2016 ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠬᠤ ᠠᠵᠢᠯ ᠢ ᠦᠷᠨᠢᠭᠦᠯᠬᠦ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017/3/31
                     ᠥᠪᠥᠷ ᠵᠠᠰᠠᠭ ᠠᠯᠪᠠᠨ ᠠᠯᠪᠠᠨ ᠦᠰᠦᠭ ﹇2016﹈165 ᠳ᠋ᠤᠭᠠᠷ ᠲᠣᠭᠠᠲᠤ                              9 ᠳ᠋ᠦ᠋ᠭᠡᠷ ᠰᠠᠷ᠎ᠠ ᠶᠢᠨ14 ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄       ︽ᠠᠮᠤ ᠪᠤᠳᠠᠭ᠎ᠠ ᠶᠢᠨ ᠠᠮᠤᠷ ᠲᠥᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈144 ᠳ᠋ᠦ᠋ᠭᠡᠷ ᠲᠣᠭᠠᠲᠤ︶ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 3 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠶᠢᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠠᠶᠢᠮᠠᠭ ᠬᠤᠲᠠ ᠶᠢᠨ 2016 ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠨ ᠤ ᠰᠢᠯᠭᠠᠨ ᠬᠢᠨᠠᠯᠲᠠ ᠬᠢᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠰᠢᠯᠭᠠᠨ ᠬᠢᠨᠠᠬᠤ ᠠᠵᠢᠯ ᠤᠨ ᠲᠣᠬᠢᠷᠠᠭᠤᠯᠤᠯᠲᠠ       ︵ᠨᠢᠭᠡ︶ ᠥᠪᠡᠰᠦᠪᠡᠨ ᠪᠠᠶᠢᠴᠠᠭᠠᠵᠤ ᠬᠤᠪᠢ ᠲᠣᠭᠲᠠᠭᠠᠨ᠎ᠠ᠃      2017 ᠣᠨ ᠤ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠠᠶᠢᠮᠠᠭ ᠬᠤᠲᠠ ︽2016 ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠵᠤ ᠬᠤᠪᠢ ᠲᠣᠭᠲᠠᠭᠠᠬᠤ ᠬᠦᠰᠦᠨᠦᠭᠲᠦ︾ ᠳᠤ ᠲᠣᠭᠲᠠᠭᠠᠭᠰᠠᠨ ᠣᠨ ᠤ ᠰᠢᠯᠭᠠᠨ ᠬᠢᠨᠠᠬᠤ ᠬᠠᠷᠠᠯᠲᠠᠲᠤ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ 2016 ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠵᠤ ᠥᠪᠡᠰᠦᠪᠡᠨ ᠬᠤᠪᠢ ᠣᠯᠭᠤᠬᠤ ᠪᠠ ᠳ᠋ᠦᠩᠨᠡᠯᠲᠡ ᠶᠢᠨ ᠮᠡᠳᠡᠭᠦᠯᠦᠯᠲᠡ ᠶᠢ ᠪᠡᠶᠡᠯᠡᠭᠦᠯᠦᠨ᠂ ᠥᠪᠡᠰᠦᠪᠡᠨ ᠦᠨᠡᠯᠡᠨ ᠬᠤᠪᠢ ᠣᠯᠭᠤᠬᠤ ᠳᠤ ᠦᠨᠳᠦᠰᠦᠯᠡᠯ ᠪᠣᠯᠭᠠᠭᠰᠠᠨ ᠪᠢᠴᠢᠭ ᠮᠠᠲ᠋ᠧᠷᠢᠶᠠᠯ ᠢ ᠪᠦᠷᠢᠨ ᠪᠡᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠶᠢᠨ ᠲᠣᠪᠴᠢᠶ᠎ᠠ ︵ᠰᠢᠯᠭᠠᠨ  ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ︶ ᠲᠤ ᠮᠡᠳᠡᠭᠦᠯᠦᠨ ᠬᠦᠷᠭᠡᠬᠦ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠪᠤᠰᠤᠳ ᠪᠦᠷᠢᠯᠳᠦᠭᠦᠨ ᠨᠢᠭᠡᠴᠡ ᠳᠤ ᠬᠠᠭᠤᠯᠤᠨ ᠢᠯᠡᠭᠡᠬᠦ ᠬᠡᠷᠡᠭᠲᠡᠢ᠃ ᠥᠪᠡᠰᠦᠪᠡᠨ ᠦᠨᠡᠯᠡᠭᠰᠡᠨ ᠮᠡᠳᠡᠭᠦᠯᠦᠯᠲᠡ ᠨᠢ ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠳᠤ ᠰᠢᠯᠭᠠᠨ ᠬᠢᠨᠠᠭᠰᠠᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠠᠮᠵᠢᠯᠲᠠ ᠪᠦᠲᠦᠮᠵᠢ ᠶᠢ ᠳ᠋ᠦᠩᠨᠡᠨ ᠂ ᠠᠰᠠᠭᠤᠳᠠᠯ ᠢ ᠡᠷᠢᠵᠤ᠂ ᠰᠢᠯᠲᠠᠭᠠᠨ ᠢ ᠨᠢ ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠠᠶᠢᠮᠠᠭ ᠬᠤᠲᠠ ᠨᠤᠭᠤᠳ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠭᠰᠡᠨ ᠪᠠᠶᠢᠳᠠᠯ ᠤᠨ ᠦᠨᠡᠨ ᠪᠤᠳᠠᠳᠤ ᠴᠢᠨᠠᠷ ᠪᠣᠯᠣᠨ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠢ᠃       ︵ᠬᠤᠶᠠᠷ︶ ᠰᠠᠯᠠᠭ᠎ᠠ ᠮᠦᠴᠢᠷ ᠠᠴᠠ ᠬᠢᠨᠠᠨ ᠲᠣᠭᠲᠠᠭᠠᠨ᠎ᠠ᠃       2017 ᠣᠨ ᠤ 2 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ᠂ ᠡᠯ᠎ᠡ ᠲᠦᠷᠦᠭᠦᠯᠡᠬᠦ ᠰᠠᠯᠠᠭ᠎ᠠ ᠮᠦᠴᠢᠷ ᠤᠳ ᠬᠠᠮᠵᠢᠯᠴᠠᠬᠤ ᠰᠠᠯᠠᠭ᠎ᠠ ᠮᠦᠴᠢᠷ ᠪᠣᠯᠣᠨ ᠨᠢᠭᠡᠴᠡ ᠲᠠᠢ ᠬᠠᠮᠲᠤᠷᠠᠨ  ︽2016 ᠣᠨ  ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠵᠤ ᠬᠤᠪᠢ ᠲᠣᠭᠲᠠᠭᠠᠬᠤ ᠨᠠᠷᠢᠨ ᠳᠦᠷᠢᠮ︾ ᠤᠨ ᠲᠣᠭᠲᠠᠭᠠᠯ ᠶᠣᠰᠣᠭᠠᠷ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠲᠠᠢ ᠤᠶᠠᠯᠳᠤᠭᠤᠯᠤᠨ᠂ ᠡᠯ᠎ᠡ ᠠᠶᠢᠮᠠᠭ ᠬᠤᠲᠠ ᠶᠢᠨ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠬᠢᠨᠠᠵᠤ ᠬᠢᠨᠠᠨ ᠲᠣᠭᠲᠠᠭᠠᠬᠤ ᠶᠢᠨ ᠬᠠᠮᠲᠤ᠂ ᠪᠢᠴᠢᠭᠯᠡᠭᠰᠡᠨ ᠰᠠᠨᠠᠯ ᠪᠣᠯᠭᠠᠵᠤ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ ᠳ᠋ᠦᠩᠨᠡᠨ ᠬᠤᠷᠢᠶᠠᠩᠭᠤᠶᠢᠯᠠᠨ᠎ᠠ᠃       ︵ᠭᠤᠷᠪᠠ︶  ᠬᠠᠮᠲᠤᠷᠠᠵᠤ ᠰᠤᠭᠤᠴᠠᠨ ᠪᠠᠶᠢᠴᠠᠭᠠᠨ᠎ᠠ᠃      ᠰᠢᠯᠭᠠᠨ ᠬᠢᠨᠠᠬᠤ ᠠᠵᠢᠯ ᠤᠨ ᠳᠤᠭᠤᠶᠢᠯᠠᠩ ᠨᠢ ᠡᠯ᠎ᠡ ᠠᠶᠢᠮᠠᠭ ᠬᠤᠲᠠ ᠶᠢᠨ ᠥᠪᠡᠰᠦᠪᠡᠨ ᠦᠨᠡᠯᠡᠭᠰᠡᠨ ᠮᠡᠳᠡᠭᠦᠯᠦᠯᠲᠡ ᠪᠣᠯᠣᠨ ᠰᠠᠯᠠᠭ᠎ᠠ ᠮᠦᠴᠢᠷ ᠤᠨ ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ᠂ ᠰᠤᠭᠤᠴᠠᠨ ᠪᠠᠶᠢᠴᠠᠭᠠᠬᠤ ᠠᠶᠢᠮᠠᠭ ᠬᠤᠲᠠ ᠶᠢ ᠰᠤᠳᠤᠯᠤᠨ ᠲᠣᠭᠲᠠᠭᠠᠵᠤ᠂ ᠬᠠᠮᠲᠤᠷᠠᠨ ᠰᠤᠭᠤᠴᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ ᠲᠣᠬᠠᠢ ᠶᠢᠨ ᠭᠠᠵᠠᠷ ᠲᠤᠨᠢ ᠰᠢᠯᠭᠠᠨ ᠬᠢᠨᠠᠬᠤ ᠶᠢᠨ ᠬᠠᠮᠲᠤ᠂ 2017 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠰᠤᠭᠤᠴᠠᠨ ᠪᠠᠶᠢᠴᠠᠭᠠᠵᠤ ᠰᠢᠯᠭᠠᠨ ᠬᠢᠨᠠᠭᠰᠠᠨ ᠮᠡᠳᠡᠭᠦᠯᠦᠯᠲᠡ ᠪᠣᠯᠭᠠᠬᠤ ᠬᠡᠷᠡᠭᠲᠡᠢ᠃       ︵ᠳᠥᠷᠪᠡ︶  ᠶᠡᠷᠦᠩᠬᠡᠶᠢᠯᠡᠭᠰᠡᠨ ᠦᠨᠡᠯᠡᠯᠲᠡ ᠬᠢᠨ᠎ᠡ᠃      2017 ᠣᠨ ᠤ 3 ᠳ᠋ᠤᠭᠠᠷ  ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠤᠪᠢ ᠲᠣᠭᠲᠠᠭᠠᠨ ᠬᠢᠨᠠᠭᠰᠠᠨ ᠪᠠ ᠰᠤᠭᠤᠴᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠶᠡᠷᠦᠩᠬᠡᠶᠢᠯᠡᠭᠰᠡᠨ ᠦᠨᠡᠯᠡᠯᠲᠡ ᠬᠢᠵᠦ᠂ ᠰᠢᠯᠭᠠᠨ ᠬᠢᠨᠠᠭᠰᠠᠨ ᠳᠡᠰ ᠪᠣᠯᠣᠨ ᠰᠢᠯᠭᠠᠨ ᠬᠢᠨᠠᠭᠰᠠᠨ ᠦᠷ᠎ᠡ ᠳ᠋ᠦᠩ ᠢ ᠬᠡᠷᠡᠭᠯᠡᠬᠦ ᠰᠠᠨᠠᠭᠤᠯᠭ᠎ᠠ ᠳᠤᠷᠠᠳᠴᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠳᠤ ᠮᠡᠳᠡᠭᠦᠯᠦᠨ ᠬᠢᠨᠠᠨ ᠵᠥᠪᠯᠡᠭᠦᠯᠬᠦ ᠬᠡᠷᠡᠭᠲᠡᠢ᠃      ︵ ᠲᠠᠪᠤ︶ ᠰᠢᠯᠭᠠᠨ ᠬᠢᠨᠠᠭᠰᠠᠨ ᠦᠷ᠎ᠡ ᠳ᠋ᠦᠩ ᠢ ᠮᠡᠳᠡᠭᠡᠯᠡᠨ ᠮᠡᠳᠡᠭᠳᠡᠨ᠎ᠡ᠃      ᠰᠢᠯᠭᠠᠨ ᠬᠢᠨᠠᠭᠰᠠᠨ ᠦᠷ᠎ᠡ ᠳ᠋ᠦᠩ ᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠠᠴᠠ ᠬᠢᠨᠠᠨ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠨᠢ ᠡᠯ᠎ᠡ ᠠᠶᠢᠮᠠᠭ ᠬᠤᠲᠠ ᠳᠤ ᠮᠡᠳᠡᠭᠡᠯᠡᠨ ᠮᠡᠳᠡᠭᠳᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠠᠭᠤᠯᠤᠨ ᠢᠯᠡᠭᠡᠵᠦ᠂ ᠠᠶᠢᠮᠠᠭ ᠬᠤᠲᠠ ᠶᠢᠨ ᠭᠤᠣᠯ ᠬᠠᠷᠢᠭᠤᠴᠠᠯᠭᠠᠲᠠᠨ ᠪᠣᠯᠣᠨ ᠤᠳᠤᠷᠢᠳᠬᠤ ᠪᠠᠭ ᠤᠨ ᠶᠡᠷᠦᠩᠬᠡᠶᠢᠯᠡᠭᠰᠡᠨ ᠰᠢᠯᠭᠠᠨ ᠬᠢᠨᠠᠵᠤ ᠦᠨᠡᠯᠡᠯᠲᠡ ᠬᠢᠬᠦ ᠳᠤ ᠯᠠᠪᠯᠠᠯᠲᠠ ᠪᠣᠯᠭᠠᠬᠤ ᠬᠡᠷᠡᠭᠲᠡᠢ᠃     ᠬᠤᠶᠠᠷ᠂ ᠰᠢᠯᠭᠠᠨ ᠬᠢᠨᠠᠬᠤ ᠠᠵᠢᠯ ᠤᠨ ᠱᠠᠭᠠᠷᠳᠠᠯᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃      ᠡᠯ᠎ᠡ ᠠᠶᠢᠮᠠᠭ ᠬᠤᠲᠠ ᠨᠤᠭᠤᠳ ᠠᠮᠤ ᠪᠤᠳᠠᠭ᠎ᠠ ᠶᠢᠨ ᠠᠮᠤᠷ ᠲᠥᠪᠰᠢᠨ ᠢ ᠦᠨᠡᠨᠬᠦ ᠪᠠᠲᠤᠯᠠᠬᠤ ᠶᠢᠨ ᠴᠢᠬᠤᠯᠠ ᠴᠢᠨᠠᠷ ᠪᠣᠯᠣᠨ ᠨᠠᠷᠢᠨ ᠪᠣᠳᠣᠯᠢᠶᠠᠨᠲᠤ ᠴᠢᠨᠠᠷ ᠢ ᠭᠦᠢᠴᠡᠳ ᠲᠠᠨᠢᠵᠤ᠂ ᠪᠦᠬᠦ ᠲᠠᠯ᠎ᠠ ᠶᠢᠨ ᠦᠵᠡᠯ ᠤᠬᠠᠮᠰᠠᠷ ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠴᠢᠩᠭᠠᠳᠬᠠᠵᠤ᠂ ᠤᠯᠤᠰ ᠪᠠ ᠣᠷᠣᠨ ᠪᠦᠰᠡ ᠶᠢᠨ ᠠᠮᠤ ᠪᠤᠳᠠᠭ᠎ᠠ ᠶᠢᠨ ᠠᠮᠤᠷ ᠲᠥᠪᠰᠢᠨ ᠢ ᠪᠠᠲᠤᠯᠠᠬᠤ ᠶᠠᠪᠤᠳᠠᠯ ᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠴᠢᠬᠤᠯᠠ ᠪᠠᠶᠢᠷᠢᠨ ᠳᠤ ᠲᠠᠯᠪᠢᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠠᠲᠤᠯᠠᠬᠤ ᠦᠨᠳᠦᠰᠦᠨ ᠡᠭᠦᠷᠭᠡ ᠪᠣᠯᠭᠠᠨ᠂ ᠴᠦᠬᠦᠷᠡᠯ ᠦᠭᠡᠢ ᠪᠠᠶᠢᠩᠭᠤ ᠠᠳᠬᠤᠬᠤ ᠬᠡᠷᠡᠭᠲᠡᠢ᠃ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠪᠠᠶᠢᠴᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠪᠤᠳᠠᠲᠠᠢ ᠪᠠᠶᠢᠷᠢᠯᠠᠭᠤᠯᠤᠯᠲᠠ ᠶᠢ ᠦᠨᠡᠨᠬᠦ ᠴᠢᠩᠭᠠᠳᠬᠠᠵᠤ᠂ ᠣᠨ ᠤ ᠡᠯ᠎ᠡ ᠵᠦᠢᠯ ᠤᠨ ᠬᠠᠷᠠᠯᠳᠠᠳᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ᠃ ᠣᠨ ᠤ ᠰᠢᠯᠭᠠᠨ ᠬᠢᠨᠠᠬᠤ ᠬᠠᠷᠠᠯᠳᠠᠳᠤ ᠡᠭᠦᠷᠭᠡ ᠶᠢᠨ ᠲᠣᠭᠤᠷᠢᠨ ᠳᠤ᠂ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠬᠦ ᠠᠵᠢᠯ ᠢ ᠬᠢᠨᠠᠮᠠᠭᠠᠢ ᠦᠷᠨᠢᠭᠦᠯᠵᠦ᠂ ᠬᠠᠷᠠᠯᠳᠠᠳᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠦᠨᠡᠨ ᠪᠤᠳᠠᠳᠠᠢ ᠪᠠᠷ ᠲᠤᠰᠬᠠᠬᠤ ᠬᠡᠷᠡᠭᠲᠡᠢ᠃       ︵ᠬᠤᠶᠠᠷ︶ ᠰᠢᠯᠭᠠᠨ ᠬᠢᠨᠠᠬᠤ ᠠᠵᠢᠯ ᠤᠨ ᠰᠠᠬᠢᠯᠭ᠎ᠠ ᠪᠠᠲᠤ ᠶᠢ ᠲᠥᠪ ᠴᠢᠩᠭ᠎ᠠ ᠪᠠᠶᠢᠯᠭᠠᠨ᠎ᠠ᠃      ᠰᠢᠯᠭᠠᠨ ᠬᠢᠨᠠᠬᠤ ᠠᠵᠢᠯ ᠳᠤ ᠡᠷᠬᠡ ᠲᠡᠭᠰᠢ ᠲᠥᠪ ᠭᠤᠣᠯᠴᠢ᠂ ᠦᠨᠡᠨ ᠠᠴᠠ ᠵᠥᠪ ᠢ ᠡᠷᠢᠭᠰᠡᠨ ᠪᠠᠶᠢᠬᠤ ᠬᠡᠷᠡᠭᠲᠡᠢ᠃ ᠰᠢᠯᠭᠠᠨ ᠬᠢᠨᠠᠬᠤ ᠠᠵᠢᠯ ᠤᠨ ᠳᠤᠮᠳᠠᠬᠢ ᠬᠤᠳᠠᠯ ᠬᠠᠭᠤᠷᠮᠠᠭ ᠵᠣᠬᠢᠶᠠᠬᠤ᠂ ᠪᠠᠶᠢᠳᠠᠯ ᠢᠶᠠᠨ ᠨᠢᠭᠤᠵᠤ ᠮᠡᠳᠡᠭᠦᠯᠬᠦ ᠦᠭᠡᠢ ᠬᠤᠳᠠᠯ ᠢᠶᠠᠷ ᠮᠡᠳᠡᠭᠦᠯᠬᠦ ᠪᠠ ︽ᠬᠠᠷᠢᠴᠠᠭ᠎ᠠ ᠶᠢᠨ ᠬᠤᠪᠢ︾᠂ ︽ ᠨᠠᠶᠢᠷ ᠲᠠᠯ᠎ᠠ ᠶᠢᠨ ᠬᠤᠪᠢ︾ ᠥᠭᠬᠦ ᠪᠠᠶᠢᠳᠠᠯ ᠣᠷᠣᠰᠢᠵᠤ ᠪᠠᠶᠢᠪᠠᠯ᠂ ᠮᠡᠳᠡᠭᠡᠯᠡᠨ ᠰᠢᠭᠦᠮᠵᠢᠯᠡᠬᠦ ᠶᠢᠨ ᠬᠠᠮᠲᠤ᠂ ᠬᠤᠯᠪᠣᠭᠳᠠᠯ ᠪᠦᠬᠦᠢ ᠬᠥᠮᠥᠰ ᠤᠨ ᠬᠠᠷᠢᠭᠤᠴᠠᠯᠭ᠎ᠠ ᠶᠢ ᠬᠠᠣᠯᠢ ᠰᠠᠬᠢᠯᠭ᠎ᠠ ᠶᠢᠨ ᠶᠣᠰᠣᠭᠠᠷ ᠨᠡᠬᠡᠮᠵᠢᠯᠡᠨ᠎ᠡ᠃      ᠰᠢᠯᠭᠠᠨ ᠬᠢᠨᠠᠬᠤ ᠳᠤᠭᠤᠶᠢᠯᠠᠩ ᠤᠨ ᠠᠯᠪᠠᠨ ᠭᠡᠷ ᠤᠨ ᠤᠲᠠᠰᠤ᠄ ︵0471︶ 6945013   6946670       ᠳᠠᠭᠠᠯᠳᠤᠭᠤᠯᠤᠯ᠄ ⒈ 2016 ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠵᠤ ᠬᠤᠪᠢ ᠲᠣᠭᠲᠠᠭᠠᠬᠤ ᠳᠦᠷᠢᠮ ︵ᠲᠣᠪᠴᠢᠯᠠᠪᠠ︶      ⒉ 2016ᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠵᠤ ᠬᠤᠪᠢ ᠲᠣᠭᠲᠠᠭᠠᠬᠤ ᠬᠦᠰᠦᠨᠦᠭᠲᠦ ︵ᠲᠣᠪᠴᠢᠯᠠᠪᠠ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号