᠶᠢᠯᠭᠠᠵᠤ᠂ ᠤᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠭᠡᠷ᠎ᠡ ᠲᠣᠭᠲᠠᠬᠤ ᠬᠦᠰᠡᠯ | ᠵᠣᠷᠢᠭ ᠢ ᠬᠥᠪᠴᠢᠯᠡᠨ᠎ᠡ︔ ᠭᠡᠷᠡᠲᠦ ᠦᠢᠯᠡᠴᠢᠯᠡᠭᠡᠨ ᠤ ᠳᠣᠲᠣᠭᠠᠳᠤ ᠤᠷᠮᠠᠰᠢᠭᠤᠯᠭᠠ ᠪᠣᠯᠣᠨ ᠭᠠᠳᠠᠭᠠᠳᠤ ᠲᠦᠰᠢᠭ ᠢ | ᠪᠠᠶᠢᠭᠤᠯᠤᠨ ᠲᠡᠭᠦᠯᠳᠡᠷᠵᠢᠭᠦᠯᠵᠦ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠥᠷᠨᠢᠭᠦᠯᠬᠦ | ᠢᠳᠡᠪᠬᠢᠵᠢᠯ ᠢ ᠨᠢ ᠪᠠᠳᠠᠷᠠᠭᠤᠯᠬᠤ ᠬᠡᠷᠡᠭᠲᠡᠶ︔ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠣᠯᠣᠨ | ᠵᠠᠰᠠᠭ ᠤᠨ ᠣᠷᠳᠣᠨ ᠤ ᠡᠷᠬᠢᠯᠡᠭᠰᠡᠨ ᠪᠤᠰᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠣᠷᠣᠯᠴᠠᠬᠤ ᠶᠢ ᠵᠣᠷᠢᠭᠵᠢᠭᠤᠯᠤᠨ ᠵᠢᠯᠣᠭᠤᠳᠴᠤ᠂ ᠭᠡᠷᠡᠲᠦ ᠦᠢᠯᠡᠴᠢᠯᠡᠭᠡᠨ ᠤ ᠪᠦᠷᠬᠦᠬᠦ ᠬᠡᠪᠴᠢᠶ᠎ᠡ ᠪᠣᠯᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠳᠤ ᠠᠩᠬ᠎ᠠ ᠡᠮᠴᠢᠯᠡᠬᠦ᠂ ᠱᠠᠳᠤ ᠬᠤᠪᠢᠶᠠᠨ ᠣᠨᠣᠰᠢᠯᠠᠨ | ᠡᠮᠨᠡᠬᠦ ᠶᠢ ᠠᠬᠢᠭᠤᠯᠵᠤ᠂ ᠣᠯᠠᠨ ᠲᠦᠮᠡᠨ ᠳᠤ ᠶᠡᠷᠦᠩᠬᠡᠶᠢᠯᠡᠭᠰᠡᠨ᠂ ᠦᠷᠭᠦᠯᠵᠢᠯᠡᠭᠰᠡᠨ᠂ ᠬᠠᠮᠵᠢᠯᠴᠠᠭᠰᠠᠨ | ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ᠂ ᠠᠷᠠᠳ ᠤᠯᠠᠨ ᠤ ᠬᠦᠷᠲᠡᠭᠡᠯ ᠤᠨ | ᠲᠥᠷᠥᠭᠳᠡᠯ ᠢ ᠴᠢᠩᠭᠠᠷᠠᠭᠤᠯᠤᠨ᠎ᠠ᠃ | ᠭ᠊ᠦ᠋ᠲᠦᠯᠦᠭᠴᠢ᠄ | ᠭᠡᠷ ᠪᠦᠯᠢ ᠶᠢᠨ ᠡᠮᠴᠢ ᠶᠢᠨ ᠬᠡᠷᠡᠲᠦ ᠦᠢᠯᠡᠴᠢᠯᠡᠭᠡ ᠶᠢ ᠦᠷᠨᠢᠬᠦᠯᠬᠦ ᠨᠢ ᠶᠠᠮᠠᠷ ᠭᠤᠣᠯ | ᠬᠠᠷᠠᠯᠲᠠ ᠲᠠᠢ ᠪᠤᠶ︖ | ᠸᠠᠩ ᠵᠠᠨ ᠭᠦᠸᠧ᠄ | ᠭᠡᠷ ᠪᠦᠯᠢ ᠶᠢᠨ ᠡᠮᠴᠢ ᠶᠢᠨ ᠬᠡᠷᠡᠲᠦ ᠦᠢᠯᠡᠴᠢᠯᠡᠭᠡᠨ ᠢ ᠠᠬᠢᠭᠤᠯᠬᠤ ᠭᠤᠣᠯ ᠬᠠᠷᠠᠯᠲᠠ ᠪᠣᠯ 2016 | ᠣᠨ ᠳᠤ᠂ 8 ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠬᠤᠳᠠ ᠪᠤᠯᠤᠨ ᠱᠠᠳᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠭᠠᠵᠠᠷ ᠣᠷᠣᠨ ᠳᠤ ᠭᠡᠷ | ᠪᠦᠯᠢ ᠶᠢᠨ ᠡᠮᠴᠢ ᠶᠢᠨ ᠬᠡᠷᠡᠲᠦ ᠦᠢᠯᠡᠴᠢᠯᠡᠭᠡ ᠶᠢ ᠥᠷᠨᠢᠭᠦᠯᠵᠦ᠂ ᠪᠤᠰᠤᠳ ᠨᠥᠬᠦᠴᠡᠯ ᠲᠠᠢ ᠭᠠᠵᠠᠷ ᠣᠷᠣᠨ ᠢ | ᠵᠣᠷᠢᠭᠵᠢᠭᠤᠯᠵᠤ ᠪᠠᠶᠢᠭᠠᠳ ᠲᠤᠷᠰᠢᠯᠲᠠ ᠶᠢᠨ ᠠᠵᠢᠯ ᠢ ᠢᠳᠡᠪᠬᠢᠲᠡᠶ ᠦᠷᠨᠢᠬᠦᠯᠦᠨ᠎ᠡ᠃ ᠭᠤᠤᠯ ᠨᠢ ᠬᠡᠷᠡᠲᠦ | ᠦᠢᠯᠡᠴᠢᠯᠡᠭᠡᠨ ᠤ ᠠᠷᠭ᠎ᠠ ᠬᠡᠯᠪᠡᠷᠢ᠂ ᠠᠭᠤᠯᠭ᠎ᠠ᠂ ᠰᠦᠢᠳᠭᠡᠯ ᠬᠤᠷᠢᠶᠠᠬᠤ ᠲᠤᠰᠢᠶᠠᠬᠤ᠂ ᠬᠢᠨᠠᠨ ᠰᠢᠯᠭᠠᠬᠤ᠂ | ᠤᠷᠮᠠᠰᠢᠭᠤᠯᠬᠤ ᠲᠣᠭᠲᠠᠴᠠ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠵᠤ᠂ ᠨᠠᠰᠤᠲᠠᠶᠢᠴᠤᠳ᠂ ᠵᠢᠷᠮᠦᠰᠦᠨ ᠪᠠ | ᠬᠥᠩᠭᠡᠵᠢᠬᠦ ᠡᠮᠡᠭᠲᠡᠶ᠂ ᠬᠡᠦᠬᠡᠳ᠂ ᠵᠡᠮᠳᠡᠭᠴᠤᠳ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠶ ᠬᠥᠮᠦᠨ ᠠᠮᠠ ᠪᠤᠯᠤᠨ ᠲᠥᠯᠥᠪᠯᠡᠭᠡ ᠲᠠᠢ ᠪᠠᠷ ᠬᠡᠦᠬᠡᠳ ᠠᠪᠬᠤ ᠣᠨᠴᠠᠭᠠᠶ ᠭᠡᠷ ᠪᠦᠯᠢ ᠵᠡᠷᠭᠡ ᠶᠢᠨ | ᠠᠷᠠᠳ ᠣᠯᠠᠨ ᠵᠢᠴᠢ ᠴᠢᠰᠤᠨ ᠳᠠᠷᠤᠯᠲᠠ ᠥᠨᠳᠥᠷ ᠡᠪᠡᠳᠴᠢᠲᠡᠨ᠂ ᠰᠢᠬᠢᠷ ᠰᠢᠵᠢᠩ ᠡᠪᠡᠳᠴᠢᠲᠡᠨ᠂ ᠰᠦᠷᠢᠶ᠎ᠡ | ᠡᠪᠡᠳᠴᠢᠲᠡᠨ ᠵᠡᠷᠭᠡ ᠤᠵᠢᠭ ᠡᠪᠡᠳᠴᠢᠲᠡᠨ ᠪᠤᠯᠤᠨ ᠬᠦᠨᠳᠦ ᠨᠣᠴᠢᠲᠠᠶ ᠣᠶᠣᠨ ᠮᠡᠳᠡᠷᠡᠯ ᠤᠨ ᠰᠠᠭᠠᠳ ᠲᠠᠢ | ᠡᠪᠡᠳᠴᠢᠲᠡᠨ ᠵᠡᠷᠭᠡ ᠳᠤ ᠤᠷᠢᠳᠠᠪᠠᠷ ᠪᠦᠷᠬᠦᠬᠦᠯᠦᠨ᠎ᠡ᠃ 2016 ᠣᠨ ᠤ ᠵᠢᠯ ᠤᠨ ᠡᠴᠦᠰ ᠠᠴᠠ ᠡᠮᠦᠨ᠎ᠡ᠂ | ᠬᠤᠳᠠ ᠶᠢᠨ ᠭᠡᠷ ᠪᠦᠯᠢ ᠶᠢᠨ ᠡᠮᠴᠢ ᠶᠢᠨ ᠬᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ ᠶᠢ 15% ᠠᠴᠠ | ᠳᠡᠭᠡᠭᠰᠢ ᠳᠤ ᠬᠦᠷᠦᠭᠦᠯᠵᠦ᠂ ᠭᠤᠣᠯᠳᠠᠯᠭ᠎ᠠ ᠲᠠᠢ ᠬᠥᠮᠦᠰ ᠲᠤ ᠦᠵᠡᠭᠦᠯᠬᠦ ᠬᠡᠷᠡᠲᠦ ᠦᠢᠯᠡᠴᠢᠯᠡᠭᠡᠨ ᠤ | ᠪᠦᠷᠬᠦᠴᠡ ᠶᠢᠨ ᠨᠤᠷᠮ᠎ᠠ ᠶᠢ 30% ᠠᠴᠠ ᠳᠡᠭᠡᠭᠰᠢ ᠳᠤ ᠬᠦᠷᠦᠭᠦᠯᠦᠨ᠎ᠡ᠃ 2017 ᠣᠨ ᠪᠣᠯᠬᠤ ᠳᠤ᠂ ᠭᠡᠷ | ᠪᠦᠯᠢ ᠶᠢᠨ ᠡᠮᠴᠢ ᠶᠢᠨ ᠬᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ ᠶᠢ 30% ᠠᠴᠠ ᠳᠡᠭᠡᠭᠰᠢ ᠳᠤ | ᠬᠦᠷᠦᠬᠦᠯᠵᠤ᠂ ᠭᠤᠣᠯᠳᠠᠯᠭ᠎ᠠ ᠲᠠᠢ ᠬᠥᠮᠦᠰ ᠲᠤ ᠦᠵᠡᠭᠦᠯᠬᠦ ᠬᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ ᠶᠢ | 60% ᠠᠴᠠ ᠳᠡᠭᠡᠭᠰᠢ ᠳᠤ ᠬᠦᠷᠦᠭᠦᠯᠵᠦ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠶ ᠬᠥᠮᠦᠨ ᠠᠮᠠ ᠪᠤᠯᠤᠨ ᠲᠥᠯᠥᠪᠯᠡᠭᠡ ᠲᠠᠢ ᠪᠠᠷ ᠬᠡᠦᠬᠡᠳ ᠠᠪᠬᠤ ᠣᠨᠴᠠᠭᠠᠶ ᠭᠡᠷ ᠪᠦᠯᠢ ᠳᠤ | ᠦᠵᠡᠬᠦᠯᠬᠦ ᠬᠡᠷᠡᠲᠦ ᠦᠢᠯᠡᠴᠢᠯᠡᠭᠡᠨ ᠤ ᠨᠤᠷᠮ᠎ᠠ ᠶᠢ 70% ᠠᠴᠠ ᠳᠡᠭᠡᠭᠰᠢ ᠳᠤ ᠬᠦᠷᠦᠬᠦᠯᠦᠨ᠎ᠡ᠃ 2020 ᠣᠨ | ᠪᠣᠯᠬᠤ ᠳᠤ᠂ ᠬᠡᠷᠡᠲᠦ ᠦᠢᠯᠡᠴᠢᠯᠡᠭᠡ ᠶᠢ ᠪᠦᠬᠦ ᠬᠥᠮᠦᠰ ᠲᠤ ᠬᠦᠷᠲᠡᠯ᠎ᠡ ᠦᠷᠭᠡᠳᠭᠡᠬᠦ ᠪᠠᠷ ᠴᠢᠷᠮᠠᠶᠢᠵᠤ᠂ ᠭᠡᠷ ᠪᠦᠯᠢ | ᠨᠢᠭᠡᠪᠦᠷᠢ ᠳᠤ 1 ᠬᠡᠷᠡᠲᠦ ᠡᠮᠴᠢ ᠲᠠᠢ᠂ ᠰᠠᠭᠤᠭᠠᠯᠢ ᠠᠷᠠᠳ ᠨᠢᠭᠡᠪᠦᠷᠢ ᠳᠤ 1 ᠬᠤᠪᠢ ᠡᠯᠧᠺᠳ᠋ᠷᠣᠨ ᠡᠷᠡᠭᠦᠯ | ᠮᠡᠨᠳᠦ ᠶᠢᠨ ᠲᠠᠩᠰᠠ ᠡᠪᠬᠡᠮᠡᠯ ᠲᠠᠢ ᠪᠠᠶᠢᠬᠤ ᠶᠢ ᠪᠡᠶᠡᠯᠡᠭᠦᠯᠵᠤ᠂ ᠭᠡᠷ ᠪᠦᠯᠢ ᠶᠢᠨ ᠡᠮᠴᠢ ᠶᠢᠨ ᠬᠡᠷᠡᠲᠦ | ᠦᠢᠯᠡᠴᠢᠯᠡᠭᠡᠨ ᠤ ᠲᠥᠷᠢᠮ ᠢ ᠦᠨᠳᠦᠰᠦᠨ ᠳᠡᠭᠡᠨ ᠪᠦᠷᠢᠨ ᠪᠦᠷᠬᠦᠬᠦᠯᠦᠨ᠎ᠡ᠃ | ᠬᠦᠲᠦᠯᠦᠭᠴᠢ᠄ | ᠭᠡᠷ ᠪᠦᠯᠢ ᠶᠢᠨ ᠡᠮᠴᠢ ᠶᠢᠨ ᠬᠡᠷᠡᠲᠦ ᠦᠢᠯᠡᠴᠢᠯᠡᠭᠡ ᠶᠢ ᠬᠠᠩᠭᠠᠬᠤ ᠭᠤᠤᠯ ᠴᠣᠭᠴᠠ ᠨᠢ ᠬᠡᠨ ᠪᠤᠢ︖ | ᠸᠠᠩ ᠵᠠᠨ ᠭᠦᠸᠧ᠄ | ᠬᠡᠷ ᠪᠦᠯᠢ ᠶᠢᠨ ᠡᠮᠴᠢ ᠪᠣᠯ ᠤᠯᠠᠨ ᠲᠦᠮᠡᠨ ᠳᠤ ᠬᠡᠷᠡᠲᠦ ᠦᠢᠯᠡᠴᠢᠯᠡᠭᠡ ᠶᠢ ᠬᠠᠨᠭ᠍ᠭᠠᠬᠤ ᠨᠢᠭᠡᠳᠦᠭᠡᠷ | ᠬᠠᠷᠢᠭᠤᠴᠠᠯᠭ᠎ᠠ ᠡᠭᠦᠷᠭᠡᠯᠡᠭᠴᠢ ᠮᠥᠨ᠃ ᠣᠳᠣᠬᠢ ᠱᠠᠲᠤᠨ ᠳᠤ ᠭᠡᠷ ᠪᠦᠯᠢ ᠶᠢᠨ ᠡᠮᠴᠢ ᠶᠢ ᠭᠤᠤᠯ ᠨᠢ ᠳᠣᠣᠷᠠᠬᠢ | ᠬᠥᠮᠦᠰ ᠠᠴᠠ ᠡᠭᠦᠷᠭᠡᠯᠡᠨ᠎ᠡ᠄ ᠨᠢᠭᠡ ᠳᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠳᠠᠩᠰᠠᠯᠠᠭᠤᠯᠤᠭᠰᠠᠨ ᠶᠡᠷᠦᠩᠬᠡᠶ ᠰᠠᠯᠠᠭᠠᠨ ᠤ ᠡᠮᠴᠢ ︵ᠶᠡᠷᠦᠩᠬᠡᠶ ᠰᠠᠯᠠᠭᠠᠨ ᠤ ᠬᠠᠪᠰᠤᠷᠤᠭᠴᠢ | ᠡᠮᠴᠢ ᠪᠤᠯᠤᠨ ᠬᠢᠲᠠᠳ ᠡᠮᠨᠡᠯᠭᠡ ᠶᠢᠨ ᠲᠦᠷᠦᠯ ᠤᠨ ᠶᠡᠷᠦᠩᠬᠡᠶ ᠰᠠᠯᠠᠭᠠᠨ ᠤ ᠡᠮᠴᠢ ᠪᠠᠭᠲᠠᠨ᠎ᠠ︶᠃ ᠬᠤᠶᠠᠷ ᠲᠤ | ᠮᠡᠷᠭᠡᠵᠢᠯ ᠴᠢᠳᠠᠪᠤᠷᠢ ᠶᠢ ᠪᠦᠷᠢᠳᠦᠬᠦᠯᠦᠭᠰᠡᠨ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ | ᠶᠡᠭᠡ ᠡᠮᠴᠢ ᠪᠤᠯᠤᠨ ᠬᠥᠳᠡᠭᠡ ᠲᠣᠰᠬᠤᠨ ᠤ ᠡᠮᠴᠢ᠃ ᠭᠤᠷᠪᠠ ᠳᠤ ᠨᠥᠬᠦᠴᠡᠯ ᠳᠤ ᠨᠡᠶᠢᠴᠡᠬᠦ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠭᠡ ᠡᠮᠴᠢ ᠪᠣᠯᠤᠨ ᠳᠤᠮᠳᠠ ᠵᠡᠷᠭᠡ ᠠᠴᠠ ᠳᠡᠭᠡᠭᠰᠢᠬᠢ ᠮᠡᠷᠭᠡᠵᠢᠯ ᠤᠨ | ᠴᠣᠯᠠ ᠲᠠᠢ ᠠᠵᠢᠯ ᠠᠴᠠ ᠪᠠᠨ ᠪᠠᠭᠤᠵᠤ ᠠᠮᠠᠷᠠᠭᠰᠠᠨ ᠡᠮᠴᠢᠯᠡᠭᠡ ᠶᠢᠨ ᠡᠮᠴᠢ᠂ ᠢᠯᠠᠩᠭᠤᠶ᠎ᠠ ᠳᠣᠲᠣᠷ ᠰᠠᠯᠠᠭ᠎ᠠ᠂ | ᠡᠮᠡᠭᠲᠡᠶᠢᠴᠦᠳ ᠤᠨ ᠰᠠᠯᠠᠭ᠎ᠠ᠂ ᠬᠡᠦᠬᠡᠳ ᠤᠨ ᠰᠠᠯᠠᠭ᠎ᠠ᠂ ᠮᠣᠩᠭᠤᠯ ᠬᠢᠲᠠᠳ ᠡᠮᠨᠡᠯᠭᠡ ᠶᠢᠨ ᠶᠡᠭᠡ ᠡᠮᠴᠢ ᠵᠡᠷᠭᠡ | ᠪᠤᠯᠤᠨ᠎ᠠ᠃ ᠡᠭᠦᠨ ᠤ ᠬᠠᠮᠲᠤ ᠪᠠᠰᠠ ᠨᠥᠬᠦᠴᠡᠯ ᠳᠤ ᠨᠡᠶᠢᠴᠡᠭᠰᠡᠨ ᠵᠠᠰᠠᠭ ᠤᠨ ᠣᠷᠳᠣᠨ ᠤ ᠡᠷᠬᠢᠯᠡᠭᠰᠡᠨ ᠪᠤᠰᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ︵ᠬᠤᠪᠢ ᠶᠢᠨ ᠡᠮᠴᠢᠯᠡᠬᠦ ᠭᠠᠵᠠᠷ ᠪᠠᠭᠲᠠᠨ᠎ᠠ︶ ᠶᠢ ᠵᠤᠷᠢᠭᠵᠢᠭᠤᠯᠵᠤ | ᠪᠠᠶᠢᠭᠠᠳ ᠭᠡᠷᠡᠲᠦ ᠦᠢᠯᠡᠴᠢᠯᠡᠭᠡ ᠬᠢᠯᠬᠡᠬᠦ ᠶᠢᠨ ᠬᠠᠮᠲᠤ᠂ ᠠᠳᠠᠯᠢᠬᠠᠨ ᠰᠦᠢᠳᠭᠡᠯ ᠬᠤᠷᠢᠶᠠᠬᠤ ᠪᠠ ᠲᠤᠰᠢᠶᠠᠬᠤ | ᠲᠦᠷᠦ ᠶᠢᠨ ᠪᠤᠳᠤᠯᠭ᠎ᠠ ᠶᠢ ᠬᠦᠷᠲᠡᠭᠡᠨ᠎ᠡ᠃ ᠬᠤᠶᠢᠰᠢᠳᠠ ᠶᠡᠷᠦᠩᠬᠡᠶ ᠰᠠᠯᠠᠭᠠᠨ ᠤ ᠡᠮᠴᠢ ᠶᠢᠨ ᠴᠢᠳᠠᠪᠤᠷᠢᠲᠠᠨ ᠤ | ᠡᠩᠨᠡᠭᠡᠨ ᠤ ᠬᠥᠭᠵᠢᠯᠲᠡ ᠶᠢ ᠳᠠᠭᠠᠯᠳᠤᠨ᠂ ᠶᠡᠷᠦᠩᠬᠡᠶ ᠰᠠᠯᠠᠭᠠᠨ ᠤ ᠡᠮᠴᠢ ᠪᠠᠷ ᠭᠤᠣᠯ ᠪᠣᠯᠭᠠᠭᠰᠠᠨ ᠬᠡᠷᠡᠲᠦ | ᠦᠢᠯᠡᠴᠢᠯᠡᠭᠡᠨ ᠤ ᠡᠩᠨᠡᠭᠡ ᠶᠢ ᠠᠯᠬᠤᠮ ᠠᠯᠬᠤᠮ ᠢᠶᠠᠷ ᠪᠤᠢ ᠪᠣᠯᠭᠠᠨ᠎ᠠ᠃ | ᠬᠦᠲᠦᠯᠦᠭᠴᠢ᠄ | ᠭᠡᠷ ᠪᠦᠯᠢ ᠶᠢᠨ ᠡᠮᠴᠢ ᠶᠢᠨ ᠬᠡᠷᠡᠲᠦ ᠦᠢᠯᠡᠴᠢᠯᠡᠭᠡ ᠨᠢ ᠶᠠᠮᠠᠷ ᠬᠦ ᠦᠢᠯᠡᠴᠢᠯᠡᠭᠡᠨ ᠤ ᠬᠡᠯᠪᠡᠷᠢ ᠶᠢ ᠠᠪᠬᠤ | ᠪᠤᠢ︖ | ᠸᠠᠩ ᠵᠠᠨ ᠭᠦᠸᠧ᠄ | ᠭᠡᠷ ᠪᠦᠯᠢ ᠶᠢᠨ ᠡᠮᠴᠢ ᠶᠢᠨ ᠬᠡᠷᠡᠲᠦ ᠦᠢᠯᠡᠴᠢᠯᠡᠭᠡ ᠨᠢ ᠵᠠᠷᠴᠢᠮ ᠳᠡᠭᠡᠷ᠎ᠡ ᠪᠠᠨ ᠪᠦᠯᠬᠦᠮ ᠨᠡᠶᠢᠲᠡ ᠶᠢᠨ | ᠦᠢᠯᠡᠴᠢᠯᠡᠭᠡ ᠶᠢᠨ ᠬᠡᠯᠪᠡᠷᠢ ᠶᠢ ᠠᠪᠤᠨ᠎ᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠢ ᠭᠡᠷ᠎ᠡ ᠲᠤᠭᠲᠠᠬᠤ ᠪᠦᠯᠬᠦᠮ ᠨᠡᠶᠢᠲᠡ ᠶᠢᠨ ᠠᠵᠢᠯ ᠤᠨ ᠡᠭᠦᠷᠭᠡ᠂ ᠠᠵᠢᠯ ᠤᠨ ᠴᠤᠪᠤᠷᠠᠯ᠂ ᠲᠦᠷᠢᠮ | ᠲᠣᠭᠲᠠᠭᠠᠯ ᠤᠨ ᠵᠢᠷᠤᠮᠵᠢᠯ ᠵᠢᠴᠢ ᠪᠦᠷᠢᠯᠳᠦᠬᠦᠨ ᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠤᠲᠤᠷᠬᠠᠶᠢᠯᠠᠬᠤ | ᠡᠭᠦᠷᠭᠡ ᠬᠠᠷᠢᠭᠤᠴᠠᠯᠭ᠎ᠠ ᠲᠠᠢ ᠪᠦᠭᠡᠳ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠠᠮᠵᠢᠯᠲᠠ ᠪᠦᠲᠦᠮᠵᠢ ᠶᠢ | ᠬᠢᠨᠠᠨ ᠰᠢᠯᠭᠠᠨ᠎ᠠ᠃ ᠨᠢᠭᠡ ᠳᠤ ᠬᠤᠳᠠ ᠪᠤᠯᠤᠨ ᠬᠤᠰᠢᠭᠤ ᠰᠢᠶᠠᠨ ᠤ ᠪᠠᠶᠢᠭ᠎ᠠ ᠭᠠᠵᠠᠷ ᠲᠤ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠨᠢ | ᠭᠤᠤᠯᠳᠠᠭᠤ ᠡᠮᠴᠢ᠂ ᠰᠤᠪᠢᠯᠠᠭᠴᠢ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠶᠡᠭᠡ ᠡᠮᠴᠢ ︵ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠠᠯᠠᠭᠴᠢ ᠡᠮᠴᠢ ᠪᠠᠭᠲᠠᠨ᠎ᠠ︶ ᠵᠡᠷᠭᠡ ᠪᠠᠷ ᠪᠦᠷᠢᠯᠳᠦᠵᠤ᠂ ᠬᠤᠶᠠᠳᠤᠭᠠᠷ | ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠨᠢ ᠨᠡᠶᠢᠭᠡᠮ ᠲᠣᠭᠤᠷᠢᠭ ᠲᠤ ︽ᠡᠮᠴᠢ ᠶᠢᠨ ᠠᠵᠢᠯ ᠤᠨ ᠦᠷᠦᠭᠡ︾ | ᠪᠠᠶᠢᠭᠤᠯᠬᠤ ᠵᠡᠷᠭᠡ ᠬᠡᠯᠪᠡᠷᠢ ᠪᠠᠷ ᠮᠡᠷᠭᠡᠵᠢᠯ ᠤᠨ ᠳᠡᠮᠵᠢᠯᠭᠡ ᠪᠤᠯᠤᠨ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ | ᠬᠠᠨᠭ᠍ᠭᠠᠨ᠎ᠠ᠃ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠳᠤ᠂ ᠰᠢᠶᠠᠩ ᠲᠤᠰᠬᠤᠨ ᠢ ᠨᠢᠭᠡ ᠴᠤᠭᠴᠠᠵᠢᠭᠤᠯᠤᠭᠰᠠᠨ | ᠬᠠᠮᠢᠶᠠᠷᠤᠯᠲᠠ ᠪᠤᠯᠤᠨ ᠲᠣᠭᠲᠠᠮᠠᠯ ᠬᠢᠭᠡᠳ ᠨᠡᠭᠦᠳᠡᠯ ᠢ ᠬᠠᠷᠢᠯᠴᠠᠨ ᠤᠶᠠᠯᠳᠤᠭᠤᠯᠤᠭᠰᠠᠨ ᠦᠢᠯᠡᠴᠢᠯᠡᠭᠡᠨ ᠤ | ᠵᠠᠭᠪᠤᠷᠰᠢᠯ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠭᠠᠴᠠᠭ᠎ᠠ ᠲᠣᠰᠬᠤᠨ ᠳᠤ ᠲᠣᠭᠲᠠᠮᠠᠯ ᠡᠷᠡᠭᠦᠯ | ᠬᠠᠮᠠᠭᠠᠯᠠᠯ ᠤᠨ ᠦᠷᠦᠭᠡ ᠲᠠᠢ ᠪᠤᠯ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠪᠦᠯᠬᠦᠮ | ᠨᠡᠶᠢᠲᠡ ᠪᠠᠷ ᠮᠡᠷᠭᠡᠵᠢᠯ ᠤᠨ ᠲᠦᠰᠢᠭ ᠪᠣᠯᠭᠠᠨ᠂ ᠬᠥᠳᠡᠭᠡ ᠲᠣᠰᠬᠤᠨ ᠤ ᠡᠮᠴᠢ ᠪᠠᠷ ᠭᠡᠷ᠎ᠡ ᠲᠤᠭᠲᠠᠬᠤ ᠭᠤᠤᠯ | ᠴᠣᠭᠴᠠ ᠪᠤᠯᠭᠠᠨ᠂ ᠪᠦᠯᠬᠦᠮ ᠨᠡᠶᠢᠲᠡ ᠶᠢᠨ ᠬᠡᠷᠡᠲᠦ ᠦᠢᠯᠡᠴᠢᠯᠡᠭᠡ ᠬᠠᠨᠭ᠍ᠭᠠᠨ᠎ᠠ︔ ᠲᠣᠭᠲᠠᠮᠠᠯ ᠬᠢᠭᠡᠳ ᠨᠡᠭᠦᠳᠡᠯ ᠢ | ᠬᠠᠷᠢᠯᠴᠠᠨ ᠤᠶᠠᠯᠳᠤᠭᠤᠯᠬᠤ ᠠᠷᠭ᠎ᠠ ᠪᠠᠷ ᠦᠢᠯᠡᠴᠢᠯᠡᠭᠡ ᠬᠠᠨᠭ᠍ᠭᠠᠵᠤ ᠪᠠᠶᠢᠭ᠎ᠠ ᠭᠠᠵᠠᠷ ᠣᠷᠣᠨ ᠨᠢ ᠨᠡᠭᠦᠳᠡᠯ ᠡᠮ | ᠡᠮᠨᠡᠯᠭᠡ ᠶᠢᠨ ᠦᠢᠯᠡᠴᠢᠯᠡᠭᠡᠨ ᠤ ᠤᠶᠢᠷᠳᠡᠭᠡ ᠳᠤ ᠲᠦᠰᠢᠭᠯᠡᠨ᠂ ᠪᠦᠯᠬᠦᠮ ᠨᠡᠶᠢᠲᠡ ᠶᠢᠨ ᠬᠡᠷᠡᠲᠦ ᠦᠢᠯᠡᠴᠢᠯᠡᠭᠡ | ᠬᠠᠨᠭ᠍ᠭᠠᠨ᠎ᠠ᠃ ᠭᠤᠷᠪᠠ ᠳᠤ ᠬᠤᠶᠠᠳᠤᠭᠠᠷ ᠳᠡᠰ ᠠᠴᠠ ᠳᠡᠭᠡᠭᠰᠢᠬᠢ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠳᠡᠮᠵᠢᠵᠤ ᠪᠠᠶᠢᠭ᠎ᠠ ᠡᠮᠴᠢ ᠶᠢ ᠬᠡᠷᠡᠲᠦ ᠪᠦᠯᠬᠦᠮ | ᠨᠡᠶᠢᠲᠡ ᠳᠤ ᠤᠷᠤᠯᠴᠠᠭᠤᠯᠵᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠤᠯᠤᠨ ᠬᠡᠷᠡᠲᠦ ᠦᠢᠯᠡᠴᠢᠯᠡᠭᠡ | ᠬᠢᠯᠬᠡᠨ᠎ᠡ᠃ | ᠬᠦᠲᠦᠯᠦᠭᠴᠢ᠄ | ᠰᠠᠭᠤᠭᠠᠯᠢ ᠠᠷᠠᠳ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠯᠦᠭᠡ ᠬᠡᠷᠬᠢᠨ ᠭᠡᠷ᠎ᠡ ᠲᠤᠭᠲᠠᠬᠤ | ᠪᠤᠢ︖ | ᠸᠠᠩ ᠵᠠᠨ ᠭᠦᠸᠧ᠄ | ᠰᠠᠭᠤᠭᠠᠯᠢ ᠠᠷᠠᠳ ᠪᠤᠶᠤ ᠭᠡᠷ ᠪᠦᠯᠢ ᠨᠢ ᠰᠠᠶᠢᠨ ᠳᠤᠷ᠎ᠠ ᠠᠴᠠ ᠪᠠᠨ 1 ᠭᠡᠷ ᠪᠦᠯᠢ ᠶᠢᠨ ᠡᠮᠴᠢ ᠶᠢᠨ | ᠪᠦᠯᠬᠦᠮ ᠨᠡᠶᠢᠲᠡ ᠶᠢ ᠰᠤᠩᠭᠤᠨ ᠦᠢᠯᠡᠴᠢᠯᠡᠭᠡᠨ ᠤ ᠵᠦᠪᠳᠡᠯᠴᠡᠭᠡᠷ ᠲᠤᠭᠲᠠᠵᠤ ᠪᠣᠯᠤᠨ᠎ᠠ᠃ ᠦᠢᠯᠡᠴᠢᠯᠡᠭᠡᠨ ᠤ | ᠵᠦᠪᠳᠡᠯᠴᠡᠭᠡᠷ ᠲᠤ ᠬᠡᠷᠡᠲᠦ ᠦᠢᠯᠡᠴᠢᠯᠡᠭᠡᠨ ᠤ ᠠᠭᠤᠯᠭ᠎ᠠ᠂ ᠬᠡᠯᠪᠡᠷᠢ᠂ ᠬᠤᠭᠤᠴᠠᠭ᠎ᠠ ᠪᠤᠯᠤᠨ ᠬᠤᠶᠠᠷ ᠲᠠᠯ᠎ᠠ ᠶᠢᠨ | ᠬᠠᠷᠢᠭᠤᠴᠠᠯᠭ᠎ᠠ᠂ ᠡᠷᠬᠡ ᠠᠰᠢᠭ᠂ ᠡᠭᠦᠷᠭᠡ ᠵᠢᠴᠢ ᠪᠤᠰᠤᠳ ᠬᠤᠯᠪᠣᠭᠳᠠᠯ ᠪᠦᠬᠦᠢ ᠵᠦᠢᠯᠡᠰ ᠢ ᠲᠤᠲᠤᠷᠬᠠᠶᠢᠯᠠᠬᠤ | ᠬᠡᠷᠡᠭᠲᠡᠶ᠃ ᠤᠳᠠᠭ᠎ᠠ ᠪᠦᠷᠢ ᠭᠡᠷ᠎ᠡ ᠲᠣᠭᠲᠠᠬᠤ ᠦᠢᠯᠡᠴᠢᠯᠡᠭᠡᠨ ᠤ ᠦᠶᠡᠯᠡᠯ ᠨᠢ ᠵᠠᠷᠴᠢᠮ ᠳᠡᠭᠡᠷ᠎ᠡ ᠪᠠᠨ ᠨᠢᠭᠡ ᠵᠢᠯ ᠤᠨ | ᠬᠤᠭᠤᠴᠠᠭ᠎ᠠ ᠲᠠᠢ᠂ ᠬᠤᠭᠤᠴᠠᠭ᠎ᠠ ᠳᠦᠭᠦᠷᠦᠭᠰᠡᠨ ᠤ ᠲᠠᠷᠠᠭ᠎ᠠ ᠰᠠᠭᠤᠭᠠᠯᠢ ᠠᠷᠠᠳ ᠦᠢᠯᠡᠴᠢᠯᠡᠭᠡᠨ ᠤ ᠪᠠᠶᠢᠳᠠᠯ ᠢ | ᠦᠨᠳᠦᠰᠦᠯᠡᠨ ᠦᠷᠭᠦᠯᠵᠢᠯᠡᠨ ᠭᠡᠷ᠎ᠡ ᠲᠤᠭᠲᠠᠵᠤ ᠪᠣᠯᠤᠨ᠎ᠠ᠂ ᠡᠰᠡᠬᠦᠯ᠎ᠡ ᠪᠤᠰᠤᠳ ᠭᠡᠷ ᠪᠦᠯᠢ ᠶᠢᠨ ᠡᠮᠴᠢ ᠶᠢᠨ | ᠪᠦᠯᠬᠦᠮ ᠨᠡᠶᠢᠲᠡ ᠶᠢ ᠰᠤᠩᠭᠤᠨ ᠭᠡᠷ᠎ᠡ ᠲᠤᠭᠲᠠᠵᠤ ᠪᠤᠯᠤᠨ᠎ᠠ᠃ ᠰᠠᠭᠤᠭᠠᠯᠢ ᠠᠷᠠᠳ ᠤᠶᠢᠢᠷ᠎ᠠ ᠬᠠᠪᠢ ᠳᠠᠭᠠᠨ ᠭᠡᠷ᠎ᠡ | ᠲᠤᠭᠲᠠᠬᠤ ᠶᠢ ᠵᠤᠷᠢᠭᠵᠢᠭᠤᠯᠤᠨ ᠵᠢᠯᠤᠭᠤᠳᠤᠨ᠎ᠠ᠂ ᠣᠷᠣᠨ ᠪᠦᠰᠡ ᠠᠯᠤᠰᠯᠠᠭᠰᠠᠨ ᠭᠡᠷ᠎ᠡ ᠲᠣᠭᠲᠠᠭᠰᠠᠨ ᠴᠤ | ᠪᠣᠯᠤᠨ᠎ᠠ᠂ ᠬᠡᠬᠦ ᠳᠡᠭᠡᠨ ᠡᠮᠬᠢ ᠵᠢᠷᠤᠮ ᠲᠠᠢ ᠪᠠᠷ ᠥᠷᠢᠰᠥᠯᠳᠦᠬᠦ ᠲᠣᠭᠲᠠᠴᠠ ᠶᠢ ᠪᠠᠶᠢᠭᠤᠯᠤᠨ᠎ᠠ᠃ ᠰᠠᠭᠤᠭᠠᠯᠢ ᠠᠷᠠᠳ | ᠪᠤᠶᠤ ᠭᠡᠷ ᠪᠦᠯᠢ ᠨᠢ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠯᠤᠭ᠎ᠠ ᠭᠡᠷ᠎ᠡ ᠲᠣᠭᠲᠠᠬᠤ ᠳᠠᠭᠠᠨ ᠪᠠᠰᠠ᠂ | ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠲᠤᠰ ᠲᠤᠰ | ᠨᠢᠭᠡ ᠶᠢ ᠰᠠᠶᠢᠨ ᠳᠤᠷ᠎ᠠ ᠠᠴᠠ ᠪᠠᠨ ᠰᠣᠩᠭᠤᠵᠤ᠂ ︽1 + 1 + 1︾ ᠶᠢᠨ ᠨᠡᠶᠢᠯᠡᠯ ᠭᠡᠷ᠎ᠡ ᠲᠣᠭᠲᠠᠬᠤ | ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠨᠡᠶᠢᠯᠡᠯ ᠳᠣᠲᠣᠷ᠎ᠠ ᠪᠠᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ | ᠡᠮᠴᠢᠯᠡᠭᠡᠨ ᠤ ᠪᠠᠶᠢᠭᠤᠯᠤᠮᠵᠢ ᠶᠢ ᠥᠪᠡᠰᠦᠪᠡᠨ ᠰᠣᠩᠭᠤᠵᠤ ᠪᠣᠯᠬᠤ ᠪᠦᠭᠡᠳ ᠦᠨᠳᠦᠰᠦᠨ ᠱᠠᠲᠤᠨ ᠳᠤ ᠠᠩᠬ᠎ᠠ | ᠡᠮᠴᠢᠯᠡᠭᠦᠯᠬᠦ ᠳᠤ ᠠᠯᠬᠤᠮ ᠠᠯᠬᠤᠮ ᠢᠶᠠᠷ ᠰᠢᠯᠵᠢᠭᠦᠯᠦᠨ᠎ᠡ︔ ᠨᠡᠶᠢᠯᠡᠯ ᠠᠴᠠ ᠪᠠᠨ ᠭᠠᠳᠠᠨ᠎ᠠ ᠡᠮᠴᠢᠯᠡᠭᠦᠯᠬᠦ ᠳᠤ ᠭᠡᠷ | ᠪᠦᠯᠢ ᠶᠢᠨ ᠡᠮᠴᠢ ᠶᠢᠨ ᠡᠮᠨᠡᠯᠭᠡ ᠰᠢᠯᠵᠢᠭᠦᠯᠦᠨ ᠡᠮᠴᠢᠯᠡᠭᠦᠯᠬᠦ ᠵᠥᠪᠰᠢᠶᠡᠷᠡᠯ ᠢᠶᠠᠷ ᠳᠠᠮᠵᠢᠨ᠂ ᠡᠮᠬᠢ ᠵᠢᠷᠤᠮ ᠲᠠᠢ | ᠡᠮᠴᠢᠯᠡᠭᠦᠯᠬᠦ ᠪᠠᠶᠢᠷᠢᠰᠢᠯ ᠢ ᠪᠤᠢ ᠪᠣᠯᠭᠠᠨ᠎ᠠ᠃ | ᠬᠦᠲᠦᠯᠦᠭᠴᠢ᠄ | ᠰᠠᠭᠤᠭᠠᠯᠢ ᠠᠷᠠᠳ ᠭᠡᠷ᠎ᠡ ᠲᠣᠭᠲᠠᠭᠰᠠᠨ ᠤ ᠳᠠᠷᠠᠭ᠎ᠠ ᠶᠠᠮᠠᠷ ᠶᠠᠮᠠᠷ ᠦᠢᠯᠡᠴᠢᠯᠡᠭᠡ ᠪᠠ ᠬᠠᠷᠠᠭᠠᠯᠵᠠᠯ ᠬᠦᠷᠲᠡᠵᠦ | ᠪᠣᠯᠬᠤ ᠪᠤᠢ︖ | ᠸᠠᠩ ᠵᠠᠨ ᠭᠦᠸᠧ᠄ | ᠰᠠᠭᠤᠭᠠᠯᠢ ᠠᠷᠠᠳ ᠭᠡᠷ᠎ᠡ ᠲᠣᠭᠲᠠᠭᠰᠠᠨ ᠤ ᠲᠠᠷᠠᠭ᠎ᠠ᠂ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠶᠢᠨ | ᠬᠠᠩᠭᠠᠭᠰᠠᠨ ᠦᠨᠳᠦᠰᠦᠨ ᠡᠮ ᠡᠮᠨᠡᠯᠭᠡ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠪᠣᠯᠵᠣᠨ ᠲᠣᠭᠲᠠᠭᠰᠠᠨ | ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠣᠯᠵᠤ ᠬᠦᠷᠲᠡᠨ᠎ᠡ᠃ ᠦᠨᠳᠦᠰᠦᠨ ᠡᠮ ᠡᠮᠨᠡᠯᠭᠡ ᠶᠢᠨ | ᠦᠢᠯᠡᠴᠢᠯᠡᠭᠡ ᠨᠢ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠤᠯᠡᠠ ᠡᠭᠦᠰᠳᠡᠭ ᠡᠪᠡᠳᠴᠢᠨ ᠤ ᠮᠣᠩᠭᠤᠯ ᠬᠢᠲᠠᠳ | ᠡᠮ ᠡᠮᠨᠡᠯᠭᠡ ᠪᠠ ᠧᠦ᠋ᠷᠣᠫᠠ ᠡᠮᠨᠡᠯᠭᠡ ᠶᠢᠨ ᠡᠮᠴᠢᠯᠡᠭᠡ᠂ ᠵᠦᠢ ᠵᠣᠬᠢᠰᠲᠠᠶ ᠪᠠᠷ ᠡᠮ ᠬᠡᠷᠡᠭᠯᠡᠬᠦ᠂ ᠡᠮᠨᠡᠭᠦᠯᠬᠦ ᠵᠠᠮ | ᠮᠥᠷ ᠢ ᠵᠢᠯᠣᠭᠤᠳᠬᠤ ᠪᠠ ᠰᠢᠯᠵᠢᠭᠦᠯᠦᠨ ᠡᠮᠨᠡᠭᠦᠯᠬᠦ ᠪᠠᠷ ᠤᠷᠢᠳᠴᠢᠯᠠᠨ ᠪᠣᠯᠵᠣᠬᠤ ᠵᠡᠷᠭᠡ ᠶᠢ ᠬᠠᠮᠤᠷᠤᠨ᠎ᠠ︔ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠨᠢ ᠤᠯᠤᠰ ᠤᠨ ᠦᠨᠳᠦᠰᠦᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢᠨ ᠲᠥᠷᠥᠯ ᠵᠦᠢᠯ ᠪᠠ ᠲᠣᠭᠲᠠᠭᠠᠭᠰᠠᠨ ᠪᠤᠰᠤᠳ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢ ᠬᠠᠮᠤᠷᠤᠨ᠎ᠠ︔ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠳᠤ | ᠭᠤᠣᠯᠳᠠᠭᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠳᠤ | ᠬᠠᠨᠳᠤᠭᠤᠯᠤᠨ ᠠᠳᠠᠯᠢ ᠪᠤᠰᠤ ᠲᠦᠷᠦᠯ ᠬᠡᠯᠪᠡᠷᠢ ᠶᠢᠨ ᠣᠨᠴᠠᠯᠢᠭᠵᠢᠭᠰᠠᠨ ᠭᠡᠷᠡᠲᠦ ᠦᠢᠯᠡᠴᠢᠯᠡᠭᠡᠨ ᠤ ᠠᠭᠤᠯᠭ᠎ᠠ ᠶᠢ | ᠲᠣᠭᠲᠠᠭᠠᠨ᠎ᠠ᠂ ᠡᠭᠦᠨ ᠳᠤ ᠡᠷᠡᠭᠦᠯ ᠮᠡᠨᠳᠦ ᠶᠢᠨ ᠦᠨᠡᠯᠡᠯᠲᠡ᠂ ᠡᠷᠡᠭᠦᠯᠵᠢᠭᠦᠯᠬᠦ ᠵᠢᠯᠣᠭᠤᠳᠤᠯᠭ᠎ᠠ᠂ ᠭᠡᠷ ᠪᠦᠯᠢ ᠶᠢᠨ | ᠡᠪᠡᠳᠴᠢᠲᠡᠨ ᠤ ᠣᠷᠣ᠂ ᠭᠡᠷ ᠪᠦᠯᠢ ᠶᠢᠨ ᠰᠤᠪᠢᠯᠠᠯᠲᠠ᠂ ᠮᠣᠩᠭᠤᠯ ᠬᠢᠲᠠᠳ ᠡᠮ ᠡᠮᠨᠡᠯᠭᠡ ᠶᠢᠨ ︽ᠡᠪᠡᠳᠴᠢᠨ | ᠦᠭᠡᠢ ᠶᠢ ᠵᠠᠰᠠᠬᠤ︾ ᠦᠢᠯᠡᠴᠢᠯᠡᠭᠡ᠂ ᠠᠯᠤᠰ ᠡᠵᠡᠮᠰᠢᠯᠲᠦ ᠡᠷᠡᠭᠦᠯ ᠮᠡᠨᠳᠦ ᠶᠢᠨ ᠲᠤᠬᠠᠶ ᠪᠠᠶᠢᠴᠠᠭᠠᠯᠲᠠ ᠵᠡᠷᠭᠡ ᠶᠢ | ᠪᠠᠭᠲᠠᠭᠠᠵᠤ ᠪᠣᠯᠣᠨ᠎ᠠ᠃ ᠡᠭᠦᠨ ᠤ ᠵᠡᠷᠭᠡᠴᠡᠭᠡᠪᠡᠷ᠂ ᠪᠢᠳᠡ ᠭᠡᠷᠡᠲᠦ ᠦᠢᠯᠡᠴᠢᠯᠡᠭᠡᠨ ᠤ ᠠᠭᠤᠯᠤᠭᠳᠠᠬᠤᠨ ᠢ | ᠲᠠᠰᠤᠷᠠᠯᠲᠠ ᠦᠭᠡᠢ ᠰᠢᠯᠢᠳᠡᠭᠵᠢᠭᠦᠯᠬᠦ ᠪᠠᠷ ᠳᠠᠮᠵᠢᠭᠤᠯᠵᠤ ᠰᠠᠭᠤᠭᠠᠯᠢ ᠠᠷᠠᠳ ᠤᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠤᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠠᠭᠤᠭᠠᠯᠢ | ᠠᠷᠠᠳ ᠭᠡᠷ᠎ᠡ ᠲᠣᠭᠲᠠᠭᠰᠠᠨ ᠤ ᠲᠠᠷᠠᠭ᠎ᠠ᠂ ᠡᠮᠨᠡᠭᠦᠯᠬᠦ᠂ ᠡᠮᠨᠡᠯᠭᠡ ᠰᠢᠯᠵᠢᠨ ᠡᠮᠨᠡᠭᠦᠯᠬᠦ᠂ ᠡᠮ ᠬᠡᠷᠡᠭᠯᠡᠬᠦ᠂ ᠡᠮ | ᠡᠮᠨᠡᠯᠭᠡ ᠶᠢᠨ ᠳᠠᠭᠠᠳᠬᠠᠯ ᠵᠡᠷᠭᠡ ᠲᠠᠯ᠎ᠠ ᠪᠠᠷ ᠵᠥᠷᠢᠶ᠎ᠡ ᠲᠠᠢ ᠬᠡᠯᠪᠠᠶᠢᠯᠭᠡᠬᠦ ᠲᠦᠷᠦ ᠶᠢᠨ ᠪᠤᠳᠦᠯᠭ᠎ᠠ ᠶᠢᠨ ᠬᠠᠷᠠᠭᠠᠯᠵᠠᠯ ᠢ | ᠬᠦᠷᠲᠡᠨ᠎ᠡ᠂ ᠨᠢᠭᠡ ᠳᠤ ᠡᠮᠨᠡᠭᠦᠯᠬᠦ ᠲᠠᠯ᠎ᠠ ᠪᠠᠷ᠂ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠨᠢ | ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡᠨ ᠤ ᠵᠠᠭᠪᠤᠷ ᠪᠠᠨ ᠪᠦᠷᠢᠨᠰᠢᠭᠦᠯᠵᠦ᠂ ᠬᠡᠯᠡᠯᠴᠡᠭᠡᠷ ᠶᠣᠰᠣᠭᠠᠷ ᠭᠡᠷ᠎ᠡ | ᠲᠣᠭᠲᠠᠭᠰᠠᠨ ᠰᠠᠭᠤᠭᠠᠯᠢ ᠠᠷᠠᠳ ᠲᠤ ᠪᠦᠬᠦ ᠶᠠᠪᠤᠴᠠ ᠪᠠᠷ ᠦᠢᠯᠡᠴᠢᠯᠡᠬᠦ᠂ ᠭᠡᠷ ᠲᠤᠨᠢ ᠬᠦᠷᠴᠦ ᠦᠢᠯᠡᠴᠢᠯᠡᠬᠦ᠂ ᠴᠠᠭ | ᠵᠥᠷᠢᠭᠦᠯᠦᠨ ᠦᠢᠯᠡᠴᠢᠯᠡᠬᠦ᠂ ᠪᠣᠯᠵᠤᠭ᠎ᠠ ᠲᠣᠭᠲᠠᠨ ᠦᠢᠯᠡᠴᠢᠯᠡᠬᠦ ᠵᠡᠷᠭᠡ ᠤᠯᠠᠨ ᠵᠦᠢᠯ ᠤᠨ ᠬᠡᠯᠪᠡᠷᠢ ᠶᠢᠨ | ᠦᠢᠯᠡᠴᠢᠯᠡᠭᠡ ᠬᠠᠩᠭᠠᠨ᠎ᠠ᠃ ᠬᠤᠶᠠᠷ ᠲᠤ ᠡᠮᠨᠡᠯᠭᠡ ᠰᠢᠯᠵᠢᠭᠦᠯᠦᠨ ᠡᠮᠨᠡᠭᠦᠯᠬᠦ ᠲᠠᠯ᠎ᠠ ᠪᠠᠷ᠂ ᠭᠡᠷ ᠪᠦᠯᠢ ᠶᠢᠨ | ᠡᠮᠴᠢ ᠶᠢᠨ ᠪᠦᠯᠬᠦᠮ ᠨᠡᠶᠢᠲᠡ ᠨᠢ ᠵᠣᠬᠢᠬᠤ ᠬᠠᠷᠢᠴᠠᠯ ᠪᠦᠬᠦᠢ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠢ | ᠳ᠋ᠤᠭᠠᠷᠯᠠᠬᠤ᠂ ᠤᠷᠢᠳᠴᠢᠯᠠᠨ ᠪᠣᠯᠵᠣᠵᠤ ᠳ᠋ᠤᠭᠠᠷᠯᠠᠬᠤ᠂ ᠡᠪᠡᠳᠴᠢᠲᠡᠨ ᠤ ᠣᠷᠣ ᠤᠷᠢᠳᠴᠢᠯᠠᠨ ᠦᠯᠡᠳᠡᠭᠡᠬᠦ ᠵᠡᠷᠭᠡ | ᠡᠬᠢ ᠪᠠᠶᠠᠯᠢᠭ ᠲᠠᠢ ᠪᠠᠶᠢᠵᠤ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠤᠷᠢᠳᠠᠪᠠᠷ ᠡᠮᠴᠢᠯᠡᠭᠦᠯᠬᠦ ᠪᠠ | ᠡᠮᠨᠡᠯᠭᠡ ᠳᠤ ᠰᠠᠭᠤᠬᠤ ᠳᠤ ᠳᠥᠭᠦᠮ ᠦᠵᠡᠭᠦᠯᠦᠨ᠎ᠡ᠃ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ | ᠬᠤᠷᠢᠶᠠᠨ ᠤ ᠶᠡᠷᠦᠩᠬᠡᠶ ᠰᠠᠯᠠᠭᠠᠨ ᠤ ᠠᠨᠠᠭᠠᠬᠤ ᠤᠬᠠᠭᠠᠨ ᠤ ᠰᠠᠯᠠᠭ᠎ᠠ ᠪᠤᠶᠤ ᠵᠢᠭᠠᠨ ᠲᠣᠭᠲᠠᠭᠠᠭᠰᠠᠨ ᠰᠠᠯᠠᠭ᠎ᠠ | ᠲᠠᠰᠤᠭ ᠨᠢ ᠭᠡᠷ ᠪᠦᠯᠢ ᠶᠢᠨ ᠡᠮᠴᠢ ᠶᠢᠨ ᠡᠮᠨᠡᠯᠭᠡ ᠰᠢᠯᠵᠢᠭᠦᠯᠦᠨ ᠡᠮᠴᠢᠯᠡᠭᠦᠯᠬᠦ ᠦᠢᠯᠡᠴᠢᠯᠡᠭᠡ ᠲᠠᠢ ᠵᠠᠯᠭᠠᠯᠳᠤᠵᠤ᠂ | ᠡᠮᠨᠡᠯᠭᠡ ᠰᠢᠯᠵᠢᠭᠦᠯᠦᠨ ᠡᠮᠴᠢᠯᠡᠭᠦᠯᠬᠦ ᠡᠪᠡᠳᠴᠢᠲᠡᠨ ᠳᠤ ᠰᠠᠭᠠᠳ ᠦᠭᠡᠢ ᠨᠡᠪᠲᠡᠷᠡᠬᠦ ᠵᠠᠮ ᠭᠠᠷᠭᠠᠵᠤ ᠥᠭᠭᠦᠨ᠎ᠡ᠃ | ᠭᠤᠷᠪᠠ ᠳᠤ ᠡᠮ ᠬᠡᠷᠡᠭᠯᠡᠬᠦ ᠲᠠᠯ᠎ᠠ ᠪᠠᠷ᠂ ᠭᠡᠷ᠎ᠡ ᠲᠣᠭᠲᠠᠭᠰᠠᠨ ᠤᠵᠢᠭ ᠴᠢᠨᠠᠷᠲᠠᠢ ᠡᠪᠡᠳᠴᠢᠲᠡᠨ ᠳᠤ ᠭᠡᠷ ᠪᠦᠯᠢ ᠶᠢᠨ | ᠡᠮᠴᠢ ᠪᠠᠶᠢᠳᠠᠯ ᠢ ᠨᠢ ᠦᠵᠡᠵᠦ ᠪᠠᠶᠢᠭᠠᠳ ᠡᠮ ᠥᠭᠬᠦ ᠤᠳᠠᠭ᠎ᠠ ᠪᠠᠨ ᠤᠷᠲᠤᠳᠬᠠᠨ ᠡᠮ ᠨᠠᠶᠢᠷᠠᠭᠤᠯᠤᠨ ᠥᠭᠴᠦ᠂ | ᠡᠪᠡᠳᠴᠢᠲᠡᠨ ᠤ ᠥᠭᠡᠳᠡ ᠤᠷᠤᠭᠤ ᠡᠮ ᠠᠪᠬᠤ ᠪᠠᠷ ᠶᠠᠪᠤᠬᠤ ᠤᠳᠠᠭ᠎ᠠ ᠳᠠᠷᠠᠭ᠎ᠠ ᠶᠢ ᠴᠥᠭᠡᠳᠬᠡᠨ᠎ᠡ᠃ ᠳᠣᠷᠣᠭᠰᠢ | ᠰᠢᠯᠵᠢᠭᠦᠯᠦᠭᠰᠡᠨ ᠡᠪᠡᠳᠴᠢᠲᠡᠨ ᠳᠤ᠂ ᠡᠪᠡᠳᠴᠢᠨ ᠤ ᠬᠢᠨᠢ ᠪᠠᠶᠢᠳᠠᠯ ᠪᠠ ᠳᠡᠭᠡᠳᠦ ᠱᠠᠲᠤᠨ ᠤ ᠡᠮ ᠡᠮᠨᠡᠯᠭᠡ ᠶᠢᠨ | ᠪᠠᠶᠢᠭᠤᠯᠤᠮᠵᠢ ᠶᠢᠨ ᠵᠠᠬᠢᠶ᠎ᠠ ᠶᠢ ᠦᠨᠳᠦᠰᠦᠯᠡᠨ ᠲᠣᠭᠲᠠᠭᠠᠯ ᠶᠣᠰᠣᠭᠠᠷ ᠡᠮ ᠥᠭᠭᠦᠨ᠎ᠡ᠃ ᠲᠦᠷᠪᠡ ᠳᠤ ᠡᠮ | ᠡᠮᠨᠡᠯᠭᠡ ᠶᠢᠨ ᠳᠠᠭᠠᠳᠬᠠᠯ ᠤᠨ ᠲᠠᠯ᠎ᠠ ᠪᠠᠷ᠂ ᠲᠣᠭᠲᠠᠭᠠᠯ ᠳᠤ ᠨᠡᠶᠢᠴᠡᠬᠦ ᠡᠮᠨᠡᠯᠭᠡ ᠰᠢᠯᠵᠢᠭᠦᠯᠦᠨ ᠡᠮᠨᠡᠯᠭᠡ ᠳᠤ | ᠰᠠᠭᠤᠵᠤ ᠡᠮᠨᠡᠭᠦᠯᠬᠦ ᠡᠪᠡᠳᠴᠢᠲᠡᠨ ᠳᠤ ᠡᠬᠢᠯᠡᠵᠦ ᠲᠤᠰᠢᠶᠠᠬᠤ ᠬᠢᠵᠠᠭᠠᠷ ᠢ ᠦᠷᠭᠦᠯᠵᠢᠯᠡᠨ ᠪᠣᠳᠣᠵᠣ ᠪᠣᠯᠤᠨ᠎ᠠ᠂ ᠭᠡᠷ᠎ᠡ | ᠲᠣᠭᠲᠠᠭᠰᠠᠨ ᠰᠠᠭᠤᠭᠠᠯᠢ ᠠᠷᠠᠳ ᠦᠨᠳᠦᠰᠦᠨ ᠱᠠᠲᠤᠨ ᠳᠤ ᠡᠮᠨᠡᠭᠦᠯᠪᠡᠯ ᠨᠡᠩ ᠥᠨᠳᠥᠷ ᠬᠠᠷᠢᠴᠠᠯ ᠪᠦᠬᠦᠢ ᠡᠮ | ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠠᠯᠲᠠ ᠶᠢ ᠣᠯᠵᠤ ᠬᠦᠷᠲᠡᠨ᠎ᠡ᠃ | ᠬᠦᠲᠦᠯᠦᠭᠴᠢ᠄ | ᠭᠡᠷᠡᠲᠦ ᠦᠢᠯᠡᠴᠢᠯᠡᠭᠡᠨ ᠤ ᠰᠦᠢᠳᠬᠡᠯ ᠬᠠᠮᠢᠭ᠎ᠠ ᠠᠴᠠ ᠢᠷᠡᠬᠦ ᠪᠤᠢ︖ ᠭᠡᠷ ᠪᠦᠯᠢ ᠶᠢᠨ ᠡᠮᠴᠢ ᠶᠢᠨ | ᠵᠠᠷᠤᠳᠠᠯ ᠢ ᠵᠦᠢ ᠵᠣᠬᠢᠰᠲᠠᠶ ᠬᠢᠵᠠᠭᠠᠷᠯᠠᠬᠤ ᠲᠠᠯ᠎ᠠ ᠪᠠᠷ ᠬᠢ ᠦᠢᠯᠡᠳᠦᠯ ᠢ ᠨᠢ ᠬᠡᠷᠬᠢᠨ ᠪᠠᠳᠠᠷᠠᠭᠤᠯᠬᠤ ᠪᠤᠢ︖ | ᠸᠠᠩ ᠵᠠᠨ ᠭᠦᠸᠧ᠄ | ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠰᠠᠭᠤᠭᠠᠯᠢ ᠠᠷᠠᠳ ᠲᠤ ᠪᠣᠯᠵᠣᠨ ᠲᠣᠭᠲᠠᠭᠰᠠᠨ ᠭᠡᠷᠡᠲᠦ | ᠦᠢᠯᠡᠴᠢᠯᠡᠭᠡ ᠬᠠᠩᠭᠠᠬᠤ ᠳᠤ᠂ ᠭᠡᠷ᠎ᠡ ᠲᠣᠭᠲᠠᠭᠰᠠᠨ ᠦᠢᠯᠡᠴᠢᠯᠡᠬᠦ ᠬᠥᠮᠦᠨ ᠤ ᠲᠤᠭ᠎ᠠ ᠶᠢ ᠦᠨᠳᠦᠰᠦᠯᠡᠨ ᠭᠡᠷᠡᠲᠦ | ᠦᠢᠯᠡᠴᠢᠯᠡᠭᠡᠨ ᠤ ᠰᠦᠢᠳᠬᠡᠯ ᠢ ᠵᠢᠯ ᠢᠶᠠᠷ ᠬᠤᠷᠢᠶᠠᠵᠤ᠂ ᠡᠨᠡ ᠬᠦ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ᠂ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠪᠠ ᠭᠡᠷ᠎ᠡ | ᠲᠣᠭᠲᠠᠭᠰᠠᠨ ᠰᠠᠭᠤᠭᠠᠯᠢ ᠠᠷᠠᠳ ᠤᠨ ᠲᠤᠰᠢᠶᠠᠬᠤ ᠵᠠᠷᠤᠳᠠᠯ ᠵᠡᠷᠭᠡ ᠠᠴᠠ ᠬᠤᠪᠢᠶᠠᠨ ᠡᠭᠦᠷᠭᠡᠯᠡᠨ᠎ᠡ᠃ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠲᠤᠰᠢᠶᠠᠬᠤ | ᠵᠠᠷᠤᠳᠠᠯ ᠤᠨ ᠬᠤᠪᠢᠶᠠᠯᠴᠠᠨ ᠡᠭᠦᠷᠭᠡᠯᠡᠬᠦ ᠬᠠᠷᠢᠴᠠᠯ ᠢ ᠡᠯ᠎ᠡ ᠠᠶᠢᠮᠠᠭ ᠬᠤᠲᠠ ᠥᠪᠡᠰᠦᠪᠡᠨ ᠲᠣᠭᠲᠠᠭᠠᠨ᠎ᠠ᠃ | ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠤᠨ ᠵᠠᠷᠤᠳᠠᠯ ᠢ | ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠰᠬᠠᠶ ᠵᠦᠢᠯ ᠤᠨ ᠵᠠᠷᠤᠳᠠᠯ ᠤᠨ | ᠳᠣᠲᠣᠷ᠎ᠠ ᠠᠴᠠ ᠭᠠᠷᠭᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠳᠤ | ᠨᠡᠶᠢᠴᠡᠭᠰᠡᠨ ᠢ ᠨᠢ ᠲᠣᠭᠲᠠᠭᠠᠯ ᠶᠣᠰᠣᠭᠠᠷ ᠲᠡᠮᠵᠢᠨ ᠲᠤᠰᠠᠯᠠᠨ᠎ᠠ᠃ ᠰᠠᠭᠤᠭᠠᠯᠢ ᠠᠷᠠᠳ ᠤᠨ ᠭᠡᠷ᠎ᠡ ᠲᠣᠭᠲᠠᠬᠤ | ᠵᠠᠷᠤᠳᠠᠯ ᠤᠨ ᠪᠠᠷᠢᠮᠵᠢᠶ᠎ᠠ ᠶᠢ ᠠᠶᠢᠮᠠᠭ ᠬᠤᠲᠠ ᠶᠢᠨ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠲᠣᠭᠲᠠᠭᠠᠨ᠎ᠠ᠃ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠨᠢ ᠭᠡᠷᠡᠲᠦ ᠦᠢᠯᠡᠴᠢᠯᠡᠭᠡ ᠪᠠᠷ | ᠳᠠᠮᠵᠢᠭᠤᠯᠤᠨ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠷᠡᠭᠦᠯ ᠮᠡᠨᠳᠤ ᠶᠢ ᠰᠠᠶᠢᠲᠤᠷ ᠬᠠᠮᠠᠭᠠᠯᠠᠵᠦ᠂ | ᠡᠮᠴᠢᠯᠡᠭᠡᠨ ᠤ ᠵᠠᠷᠤᠳᠠᠯ ᠤᠨ ᠨᠡᠮᠡᠭᠳᠡᠯ ᠢ ᠡᠬᠢ ᠡᠭᠦᠰᠦᠯ ᠠᠴᠠ ᠨᠢ ᠬᠢᠵᠠᠭᠠᠷᠯᠠᠬᠤ ᠪᠣᠯᠤᠨ᠎ᠠ᠃ ᠡᠭᠦᠨ ᠤ ᠵᠡᠷᠭᠡᠴᠡᠭᠡᠪᠡᠷ | ᠂ ᠨᠥᠬᠦᠴᠡᠯ ᠲᠠᠢ ᠭᠠᠵᠠᠷ ᠣᠷᠣᠨ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠰᠠᠭᠤᠷᠢ | ᠮᠥᠩᠬᠦ ᠶᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠭᠡᠷ ᠪᠦᠯᠢ ᠶᠢᠨ | ᠡᠮᠴᠢ ᠶᠢᠨ ᠪᠦᠯᠬᠦᠮ ᠨᠡᠶᠢᠲᠡ ᠳᠤ ᠬᠥᠮᠥᠨ ᠤ ᠲᠤᠭ᠎ᠠ ᠪᠠᠷ ᠥᠭᠬᠦ ᠶᠢ ᠰᠦᠪᠡᠭᠴᠢᠯᠠᠨ ᠬᠡᠷᠡᠭᠵᠢᠭᠦᠯᠬᠦ ᠶᠢ ᠨᠢ | ᠵᠣᠷᠢᠭᠵᠢᠭᠤᠯᠤᠨ᠎ᠠ᠃ ᠭᠤᠯᠳᠤ ᠪᠠᠷ ᠬᠠᠮᠲᠤᠷᠠᠨ ᠠᠵᠢᠯᠯᠠᠬᠤ ᠡᠮ ᠡᠮᠨᠡᠯᠭᠡ ᠶᠢᠨ ᠬᠤᠯᠪᠣᠭᠠᠲᠤ ᠴᠣᠭᠴᠠ ᠵᠡᠷᠭᠡ ᠠᠵᠢᠯ | ᠬᠤᠪᠢᠶᠠᠨ ᠬᠠᠮᠵᠢᠯᠴᠠᠬᠤ ᠵᠠᠭᠪᠤᠷ ᠲᠤ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠶ ᠲᠤᠭ᠎ᠠ ᠪᠠᠷ ᠵᠠᠷᠤᠳᠠᠯ | ᠳᠥᠯᠥᠬᠦ ᠶᠢ ᠬᠡᠷᠡᠭᠵᠢᠭᠦᠯᠬᠦ ᠶᠢ ᠰᠦᠪᠡᠭᠴᠢᠯᠡᠵᠦ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠳᠥᠯᠥᠬᠦ ᠶᠢ | ᠬᠢᠵᠠᠭᠠᠷᠯᠠᠬᠤ ᠶᠠᠪᠤᠴᠠ ᠳᠠᠬᠢ ᠭᠡᠷ ᠪᠦᠯᠢ ᠶᠢᠨ ᠡᠮᠴᠢ ᠶᠢᠨ ᠦᠢᠯᠡᠳᠦᠯ ᠢ ᠨᠢ ᠪᠠᠳᠠᠷᠠᠭᠤᠯᠵᠤ᠂ ᠬᠤᠣᠰ ᠴᠢᠭᠯᠡᠯ ᠢᠶᠠᠷ | ᠰᠢᠯᠵᠢᠭᠦᠯᠦᠨ ᠡᠮᠨᠡᠭᠦᠯᠬᠦ ᠶᠢ ᠵᠦᠢ ᠵᠣᠬᠢᠰᠲᠠᠶ ᠪᠠᠷ ᠬᠥᠲᠥᠯᠥᠨ ᠵᠢᠯᠣᠭᠤᠳᠤᠨ᠎ᠠ᠃ | ᠬᠦᠲᠦᠯᠦᠭᠴᠢ᠄ | ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠶᠢᠨ ᠨᠡᠩ ᠰᠠᠶᠢᠨ ᠭᠡᠷᠡᠲᠦ ᠦᠢᠯᠡᠴᠢᠯᠡᠭᠡ ᠬᠠᠩᠭᠠᠬᠤ ᠶᠢ | ᠬᠡᠷᠬᠢᠨ ᠤᠷᠮᠠᠰᠢᠭᠤᠯᠤᠨ ᠵᠣᠷᠢᠭᠵᠢᠭᠤᠯᠬᠤ ᠪᠤᠢ︖ | ᠸᠠᠩ ᠵᠠᠨ ᠭᠦᠸᠧ᠄ | ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠶᠢᠨ ᠦᠢᠯᠡᠴᠢᠯᠡᠬᠦ ᠢᠳᠡᠪᠬᠢᠵᠢᠯ ᠢ ᠳᠠᠶᠢᠴᠢᠯᠠᠬᠤ ᠳᠤ ᠤᠯᠠᠨ | ᠲᠠᠯ᠎ᠠ ᠶᠢᠨ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ ᠶᠤᠮ᠃ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠠᠯ᠎ᠠ ᠪᠠᠷ᠂ ᠨᠢᠭᠡ ᠳᠤ ᠨᠡᠶᠢᠭᠡᠮ ᠨᠡᠶᠢᠲᠡ ᠶᠢᠨ ᠠᠰᠠᠷᠠᠮᠵᠢ ᠶᠢᠨ ᠬᠠᠷᠠᠯᠲᠠᠲᠤ ᠡᠭᠦᠷᠭᠡ ᠶᠢ | ᠪᠡᠶᠡᠯᠡᠭᠦᠯᠦᠭᠰᠡᠨ ᠪᠠᠶᠢᠳᠠᠯ᠂ ᠭᠡᠷᠡᠲᠦ ᠦᠢᠯᠡᠴᠢᠯᠡᠭᠡᠨ ᠢ ᠪᠠᠭᠲᠠᠭᠠᠭᠰᠠᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠪᠠᠶᠢᠳᠠᠯ᠂ ᠠᠵᠢᠯ ᠦᠢᠯᠡᠰ ᠤᠨ ᠬᠥᠭᠵᠢᠯᠲᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ | ᠴᠠᠯᠢᠩ ᠤᠨ ᠶᠡᠷᠦᠩᠬᠡᠶ ᠬᠡᠮᠵᠢᠶ᠎ᠡ ᠶᠢ ᠵᠦᠢ ᠵᠣᠬᠢᠰᠲᠠᠶ ᠲᠣᠭᠲᠠᠭᠠᠨ᠂ ᠭᠡᠷ ᠪᠦᠯᠢ ᠶᠢᠨ ᠡᠮᠴᠢ ᠶᠢᠨ ᠪᠦᠯᠬᠦᠮ | ᠨᠡᠶᠢᠲᠡ ᠨᠢ ᠴᠢᠨᠠᠷ ᠰᠠᠶᠢᠲᠠᠶ ᠭᠡᠷᠡᠲᠦ ᠦᠢᠯᠡᠴᠢᠯᠡᠭᠡᠨ ᠵᠡᠷᠭᠡ ᠶᠢ ᠬᠠᠩᠭᠠᠯᠭᠠᠬᠤ ᠪᠠᠷ ᠳᠠᠮᠵᠢᠭᠤᠯᠤᠨ᠂ ᠣᠷᠣᠯᠭ᠎ᠠ ᠶᠢᠨ | ᠬᠢᠷᠢ ᠬᠡᠮᠵᠢᠶ᠎ᠡ ᠶᠢ ᠨᠢ ᠵᠦᠢ ᠵᠣᠬᠢᠰᠲᠠᠶ ᠪᠠᠷ ᠳᠡᠭᠡᠭᠰᠢᠯᠡᠭᠦᠯᠦᠨ᠎ᠡ᠃ ᠬᠤᠶᠠᠷ ᠲᠤ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠣᠲᠤᠭᠠᠳᠤ ᠳᠠᠬᠢ ᠠᠮᠵᠢᠯᠲᠠ ᠪᠦᠲᠦᠮᠵᠢ ᠶᠢᠨ ᠴᠠᠯᠢᠩ ᠤᠨ | ᠬᠤᠪᠢᠶᠠᠷᠢᠯᠠᠯᠲᠠ ᠳᠤ ᠶᠡᠷᠦᠩᠬᠡᠶ ᠰᠠᠯᠠᠭᠠᠨ ᠤ ᠡᠮᠴᠢ ᠶᠢᠨ ᠨᠡᠮᠡᠭᠦᠷᠢ ᠮᠦᠩᠭᠦ ᠵᠡᠷᠭᠡ ᠠᠷᠭ᠎ᠠ ᠶᠢ ᠠᠪᠴᠤ᠂ ᠭᠡᠷᠡᠲᠦ | ᠦᠢᠯᠡᠴᠢᠯᠡᠭᠡᠨ ᠵᠡᠷᠭᠡ ᠡᠮᠴᠢᠯᠡᠭᠡᠨ ᠤ ᠨᠢᠭᠡᠳᠦᠭᠡᠷ ᠹᠷᠣᠨᠲ ᠤᠨ ᠡᠭᠦᠷᠭᠡ ᠶᠢ ᠡᠭᠦᠷᠭᠡᠯᠡᠵᠦ ᠪᠠᠶᠢᠭ᠎ᠠ ᠬᠦᠮᠦᠰ ᠲᠤ | ᠬᠠᠷᠠᠭᠠᠯᠵᠠᠯ ᠦᠵᠡᠭᠦᠯᠬᠦ ᠶᠢ ᠨᠢ ᠵᠦᠪᠰᠢᠶᠡᠷᠡᠨ᠎ᠡ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠢ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠬᠡᠰᠡᠭ ᠠᠴᠠ ᠲᠣᠭᠲᠠᠭᠠᠯ ᠶᠣᠰᠣᠭᠠᠷ ᠱᠠᠩᠨᠠᠯ ᠤᠨ | ᠰᠠᠭᠤᠷᠢ ᠮᠥᠩᠭᠦ ᠭᠠᠷᠭᠠᠨ ᠠᠪᠴᠤ ᠪᠣᠯᠣᠨ᠎ᠠ᠃ ᠭᠤᠷᠪᠠ ᠳᠤ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ | ᠬᠤᠷᠢᠶ᠎ᠠ ᠨᠢ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠳᠤ ᠭᠡᠷᠡᠲᠦ ᠦᠢᠯᠡᠴᠢᠯᠡᠭᠡᠨ ᠳᠤ | ᠣᠷᠣᠯᠴᠠᠭᠰᠠᠨ ᠡᠮᠴᠢ ᠳᠤ ᠬᠠᠷᠠᠭᠠᠯᠵᠠᠯ ᠦᠵᠡᠭᠦᠯᠵᠦ ᠪᠣᠯᠣᠨ᠎ᠠ᠃ ᠨᠥᠬᠦᠴᠡᠯ ᠲᠠᠢ ᠭᠠᠵᠠᠷ ᠣᠷᠣᠨ ᠨᠢ ᠪᠠᠰᠠ ᠭᠡᠷ | ᠪᠦᠯᠢ ᠶᠢᠨ ᠡᠮᠴᠢ ᠶᠢᠨ ᠪᠦᠯᠬᠦᠮ ᠨᠡᠶᠢᠲᠡ ᠵᠢᠴᠢ ᠭᠡᠷᠡᠲᠦ ᠦᠢᠯᠡᠴᠢᠯᠡᠭᠡᠨ ᠳᠤ ᠤᠷᠤᠯᠴᠠᠭᠰᠠᠨ ᠬᠤᠶᠠᠳᠤᠭᠠᠷ | ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ ᠶᠡᠭᠡ ᠡᠮᠴᠢ ᠳᠤ ᠪᠡᠯᠡ ᠮᠥᠩᠭᠦ ᠶᠢᠨ ᠳᠡᠮᠵᠢᠯᠭᠡ ᠣᠯᠭᠤᠨ | ᠵᠢᠯᠤᠭᠤᠳᠴᠦ ᠪᠣᠯᠣᠨ᠎ᠠ᠃ ᠡᠭᠦᠨ ᠤ ᠬᠠᠮᠲᠤ ᠪᠠᠰᠠ ᠣᠷᠣᠨ ᠲᠤᠭ᠎ᠠ᠂ ᠠᠵᠢᠯᠲᠠᠨ ᠤᠷᠢᠵᠤ ᠬᠡᠷᠡᠭᠯᠡᠬᠦ᠂ | ᠲᠤᠰᠢᠶᠠᠯ ᠤᠨ ᠴᠣᠯᠠ ᠶᠢ ᠳᠡᠪᠰᠢᠭᠦᠯᠬᠦ᠂ ᠠᠵᠢᠯ ᠤᠨ ᠪᠠᠶᠢᠷᠢᠨ ᠳᠤ ᠳᠠᠪᠲᠠᠨ ᠪᠣᠯᠪᠠᠰᠤᠷᠠᠭᠤᠯᠬᠤ᠂ ᠠᠳᠠᠯᠢᠳᠬᠠᠨ | ᠰᠢᠯᠭᠠᠷᠠᠭᠤᠯᠬᠤ ᠰᠢᠯᠢᠳᠡᠭ ᠢ ᠲᠠᠨᠢᠯᠴᠠᠭᠤᠯᠬᠤ ᠲᠠᠯ᠎ᠠ ᠪᠠᠷ ᠶᠡᠷᠦᠩᠬᠡᠶ ᠰᠠᠯᠠᠭᠠᠨ ᠤ ᠡᠮᠴᠢ ᠳᠤ ᠬᠡᠯᠪᠠᠶᠢᠬᠦ ᠬᠡᠷᠡᠭᠲᠡᠢ | ᠭᠡᠵᠦ ᠲᠣᠭᠲᠠᠭᠠᠵᠠᠢ᠃ ᠨᠢᠭᠡ ᠳᠤ ᠰᠢᠯᠢᠳᠡᠭ ᠠᠵᠢᠯᠲᠠᠨ ᠢ ᠡᠯ᠎ᠡ ᠱᠠᠲᠤᠨ ᠤ ᠵᠠᠰᠠᠭ ᠤᠨ ᠣᠷᠳᠣᠨ ᠤ ᠴᠢᠳᠠᠪᠤᠷᠢᠲᠠᠨ | ᠤᠷᠤᠭᠤᠯᠬᠤ ᠬᠠᠷᠠᠭᠠᠯᠵᠠᠯᠲᠤ ᠲᠥᠷᠥ ᠶᠢᠨ ᠪᠤᠳᠤᠯᠭ᠎ᠠ ᠶᠢᠨ ᠬᠡᠪᠴᠢᠶᠡᠨ ᠳᠤ ᠤᠷᠤᠭᠤᠯᠤᠨ᠂ ᠶᠡᠷᠦᠩᠬᠡᠶ ᠰᠠᠯᠠᠭᠠᠨ ᠤ | ᠡᠮᠴᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ᠃ ᠬᠤᠶᠠᠷ ᠲᠤ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠲᠤᠬᠠᠶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠶᠡᠷᠦᠩᠬᠡᠶ ᠰᠠᠯᠠᠭᠠᠨ ᠤ ᠡᠮᠴᠢ ᠶᠢᠨ ᠥᠨᠳᠥᠷ᠂ ᠳᠤᠮᠳᠠ ᠵᠡᠷᠭᠡ ᠶᠢᠨ ᠠᠵᠢᠯ ᠤᠨ ᠪᠠᠶᠢᠷᠢ ᠶᠢᠨ ᠬᠠᠷᠢᠴᠠᠯ ᠢ ᠵᠦᠢ | ᠵᠣᠬᠢᠰᠲᠠᠶ ᠲᠣᠬᠢᠷᠠᠭᠤᠯᠵᠤ᠂ ᠮᠡᠷᠭᠡᠵᠢᠯ ᠤᠨ ᠴᠣᠯᠠ ᠶᠢᠨ ᠳᠡᠪᠰᠢᠬᠦ ᠣᠷᠣᠨ ᠵᠠᠢ ᠶᠢ ᠥᠷᠭᠡᠳᠬᠡᠨ᠂ ᠭᠤᠣᠯᠳᠠᠭᠤ | ᠭᠡᠷᠡᠲᠦ ᠦᠢᠯᠡᠴᠢᠯᠡᠭᠡᠨ ᠤ ᠰᠢᠯᠢᠳᠡᠭ ᠬᠢᠨᠠᠨ ᠰᠢᠯᠭᠠᠷᠠᠭᠤᠯᠤᠭᠰᠠᠳ ᠲᠤ ᠬᠡᠯᠪᠠᠶᠢᠬᠦ ᠬᠡᠷᠡᠭᠲᠡᠢ᠃ ᠭᠡᠷᠡᠲᠦ | ᠦᠢᠯᠡᠴᠢᠯᠡᠭᠡᠨ ᠤ ᠬᠢᠨᠠᠨ ᠰᠢᠯᠭᠠᠬᠤ ᠦᠷ᠎ᠡ ᠳ᠋ᠦᠩ ᠢ ᠮᠡᠷᠭᠡᠵᠢᠯ ᠤᠨ ᠴᠣᠯᠠ ᠳᠡᠪᠰᠢᠬᠦ ᠶᠢᠨ ᠴᠢᠬᠤᠯᠠ ᠬᠦᠴᠦᠨ | ᠵᠦᠢᠯ ᠪᠣᠯᠭᠠᠬᠤ ᠬᠡᠷᠡᠭᠲᠡᠢ᠃ ᠭᠤᠷᠪᠠ ᠳᠤ ᠬᠤᠳᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯᠲᠡᠳ ᠤᠨ | ᠮᠡᠷᠭᠡᠵᠢᠯ ᠤᠨ ᠴᠣᠯᠠ ᠳᠡᠪᠰᠢᠬᠦ ᠠᠴᠠ ᠡᠮᠦᠨ᠎ᠡ ᠦᠨᠳᠦᠰᠦᠨ ᠱᠠᠲᠤᠨ ᠳᠤ ᠣᠴᠢᠵᠤ ᠦᠢᠯᠡᠴᠢᠯᠡᠬᠦ ᠲᠦᠷᠦ ᠶᠢᠨ | ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠳᠤ ᠶᠢ ᠬᠠᠪᠰᠤᠷᠴᠤ ᠪᠠᠶᠢᠭᠠᠳ ᠦᠢᠯᠡᠴᠢᠯᠡᠭᠡᠨ ᠤ | ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ ᠭᠡᠷ ᠪᠦᠯᠢ ᠶᠢᠨ ᠡᠮᠴᠢ ᠵᠢᠴᠢ ᠲᠡᠭᠦᠨ ᠤ ᠪᠦᠯᠬᠦᠮ | ᠨᠡᠶᠢᠲᠡ ᠶᠢᠨ ᠪᠦᠷᠢᠯᠳᠦᠬᠦᠨ ᠤ ᠦᠷᠭᠦᠯᠵᠢᠯᠡᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠬᠦᠷᠲᠡᠬᠦ ᠶᠢ | ᠴᠢᠩᠭᠠᠷᠠᠭᠤᠯᠵᠤ᠂ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ ᠡᠮᠴᠢ ᠨᠠᠷ ᠤᠨ ᠲᠣᠭᠲᠠᠭᠰᠠᠨ | ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠳᠤ ᠣᠴᠢᠵᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ | ᠥᠷᠨᠢᠭᠦᠯᠬᠦ ᠵᠢᠴᠢ ᠭᠡᠷ ᠪᠦᠯᠢ ᠶᠢᠨ ᠡᠮᠴᠢ ᠶᠢᠨ ᠲᠣᠭᠲᠠᠮᠠᠯ ᠬᠤᠭᠤᠴᠠᠭ᠎ᠠ ᠲᠠᠢ ᠪᠠᠷ ᠳᠠᠪᠲᠠᠨ ᠪᠣᠯᠪᠠᠰᠤᠷᠠᠬᠤ | ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠭᠡᠷᠡᠲᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ | ᠬᠡᠷᠡᠭᠲᠡᠶ᠃ ᠲᠠᠪᠤ ᠳᠤ ᠳᠣᠪᠤᠶᠢᠮ᠎ᠠ ᠠᠮᠵᠢᠯᠲᠠ ᠪᠦᠲᠦᠭᠡᠯ ᠭᠠᠷᠭᠠᠭᠰᠠᠨ ᠭᠡᠷ ᠪᠦᠯᠢ ᠶᠢᠨ ᠡᠮᠴᠢ ᠵᠢᠴᠢ ᠲᠡᠭᠦᠨ ᠤ | ᠪᠦᠯᠬᠦᠮ ᠨᠡᠶᠢᠲᠡ ᠶᠢ ᠤᠯᠤᠰ ᠤᠨ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠵᠤ᠂ ᠲᠡᠷᠢᠭᠦᠨ ᠤ ᠨᠡᠶᠢᠲᠡᠯᠢᠭ | ᠵᠢᠱᠢᠶ᠎ᠡ ᠶᠢ ᠶᠡᠬᠡᠪᠡᠷ ᠤᠬᠠᠭᠤᠯᠬᠤ ᠬᠡᠷᠡᠭᠲᠡᠢ᠃ | ᠬᠦᠲᠦᠯᠦᠭᠴᠢ᠄ | ᠭᠡᠷᠡᠲᠦ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠬᠡᠷᠬᠢᠨ | ᠴᠢᠩᠭᠠᠳᠬᠠᠬᠤ ᠪᠤᠢ︖ | ᠸᠠᠩ ᠵᠠᠨ ᠭᠦᠸᠧ᠄ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠨᠵᠢᠯᠡᠬᠦ ᠤᠬᠠᠭᠠᠨᠴᠢ ᠲᠣᠭᠲᠠᠴᠠ ᠶᠢ ᠪᠠᠶᠢᠭᠤᠯᠬᠤ | ᠪᠣᠯ ᠭᠡᠷ ᠪᠦᠯᠢ ᠶᠢᠨ ᠡᠮᠴᠢ ᠶᠢᠨ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠶᠢ ᠠᠬᠢᠭᠤᠯᠬᠤ ᠶᠢᠨ ᠵᠠᠩᠭᠢᠯᠠᠭ᠎ᠠ ᠮᠥᠨ᠃ | ᠨᠢᠭᠡ ᠳᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠᠷᠢᠮᠵᠢᠶ᠎ᠠ ᠶᠢ ᠪᠦᠷᠢᠨᠰᠢᠭᠦᠯᠬᠦ ᠬᠡᠷᠡᠭᠲᠡᠢ᠃ ᠡᠯ᠎ᠡ | ᠠᠶᠢᠮᠠᠭ ᠬᠤᠳᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠤᠳ ᠭᠡᠷᠡᠲᠦ ᠦᠢᠯᠡᠴᠢᠯᠡᠭᠡᠨ ᠢ ᠬᠢᠨᠠᠨ | ᠰᠢᠯᠭᠠᠵᠤ ᠦᠨᠡᠯᠡᠬᠦ ᠲᠥᠷᠢᠮ ᠢ ᠪᠠᠶᠢᠭᠤᠯᠵᠤ᠂ ᠭᠡᠷ᠎ᠡ ᠲᠣᠭᠲᠠᠭᠰᠠᠳ ᠤᠨ ᠲᠤᠭ᠎ᠠ ᠬᠢᠭᠡᠳ ᠪᠦᠷᠢᠯᠳᠦᠯ᠂ | ᠦᠢᠯᠡᠴᠢᠯᠡᠭᠡᠨ ᠤ ᠶᠠᠰᠤ ᠴᠢᠨᠠᠷ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ᠂ ᠰᠠᠭᠤᠭᠠᠯᠢ | ᠠᠷᠠᠳ ᠤᠨ ᠲᠠᠭᠠᠯᠠᠮᠵᠢ ᠶᠢᠨ ᠬᠡᠮᠵᠢᠶ᠎ᠡ᠂ ᠡᠮ ᠡᠮᠨᠡᠯᠭᠡ ᠶᠢᠨ ᠰᠦᠢᠳᠬᠡᠯ ᠢ ᠡᠵᠡᠮᠳᠡᠯ᠂ ᠭᠡᠷ᠎ᠡ ᠲᠣᠭᠲᠠᠭᠰᠠᠨ | ᠰᠠᠭᠤᠭᠠᠯᠢ ᠠᠷᠠᠳ ᠤᠨ ᠦᠨᠳᠦᠰᠦᠨ ᠱᠠᠲᠤᠨ ᠳᠤ ᠡᠮᠨᠡᠭᠦᠯᠦᠭᠰᠡᠨ ᠬᠠᠷᠢᠴᠠᠯ ᠵᠡᠷᠭᠡ ᠪᠠᠷ ᠭᠤᠣᠯ ᠪᠣᠯᠭᠠᠭᠰᠠᠨ ᠭᠡᠷᠡᠲᠦ | ᠦᠢᠯᠡᠴᠢᠯᠡᠭᠡᠨ ᠢ ᠬᠢᠨᠠᠨ ᠰᠢᠯᠭᠠᠵᠤ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ | ᠪᠠᠶᠢᠭᠤᠯᠬᠤ ᠬᠡᠷᠡᠭᠲᠡᠢ᠃ ᠬᠤᠶᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠬᠡᠷᠡᠭᠲᠡᠶ᠃ ᠭᠡᠷ | ᠪᠦᠯᠢ ᠶᠢᠨ ᠡᠮᠴᠢ ᠶᠢᠨ ᠲᠥᠯᠥᠭᠡᠯᠡᠭᠴᠢ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠲᠥᠯᠥᠭᠡᠯᠡᠭᠴᠢ ᠵᠢᠴᠢ | ᠨᠡᠶᠢᠭᠡᠮ ᠤᠨ ᠲᠦᠯᠦᠭᠡᠯᠡᠭᠴᠢ ᠨᠠᠷ ᠬᠢᠨᠠᠨ ᠰᠢᠯᠭᠠᠯᠲᠠ ᠳᠤ ᠤᠷᠤᠯᠴᠠᠬᠤ ᠶᠢ ᠵᠣᠷᠢᠭᠵᠢᠭᠤᠯᠬᠤ ᠪᠦᠭᠡᠳ ᠭᠡᠷ | ᠪᠦᠯᠢ ᠶᠢᠨ ᠡᠮᠴᠢ ᠶᠢᠨ ᠪᠦᠯᠬᠦᠮ ᠨᠡᠶᠢᠲᠡ ᠶᠢᠨ ᠬᠢᠨᠠᠨ ᠦᠨᠡᠯᠡᠭᠰᠡᠨ ᠪᠣᠳᠠᠲᠠᠶ ᠪᠠᠶᠢᠳᠠᠯ ᠪᠣᠯᠣᠨ ᠬᠢᠨᠠᠨ ᠰᠢᠯᠭᠠᠭᠰᠠᠨ | ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠨᠡᠶᠢᠲᠡᠯᠡᠬᠦ ᠬᠡᠷᠡᠭᠲᠡᠢ᠃ ᠭᠤᠷᠪᠠ ᠳᠤ ᠬᠤᠯᠪᠣᠭᠳᠠᠭᠤᠯᠬᠤ | ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠦᠷ᠎ᠡ ᠳ᠋ᠦᠩ ᠢ | ᠡᠮᠨᠡᠯᠭᠡ ᠶᠢᠨ ᠳᠠᠭᠠᠳᠬᠠᠯ ᠥᠭᠬᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ | ᠰᠠᠯᠭᠠᠨ ᠥᠭᠬᠦ ᠵᠢᠴᠢ ᠪᠦᠯᠬᠦᠮ ᠨᠡᠶᠢᠲᠡ ᠪᠣᠯᠣᠨ ᠬᠤᠪᠢ ᠬᠥᠮᠦᠨ ᠤ ᠠᠵᠢᠯ ᠤᠨ ᠠᠮᠵᠢᠯᠲᠠ ᠪᠦᠲᠦᠮᠵᠢ ᠶᠢᠨ | ᠬᠤᠪᠢᠶᠠᠷᠢᠯᠠᠯᠲᠠ ᠯᠤᠭ᠎ᠠ ᠬᠤᠯᠪᠤᠭᠳᠠᠭᠤᠯᠬᠤ ᠬᠡᠷᠡᠭᠲᠡᠢ᠃ ᠬᠢᠨᠠᠨ ᠰᠢᠯᠭᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ | ᠦᠭᠡᠢ᠂ ᠤᠯᠠᠨ ᠲᠦᠮᠡᠨ ᠤ ᠳᠤᠰᠬᠠᠭᠰᠠᠨ ᠠᠰᠠᠭᠤᠳᠠᠯ ᠲᠦᠪᠯᠡᠷᠡᠵᠦ ᠪᠠᠶᠢᠭ᠎ᠠ ᠭᠡᠷ ᠪᠦᠯᠢ ᠶᠢᠨ ᠡᠮᠴᠢ ᠶᠢᠨ ᠪᠦᠯᠬᠦᠮ | ᠨᠡᠶᠢᠲᠡ ᠳᠤ ᠵᠣᠬᠢᠴᠠᠩᠭᠤᠶ ᠰᠢᠳᠬᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠦᠷᠪᠡ ᠳᠤ ᠨᠡᠶᠢᠭᠡᠮ ᠤᠨ ᠬᠢᠨᠠᠯᠲᠠ | ᠲᠠᠯᠪᠢᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠭᠡᠷ᠎ᠡ ᠲᠣᠭᠲᠠᠭᠰᠠᠨ ᠰᠠᠭᠤᠭᠠᠯᠢ ᠠᠷᠠᠳ ᠢᠶᠠᠷ ᠭᠤᠣᠯ ᠴᠣᠭᠴᠠ | ᠪᠣᠯᠭᠠᠭᠰᠠᠨ ᠦᠨᠡᠯᠡᠯᠲᠡ ᠶᠢ ᠬᠠᠷᠢᠭᠤ ᠲᠤᠰᠬᠠᠬᠤ ᠰᠢᠰᠲ᠋ᠧᠮᠵᠢ ᠶᠢ ᠪᠠᠶᠢᠭᠤᠯᠤᠨ᠂ ᠤᠯᠠᠨ ᠲᠦᠮᠡᠨ ᠤ ᠬᠢᠨᠠᠯᠲᠠ | ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠷᠢᠭᠤ ᠲᠤᠰᠬᠠᠭᠰᠠᠨ ᠦᠨᠡᠯᠡᠯᠲᠡ ᠶᠢᠨ ᠪᠠᠶᠢᠳᠠᠯ ᠢᠶᠠᠨ | ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠨ᠂ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠶᠢᠨ ᠠᠵᠢᠯ ᠤᠨ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠴᠢᠬᠤᠯᠠ ᠦᠨᠳᠦᠰᠦᠯᠡᠯ ᠪᠣᠯᠣᠨ ᠰᠠᠭᠤᠭᠠᠯᠢ ᠠᠷᠠᠳ ᠤᠨ ᠭᠡᠷ | ᠪᠦᠯᠢ ᠶᠢᠨ ᠡᠮᠴᠢ ᠶᠢᠨ ᠪᠦᠯᠬᠦᠮ ᠨᠡᠶᠢᠲᠡ ᠶᠢ ᠰᠣᠩᠭᠤᠬᠤ ᠴᠢᠬᠤᠯᠠ ᠯᠠᠪᠯᠠᠯᠲᠠ ᠪᠣᠯᠭᠠᠬᠤ ᠬᠡᠷᠡᠭᠲᠡᠢ᠃ | ᠬᠦᠲᠦᠯᠦᠭᠴᠢ᠄ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠳᠤ ᠬᠡᠷᠬᠢᠨ ᠮᠡᠷᠭᠡᠵᠢᠯ ᠤᠨ ᠲᠤᠯᠭᠠᠭᠤᠷᠢᠯᠠᠯ ᠪᠠ | ᠪᠠᠲᠤᠯᠠᠭ᠎ᠠ ᠬᠠᠩᠭᠠᠬᠤ ᠪᠤᠢ︖ | ᠸᠠᠩ ᠵᠠᠨ ᠭᠦᠸᠧ᠄ | ᠭᠡᠷᠡᠲᠦ ᠦᠢᠯᠡᠴᠢᠯᠡᠭᠡᠨ ᠤ ᠤᠷᠤᠭᠰᠢᠲᠠᠶ ᠠᠬᠢᠬᠤ᠂ ᠭᠡᠷ᠎ᠡ ᠲᠣᠭᠲᠠᠭᠴᠢ ᠬᠤᠶᠠᠷ ᠲᠠᠯ᠎ᠠ ᠶᠢᠨ ᠰᠠᠶᠢᠨ | ᠨᠥᠬᠦᠴᠡᠯᠳᠦᠨ ᠬᠥᠳᠡᠯᠦᠯᠴᠡᠬᠦ ᠨᠢ ᠡᠬᠢ ᠪᠠᠶᠠᠯᠢᠭ ᠢ ᠵᠤᠬᠢᠴᠠᠯᠳᠤᠭᠤᠯᠤᠨ ᠬᠠᠮᠲᠤ ᠪᠠᠷ ᠬᠦᠷᠲᠡᠬᠦ ᠪᠠ ᠲᠧᠭᠨᠢᠭ | ᠮᠡᠷᠭᠡᠵᠢᠯ ᠤᠨ ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠨᠢᠭᠡ ᠳᠤ ᠬᠤᠶᠠᠳᠤᠭᠠᠷ ᠳᠡᠰ ᠠᠴᠠ | ᠳᠡᠭᠡᠭᠰᠢᠬᠢ ᠡᠮᠨᠡᠯᠭᠡ ᠶᠢᠨ ᠬᠤᠷᠢᠶᠠᠨ ᠤ ᠤᠳᠤ ᠪᠠᠶᠢᠭ᠎ᠠ ᠪᠠᠶᠢᠴᠠᠭᠠᠬᠤ ᠰᠢᠯᠭᠠᠨ ᠪᠠᠶᠢᠴᠠᠭᠠᠬᠤ᠂ ᠠᠷᠢᠭᠤᠳᠬᠠᠬᠤ | ᠬᠠᠩᠭᠠᠬᠤ ᠲᠥᠪ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠴᠢᠯᠥᠭᠡᠲᠡᠶ ᠲᠠᠯᠪᠢᠬᠤ ᠬᠡᠷᠡᠭᠲᠡᠢ︔ ᠪᠡᠶ᠎ᠡ ᠪᠠᠨ ᠳᠠᠭᠠᠭᠠᠭᠰᠠᠨ ᠣᠷᠣᠨ ᠪᠦᠰᠡ ᠶᠢᠨ | ᠠᠨᠠᠭᠠᠬᠤ ᠤᠬᠠᠭᠠᠨ ᠤ ᠰᠢᠯᠭᠠᠨ ᠪᠠᠶᠢᠴᠠᠭᠠᠬᠤ ᠪᠠᠶᠢᠭᠤᠯᠤᠮᠵᠢ᠂ ᠡᠪᠡᠳᠴᠢᠨ ᠤ ᠵᠦᠢ ᠶᠢ ᠣᠨᠣᠰᠢᠯᠠᠬᠤ ᠪᠠᠶᠢᠭᠤᠯᠤᠮᠵᠢ | ᠂ ᠠᠨᠠᠭᠠᠬᠤ ᠤᠬᠠᠭᠠᠨ ᠤ ᠵᠢᠷᠤᠭ ᠳᠦᠷᠰᠦ ᠪᠠᠷ ᠪᠠᠶᠢᠴᠠᠭᠠᠬᠤ ᠪᠠᠶᠢᠭᠤᠯᠤᠮᠵᠢ ᠵᠡᠷᠭᠡ ᠶᠢ ᠪᠠᠶᠢᠭᠤᠯᠬᠤ ᠶᠢ ᠬᠠᠶᠢᠨ | ᠰᠦᠪᠡᠭᠴᠢᠯᠡᠵᠦ᠂ ᠤᠷᠤᠨ ᠪᠦᠰᠡ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠵᠦ᠂ ᠭᠡᠷ ᠪᠦᠯᠢ ᠶᠢᠨ | ᠡᠮᠴᠢ ᠶᠢᠨ ᠪᠦᠯᠬᠦᠮ ᠨᠡᠶᠢᠲᠡ ᠳᠤ ᠡᠮ ᠡᠮᠨᠡᠯᠭᠡ ᠶᠢᠨ ᠡᠬᠢ ᠪᠠᠶᠠᠯᠢᠭ ᠤᠨ ᠳᠡᠮᠵᠢᠯᠭᠡ ᠦᠵᠡᠭᠦᠯᠬᠦ ᠬᠡᠷᠡᠭᠲᠡᠢ᠃ | ᠬᠤᠶᠠᠷ ᠲᠤ ᠪᠦᠷᠢᠨ ᠲᠡᠭᠦᠯᠳᠡᠷ ᠣᠷᠣᠨ ᠪᠦᠰᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠵᠤ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠳᠠᠩᠰᠠ ᠡᠪᠬᠡᠮᠡᠯ᠂ | ᠡᠯᠧᠺᠳ᠋ᠷᠣᠨ ᠡᠪᠡᠳᠴᠢᠨ ᠤ ᠲᠡᠮᠳᠡᠭᠯᠡᠯ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠵᠡᠷᠭᠡ ᠮᠡᠳᠡᠭᠡ ᠵᠠᠩᠭᠢ ᠶᠢ | ᠬᠠᠮᠲᠤ ᠪᠠᠷ ᠬᠦᠷᠲᠡᠬᠦ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠲᠤᠷᠠᠯᠴᠠᠬᠤ ᠶᠢ ᠪᠡᠶᠡᠯᠡᠭᠦᠯᠬᠦ ᠬᠡᠷᠡᠭᠲᠡᠢ᠃ | ᠭᠤᠷᠪᠠ ᠳᠤ ᠠᠯᠤᠰ ᠠᠴᠠ ᠡᠮᠴᠢᠯᠡᠬᠦ᠂ ᠳᠠᠷᠤᠶ ᠲᠦᠷᠭᠡᠨ ᠮᠡᠳᠡᠭᠡᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ | ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠶᠡᠭᠡ ᠡᠮᠴᠢ ᠬᠢᠭᠡᠳ ᠭᠡᠷ ᠪᠦᠯᠢ ᠶᠢᠨ ᠡᠮᠴᠢ ᠶᠢᠨ | ᠮᠡᠷᠭᠡᠵᠢᠯ ᠤᠨ ᠰᠣᠯᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠲᠦᠷᠪᠡ ᠳᠤ ᠰᠢᠯᠵᠢᠮᠡᠯ ᠬᠤᠯᠪᠤᠭ᠎ᠠ ᠶᠢᠨ ᠬᠡᠷᠡᠭᠯᠡᠭᠴᠢ | ᠦᠵᠦᠭᠦᠷᠯᠢᠭ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠭᠡᠷ ᠪᠦᠯᠢ ᠶᠢᠨ ᠡᠮᠴᠢ ᠪᠠ ᠭᠡᠷ᠎ᠡ | ᠲᠣᠭᠲᠠᠭᠰᠠᠨ ᠰᠠᠭᠤᠭᠠᠯᠢ ᠠᠷᠠᠳ ᠤᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠮᠡᠳᠡᠭᠡ ᠵᠠᠩᠭᠢ ᠶᠢᠨ ᠵᠥᠪᠯᠡᠯᠭᠡ | ᠥᠭᠬᠦ᠂ ᠰᠠᠨᠠᠯ ᠢᠶᠠᠨ ᠰᠤᠯᠢᠯᠴᠠᠬᠤ᠂ ᠡᠪᠡᠳᠴᠢᠲᠡᠨ ᠬᠠᠷᠢᠭᠤ ᠲᠤᠰᠬᠠᠬᠤ᠂ ᠡᠷᠡᠭᠦᠯ ᠮᠡᠨᠳᠤ ᠶᠢᠨ ᠬᠠᠮᠢᠶᠠᠷᠤᠯᠲᠠ | ᠵᠡᠷᠭᠡ ᠶᠠᠪᠤᠳᠠᠯ ᠳᠤ ᠳᠥᠭᠦᠮ ᠦᠵᠡᠭᠦᠯᠬᠦ ᠬᠡᠷᠡᠭᠲᠡᠢ᠃ ᠲᠠᠪᠤ ᠳᠤ ᠰᠢᠯᠵᠢᠮᠡᠯ ᠢᠨᠲ᠋ᠧᠷ ᠰᠦᠯᠵᠢᠶ᠎ᠡ᠂ ᠡᠮᠦᠰᠴᠦ | ᠵᠡᠭᠦᠵᠦ ᠪᠤᠯᠬᠤ ᠲᠥᠬᠦᠭᠡᠷᠦᠮᠵᠢ ᠵᠡᠷᠭᠡ ᠶᠢ ᠢᠳᠡᠪᠬᠢᠲᠡᠶ ᠠᠰᠢᠭᠯᠠᠨ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ | ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠡᠮᠴᠢᠯᠡᠭᠦᠯᠬᠦ᠂ ᠡᠮᠨᠡᠭᠦᠯᠬᠦ ᠪᠠᠷ ᠬᠦᠯᠢᠶᠡᠬᠦ ᠰᠠᠨᠠᠭᠤᠯᠤᠮᠵᠢ᠂ ᠦᠨ᠎ᠡ | ᠪᠤᠳᠤᠵᠤ ᠰᠦᠢᠳᠬᠡᠯ ᠲᠤᠰᠢᠶᠠᠬᠤ᠂ ᠣᠨᠣᠰᠢᠯᠠᠨ ᠡᠮᠨᠡᠬᠦ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ᠂ ᠡᠮ | ᠲᠣᠬᠢᠷᠠᠭᠤᠯᠤᠨ ᠬᠦᠷᠭᠡᠬᠦ ᠪᠠ ᠡᠷᠡᠭᠦᠯ ᠮᠡᠨᠳᠤ ᠶᠢᠨ ᠮᠡᠳᠡᠭᠡ ᠵᠠᠩᠭᠢ ᠶᠢ ᠬᠤᠷᠢᠶᠠᠨ ᠴᠤᠭᠯᠠᠭᠤᠯᠬᠤ ᠵᠡᠷᠭᠡ | ᠦᠢᠯᠡᠴᠢᠯᠡᠭᠡ ᠶᠢ ᠬᠠᠩᠭᠠᠵᠤ᠂ ᠤᠯᠠᠨ ᠲᠦᠮᠡᠨ ᠤ ᠭᠡᠷᠡᠲᠦ ᠦᠢᠯᠡᠴᠢᠯᠡᠭᠡ ᠠᠴᠠ ᠤᠯᠤᠭᠰᠠᠨ ᠲᠦᠷᠦᠭᠳᠡᠯᠲᠦ | ᠰᠡᠳᠬᠢᠯᠭᠡ ᠶᠢ ᠨᠢ ᠨᠡᠮᠡᠭᠳᠡᠭᠦᠯᠬᠦ ᠬᠡᠷᠡᠭᠲᠡᠢ᠃ ᠵᠢᠷᠭᠤᠭ᠎ᠠ ᠳᠤ ᠮᠣᠩᠭᠤᠯ ᠬᠢᠲᠠᠳ ᠡᠮ ᠡᠮᠨᠡᠯᠭᠡ ᠶᠢᠨ ᠭᠡᠷᠡᠲᠦ | ᠦᠢᠯᠡᠴᠢᠯᠡᠭᠡᠨ ᠳᠠᠬᠢ ᠤᠨᠴᠠᠯᠢᠭᠲᠤ ᠳᠠᠪᠠᠭᠤᠯᠢᠭ ᠢ ᠨᠢ ᠪᠠᠳᠠᠷᠠᠭᠤᠯᠬᠤ ᠬᠡᠷᠡᠭᠲᠡᠢ᠃ ᠮᠤᠩᠭᠤᠯ ᠬᠢᠲᠠᠳ ᠡᠮ | ᠡᠮᠨᠡᠯᠭᠡ ᠶᠢᠨ ᠢᠯᠡ ᠲᠤᠳᠤ ᠣᠨᠴᠠᠯᠢᠭ ᠪᠠ ᠳᠠᠪᠠᠭᠤᠯᠢᠭ ᠲᠠᠢ ᠨᠢᠭᠡ ᠪᠦᠯᠦᠭ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠢᠳᠡᠭ ᠢᠳᠡᠭ ᠢᠶᠠᠷ ᠪᠠᠶᠢᠭᠤᠯᠬᠤ ᠬᠡᠷᠡᠭᠲᠡᠢ᠃ ᠮᠣᠩᠭᠤᠯ ᠡᠮ ᠡᠮᠨᠡᠯᠭᠡ | ᠬᠢᠲᠠᠳ ᠡᠮ ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠵᠦᠢ ᠵᠣᠬᠢᠰᠲᠠᠶ ᠲᠣᠬᠢᠷᠠᠭᠤᠯᠵᠤ᠂ ᠭᠡᠷ ᠪᠦᠯᠢ ᠶᠢᠨ | ᠡᠮᠴᠢ ᠶᠢᠨ ᠪᠦᠯᠬᠦᠮ ᠨᠡᠶᠢᠲᠡ ᠨᠢᠭᠡᠪᠦᠷᠢ ᠴᠥᠮ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠴᠢᠯᠡᠭᠡ | ᠬᠠᠩᠭᠠᠵᠤ ᠳᠡᠶᠢᠯᠬᠦ ᠡᠮᠴᠢ ᠲᠠᠢ ᠪᠠᠶᠢᠯᠭᠠᠬᠤ ᠶᠢ ᠢᠳᠡᠭ ᠢᠳᠡᠭ ᠢᠶᠠᠷ ᠪᠡᠶᠡᠯᠡᠭᠦᠯᠬᠦ ᠬᠡᠷᠡᠭᠲᠡᠢ᠃ ᠮᠣᠩᠭᠤᠯ ᠡᠮ | ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠴᠢᠩᠭᠠᠳᠬᠠᠵᠤ᠂ ᠮᠣᠩᠭᠤᠯ ᠡᠮ ᠡᠮᠨᠡᠯᠭᠡ ᠬᠢᠲᠠᠳ ᠡᠮ | ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠡᠳᠦ ᠶᠢ ᠬᠠᠮᠠᠭᠠᠯᠠᠬᠤ᠂ ᠡᠮᠨᠡᠨ ᠵᠠᠰᠠᠬᠤ᠂ ᠡᠷᠡᠭᠦᠯᠵᠢᠭᠦᠯᠬᠦ᠂ | ᠡᠷᠡᠭᠦᠯ ᠮᠡᠨᠳᠤ ᠶᠢᠨ ᠬᠥᠮᠦᠵᠢᠯ ᠵᠡᠷᠭᠡ ᠲᠠᠯ᠎ᠠ ᠶᠢᠨ ᠴᠢᠬᠤᠯᠠ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ | ᠰᠠᠭᠤᠭᠠᠯᠢ ᠠᠷᠠᠳ ᠤᠨ ᠤᠯᠠᠨ ᠶᠠᠰᠤᠵᠢᠯᠠᠭᠰᠠᠨ ᠡᠷᠡᠭᠦᠯ ᠮᠠᠨᠳᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠡᠷᠡᠭᠲᠡᠢ᠃ ᠲᠤᠯᠤᠭ᠎ᠠ ᠳᠤ ᠡᠯ᠎ᠡ ᠭᠠᠵᠠᠷ ᠢ ᠰᠢᠮᠳᠠᠭᠤᠯᠤᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ | ᠬᠡᠷᠡᠭᠴᠡᠭᠡ ᠪᠦᠬᠦᠢ ᠡᠮᠴᠢᠯᠡᠬᠦ ᠲᠣᠨᠤᠭ ᠲᠥᠬᠦᠭᠡᠷᠦᠮᠵᠢ᠂ ᠵᠠᠮ ᠬᠠᠷᠢᠯᠴᠠᠭᠠᠨ ᠤ ᠪᠠᠭᠠᠵᠢ ᠵᠡᠷᠭᠡ ᠪᠡᠯᠡᠳᠬᠡᠮᠵᠢ | ᠲᠦᠬᠦᠭᠡᠷᠦᠮᠵᠢ ᠶᠢᠨ ᠲᠤᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠶᠢᠮᠠ ᠳᠤ ᠤᠯᠠᠨ ᠨᠡᠶᠢᠲᠡ ᠶᠢᠨ | ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠥᠷᠢ ᠪᠡᠯᠡ ᠮᠥᠩᠭᠦ ᠶᠢ ᠬᠡᠷᠡᠭᠯᠡᠬᠦ ᠪᠠ ᠥᠭᠬᠦ ᠠᠷᠭ᠎ᠠ | ᠬᠡᠯᠪᠡᠷᠢ ᠶᠢ ᠪᠦᠷᠢᠨᠰᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠭᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠯᠦᠭᠡ ᠵᠤᠯᠭᠠᠭᠤᠯᠤᠨ ᠨᠡᠶᠢᠯᠡᠭᠦᠯᠬᠦ ᠶᠢ ᠲᠦᠯᠬᠢᠨ ᠠᠬᠢᠭᠤᠯᠬᠤ | ᠬᠡᠷᠡᠭᠲᠡᠢ᠃ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠵᠠᠷᠤᠳᠠᠯ ᠲᠤᠰᠢᠶᠠᠬᠤ ᠶᠢ ᠬᠤᠷᠢᠶᠠᠬᠤ ᠠᠵᠢᠯ ᠢ | ᠵᠢᠷᠤᠮᠵᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠤᠷᠢᠶᠠᠭᠰᠠᠨ | ᠭᠡᠷᠡᠲᠦ ᠦᠢᠯᠡᠴᠢᠯᠡᠭᠡᠨ ᠤ ᠰᠦᠢᠳᠬᠡᠯ ᠢ ᠨᠢᠭᠡᠴᠡ ᠶᠢᠨ ᠨᠢᠭᠡᠳᠦᠯᠲᠡᠢ ᠬᠠᠮᠢᠶᠠᠷᠤᠯᠲᠠ ᠳᠤ ᠤᠷᠤᠭᠤᠯᠤᠨ᠂ ᠨᠢᠭᠡᠳᠦᠯᠲᠡᠶ | ᠲᠥᠯᠥᠪᠯᠡᠨ ᠬᠡᠷᠡᠭᠯᠡᠬᠦ ᠬᠡᠷᠡᠭᠲᠡᠶ᠃ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ᠬᠦᠲᠦᠯᠦᠭᠴᠢ᠄ | ᠭᠡᠷᠡᠲᠦ ᠦᠢᠯᠡᠴᠢᠯᠡᠭᠡᠨ ᠳᠠᠬᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠬᠡᠷᠬᠢᠨ ᠴᠢᠩᠭᠠᠳᠬᠠᠬᠤ | ᠪᠤᠢ︖ | ᠸᠠᠩ ᠵᠠᠨ ᠭᠦᠸᠧ᠄ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠪᠣᠯ ᠭᠡᠷ ᠪᠦᠯᠢ ᠶᠢᠨ ᠡᠮᠴᠢ ᠶᠢᠨ | ᠭᠡᠷᠡᠲᠦ ᠦᠢᠯᠡᠴᠢᠯᠡᠭᠡᠨ ᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠃ ᠨᠢᠭᠡ ᠳᠤ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠭᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠵᠢᠯᠣᠭᠤᠳᠬᠤ ᠰᠠᠨᠠᠯ ᠢ ᠲᠤᠭᠲᠠᠭᠠᠨ᠎ᠠ᠂ ᠡᠯ᠎ᠡ ᠠᠶᠢᠮᠠᠭ ᠬᠤᠳᠠ | ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠣᠳᠠᠲᠠᠶ ᠲᠥᠰᠦᠯ ᠪᠣᠯᠤᠨ ᠢᠵᠢ | ᠪᠦᠷᠢᠯᠳᠦᠭᠦᠯᠦᠭᠰᠡᠨ ᠲᠦᠷᠦ ᠶᠢᠨ ᠪᠤᠳᠤᠯᠭ᠎ᠠ ᠶᠢ ᠴᠠᠭ ᠲᠤᠬᠠᠶ ᠳᠤᠨᠢ ᠲᠣᠭᠲᠠᠭᠠᠨ ᠨᠡᠶᠢᠲᠡᠯᠡᠵᠦ᠂ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ ᠪᠣᠳᠠᠲᠠᠶ ᠠᠭᠤᠯᠭ᠎ᠠ᠂ ᠮᠡᠷᠭᠡᠵᠢᠯ ᠤᠨ ᠳᠦᠷᠢᠮᠵᠢᠯ ᠵᠡᠷᠭᠡ ᠶᠢ ᠲᠤᠳᠤᠷᠬᠠᠶᠢᠯᠠᠬᠤ | ᠬᠡᠷᠡᠭᠲᠡᠢ᠃ ᠬᠤᠶᠠᠷ ᠲᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ ᠵᠠᠰᠠᠭ ᠤᠨ | ᠣᠷᠳᠣᠨ ᠢᠶᠠᠷ ᠭᠤᠤᠯᠯᠠᠭᠤᠯᠤᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠳᠠᠶᠠᠭᠠᠷ ᠤᠷᠤᠯᠴᠠᠬᠤ ᠠᠵᠢᠯ ᠤᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ | ᠠᠵᠢᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠪᠣᠳᠠᠲᠤ ᠠᠮᠵᠢᠯᠲᠠ ᠶᠢᠨ ᠬᠢᠨᠠᠨ ᠰᠢᠯᠭᠠᠯᠲᠠ ᠳᠤ ᠤᠷᠤᠭᠤᠯᠬᠤ | ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠤᠳᠤᠯᠠᠵᠤ ᠵᠢᠯᠣᠭᠤᠳᠬᠤ ᠲᠣᠭᠲᠠᠴᠠ ᠶᠢ ᠪᠠᠶᠢᠭᠤᠯᠵᠤ | ᠂ ᠢᠯᠡᠷᠡᠭᠰᠡᠨ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠬᠢᠨᠠᠯᠲᠠ | ᠬᠡᠮᠵᠢᠯᠲᠡ᠂ ᠬᠢᠨᠠᠨ ᠵᠢᠯᠣᠭᠤᠳᠬᠤ ᠪᠠ ᠦᠨᠡᠯᠡᠨ ᠵᠢᠱᠢᠬᠦ ᠠᠵᠢᠯ ᠢ ᠴᠢᠩᠭᠠᠳᠬᠠᠵᠤ᠂ ᠬᠠᠷᠠᠯᠳᠠᠲᠤ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠠᠵᠢᠯ ᠬᠤᠪᠢᠶᠠᠨ ᠬᠠᠮᠵᠢᠯᠴᠠᠬᠤ ᠶᠢ | ᠴᠢᠩᠭᠠᠳᠬᠠᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠭᠡᠷ ᠪᠦᠯᠢ ᠶᠢᠨ | ᠡᠮᠴᠢ ᠶᠢᠨ ᠭᠡᠷᠡᠲᠦ ᠦᠢᠯᠡᠴᠢᠯᠡᠭᠡᠨ ᠳᠤ ᠬᠡᠷᠡᠭᠰᠡᠭᠡ ᠪᠦᠬᠦᠢ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠬᠤ ᠪᠠ ᠭᠡᠷᠡᠲᠦ | ᠦᠢᠯᠡᠴᠢᠯᠡᠭᠡᠨ ᠤ ᠦᠨ᠎ᠡ ᠬᠠᠩᠰᠢ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠡᠯ᠎ᠡ ᠵᠦᠢᠯ ᠤᠨ ᠨᠥᠬᠦᠪᠥᠷᠢ ᠶᠢᠨ ᠪᠡᠯᠡ ᠮᠦᠩᠭᠦ ᠶᠢ ᠨᠢᠭᠡᠳᠦᠯᠲᠡᠶ ᠬᠢᠨᠠᠨ ᠲᠤᠭᠲᠠᠭᠠᠬᠤ ᠶᠢᠨ | ᠬᠠᠮᠲᠤ ᠭᠡᠷᠡᠲᠦ ᠦᠢᠯᠡᠴᠢᠯᠡᠭᠡᠨ ᠤ ᠲᠤᠭ᠎ᠠ ᠬᠡᠮᠵᠢᠶ᠎ᠡ ᠪᠠ ᠶᠠᠰᠤ ᠴᠢᠨᠠᠷ ᠲᠠᠢ ᠬᠠᠷᠢᠯᠴᠠᠨ ᠬᠤᠯᠪᠣᠭᠳᠠᠭᠤᠯᠬᠤ | ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠂ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠤᠳ ᠱᠠᠲᠤ ᠬᠤᠪᠢᠶᠠᠨ ᠣᠨᠣᠰᠢᠯᠠᠨ ᠡᠮᠨᠡᠬᠦ ᠪᠠ ᠭᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠥᠭᠬᠦ᠂ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠲᠤᠰᠢᠶᠠᠯ ᠤᠨ ᠴᠣᠯᠠ ᠳᠡᠪᠰᠢᠬᠦ ᠵᠡᠷᠭᠡ ᠳᠤ ᠠᠰᠢᠭᠲᠠᠢ ᠲᠦᠷᠦ ᠶᠢᠨ | ᠪᠤᠳᠤᠯᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠰᠠᠯᠠᠭ᠎ᠠ ᠮᠥᠴᠢᠷ ᠤᠳ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠬᠤ᠂ | ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ | ᠪᠠᠶᠠᠯᠢᠭ ᠢ ᠨᠢᠭᠡᠳᠦᠯᠲᠡᠶ ᠲᠣᠬᠢᠷᠠᠭᠤᠯᠤᠨ᠂ ᠭᠡᠷᠡᠲᠦ ᠦᠢᠯᠡᠴᠢᠯᠡᠭᠡᠨ ᠤ ᠠᠵᠢᠯᠯᠠᠭ᠎ᠠ ᠳᠠᠬᠢ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | |