ᠥᠪᠥᠷ ᠵᠠᠰᠠᠭ ᠠᠯᠪᠠᠨ ᠲᠠᠷᠬᠠᠭᠠᠭᠰᠠᠨ ﹇2016﹈ 158 ᠳ᠋ᠤᠭᠠᠷ ᠲᠤᠭᠠᠳᠤ | 11 ᠳ᠋ᠤᠭᠡᠷ ᠰᠠᠷ᠎ᠠ ᠶᠢᠨ 3 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠨ ᠤ | ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ | | ︽ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ | ﹇2016﹈ 2 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠲᠠᠷᠢᠶᠠᠯᠠᠩ ᠤᠨ ᠤᠰᠤ ᠠᠷᠪᠢᠯᠠᠬᠤ ᠪᠠ ᠲᠠᠷᠢᠶᠠᠯᠠᠩ ᠤᠨ ᠥᠷᠭᠦᠯᠵᠢᠯᠡᠨ ᠬᠥᠭᠵᠢᠬᠦ ᠶᠢ ᠠᠬᠢᠭᠤᠯᠵᠤ᠂ ᠮᠠᠨ ᠤ | ᠣᠷᠣᠨ ᠤ ᠲᠠᠷᠢᠶᠠᠨ ᠭᠠᠵᠠᠷ ᠤᠨ ᠤᠰᠤᠯᠠᠵᠤ ᠤᠰᠤ ᠵᠠᠯᠠᠬᠤ ᠢᠨᠵᠧᠨᠧᠷᠢᠩ ᠤᠨ ᠰᠠᠶᠢᠨ ᠠᠵᠢᠯᠯᠠᠭᠠᠨ ᠪᠠ ᠬᠥᠳᠡᠭᠡ | ᠲᠣᠰᠬᠤᠨ ᠤ ᠤᠰᠤᠨ ᠠᠰᠢᠭᠯᠠᠯᠲᠠ ᠶᠢᠨ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ | ᠪᠡᠶᠡᠯᠡᠭᠦᠯᠬᠦ ᠶᠢᠨ ᠲᠤᠰᠠᠳᠠ᠂ ᠮᠠᠨ ᠤ ᠣᠷᠣᠨ ᠤ ᠪᠤᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠲᠥᠰᠦᠯ ᠢ | ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ | ᠦᠭᠡᠢ᠂ ᠨᠡᠭᠡᠭᠡᠯᠳᠡ ᠲᠠᠢ᠂ ᠬᠠᠮᠲᠤ ᠪᠠᠷ ᠬᠦᠷᠲᠡᠬᠦ︾ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ | ᠪᠣᠯᠭᠠᠵᠤ᠂ ᠤᠯᠤᠰ ᠤᠨ ᠠᠮᠤ ᠪᠤᠳᠠᠭ᠎ᠠ ᠶᠢᠨ ᠠᠮᠤᠷ ᠲᠦᠪᠰᠢᠨ ᠪᠣᠯᠣᠨ ᠤᠰᠤᠨ ᠤ ᠠᠮᠤᠷ ᠲᠦᠪᠰᠢᠨ ᠢ | ᠪᠠᠲᠤᠯᠠᠬᠤ ᠶᠢᠨ ᠲᠣᠭᠤᠷᠢᠨ ᠳᠤ ᠤᠰᠤ ᠠᠷᠪᠢᠯᠠᠬᠤ ᠪᠠᠷ ᠲᠡᠷᠢᠭᠦᠯᠡᠬᠦ ᠶᠢᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ | ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠣᠯᠣᠨ | ᠲᠠᠷᠢᠶᠠᠯᠠᠩ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ | ᠣᠷᠳᠣᠨ ᠪᠣᠯᠣᠨ ᠵᠠᠬ᠎ᠠ ᠳᠡᠯᠭᠡᠭᠦᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠨ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠶᠡᠷᠦᠩᠭᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠰᠤᠨ ᠤ ᠡᠷᠬᠡ ᠨᠢ ᠲᠣᠲᠣᠷᠬᠠᠢ᠂ ᠨᠤᠷᠮ᠎ᠠ | ᠲᠣᠭᠲᠠᠭᠠᠨ ᠬᠠᠮᠢᠶᠠᠷᠬᠤ ᠪᠠᠷ ᠤᠷᠢᠳᠡᠯ ᠪᠣᠯᠭᠠᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠰᠢᠰᠲ᠋ᠧᠮᠵᠢ ᠶᠢ ᠲᠡᠭᠦᠯᠳᠡᠷᠵᠢᠭᠦᠯᠬᠦ ᠪᠠᠷ ᠰᠠᠭᠤᠷᠢ ᠪᠣᠯᠭᠠᠵᠤ᠂ ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢᠨ ᠪᠦᠷᠢᠯᠳᠦᠬᠦ ᠲᠣᠭᠲᠠᠴᠠ ᠶᠢ ᠪᠦᠷᠢᠨᠰᠢᠭᠦᠯᠬᠦ ᠪᠠᠷ ᠭᠤᠤᠯ ᠪᠣᠯᠭᠠᠵᠤ᠂ ᠪᠠᠶᠢᠭᠤᠯᠤᠯ ᠲᠣᠭᠲᠠᠴᠠ ᠳᠤ | ᠰᠢᠨ᠎ᠡ ᠶᠢ ᠡᠭᠦᠳᠬᠦ ᠪᠠᠷ ᠬᠦᠳᠡᠯᠭᠡᠭᠦᠷ ᠬᠦᠴᠦᠨ ᠪᠣᠯᠭᠠᠵᠤ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ | ᠶᠡᠷᠦᠩᠬᠡᠶ ᠬᠡᠮᠵᠢᠶ᠎ᠡ ᠶᠢ ᠡᠵᠡᠮᠳᠡᠬᠦ ᠪᠠ ᠨᠤᠷᠮ᠎ᠠ ᠲᠣᠭᠲᠠᠭᠠᠨ ᠬᠠᠮᠢᠶᠠᠷᠬᠤ ᠲᠥᠷᠢᠮ ᠢ ᠠᠯᠬᠤᠮ ᠠᠯᠬᠤᠮ ᠢᠶᠠᠷ | ᠪᠠᠶᠢᠭᠤᠯᠤᠨ᠂ ᠲᠠᠷᠢᠶᠠᠯᠠᠩ ᠤᠨ ᠤᠰᠤ ᠠᠷᠪᠢᠯᠠᠵᠤ ᠣᠰᠣᠨ ᠤ ᠠᠰᠢᠭᠯᠠᠮᠵᠢ ᠶᠢ ᠨᠡᠮᠡᠭᠳᠡᠭᠦᠯᠬᠦ ᠪᠠ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠭᠠᠨ ᠲᠠᠢ ᠪᠠᠶᠢᠬᠤ ᠶᠢ ᠠᠬᠢᠭᠤᠯᠵᠤ᠂ | ᠲᠠᠷᠢᠶᠠᠯᠠᠩ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠶᠡᠷᠦᠩᠭᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠬᠢᠭᠡᠳ ᠤᠰᠤᠨ ᠤ | ᠡᠷᠬᠡ ᠶᠢᠨ ᠲᠥᠷᠢᠮ ᠤᠨ ᠥᠭᠡᠷᠡᠴᠢᠯᠡᠯᠲᠡ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠬᠤ ᠲᠣᠭᠲᠠᠴᠠ ᠶᠢᠨ ᠰᠢᠨ᠎ᠡ ᠶᠢ ᠡᠭᠦᠳᠬᠦ᠂ ᠪᠡᠯᠡ ᠣᠷᠣᠭᠤᠯᠣᠯᠲᠠ ᠪᠡᠯᠡ | ᠲᠣᠬᠢᠷᠠᠭᠤᠯᠭ᠎ᠠ ᠶᠢᠨ ᠲᠣᠭᠲᠠᠴᠠ ᠶᠢ ᠥᠭᠡᠷᠡᠴᠢᠯᠡᠬᠦ ᠵᠡᠷᠭᠡ ᠪᠤᠰᠤᠳ ᠬᠠᠮᠢᠶ᠎ᠠ ᠪᠦᠬᠦᠢ ᠥᠭᠡᠷᠡᠴᠢᠯᠡᠯᠲᠡ ᠯᠦᠭᠡ | ᠨᠢᠭᠲᠠ ᠵᠣᠯᠭᠠᠯᠳᠤᠭᠤᠯᠬᠤ ᠶᠢ ᠴᠢᠩᠭᠠᠳᠬᠠᠨ᠎ᠠ᠃ ᠢᠨᠵᠧᠨᠧᠷᠢᠩ ᠢ ᠢᠵᠢ ᠪᠦᠷᠢᠳᠦᠭᠦᠯᠬᠦ᠂ ᠬᠠᠮᠢᠶᠠᠷᠤᠯᠲᠠ ᠳᠤ | ᠰᠢᠨ᠎ᠡ ᠶᠢ ᠡᠭᠦᠳᠬᠦ᠂ ᠦᠨ᠎ᠡ ᠬᠠᠩᠰᠢ ᠶᠢ ᠲᠣᠬᠢᠷᠠᠭᠤᠯᠬᠤ᠂ ᠡᠳ᠋ ᠤᠨ ᠵᠠᠰᠠᠭ ᠤᠨ ᠱᠠᠩᠨᠠᠵᠤ ᠨᠥᠬᠦᠪᠥᠷᠢ ᠥᠭᠬᠦ᠂ | ᠮᠡᠷᠭᠡᠵᠢᠯ ᠢ ᠳᠡᠯᠭᠡᠷᠡᠭᠦᠯᠬᠦ᠂ ᠪᠦᠲᠦᠴᠡ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ | ᠪᠠᠶᠢᠭᠠᠳ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠬᠤᠶᠠᠷ︶ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠨ᠎ᠠ᠃ | ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ | ᠦᠢᠯᠡᠳᠦᠯ ᠢ ᠭᠠᠷᠭᠠᠨ᠂ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠬᠤ ᠮᠥᠷᠲᠡᠭᠡᠨ ᠪᠠᠰᠠ ᠵᠠᠰᠠᠭ ᠤᠨ | ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠮᠤ ᠪᠤᠳᠠᠭ᠎ᠠ ᠵᠡᠷᠭᠡ ᠭᠤᠣᠯ ᠪᠣᠯᠬᠤ ᠲᠠᠷᠢᠮᠠᠯ ᠤᠨ ᠵᠦᠢ | ᠵᠣᠬᠢᠰᠲᠠᠶ ᠤᠰᠤᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠂ ᠲᠠᠷᠢᠶᠠᠴᠢᠳ ᠤᠨ ᠳᠠᠷᠤᠭᠠᠰᠦ ᠶᠢ ᠶᠡᠷᠦᠩᠬᠡᠶ ᠳᠤᠨᠢ | ᠦᠯᠦ ᠨᠡᠮᠡᠭᠳᠡᠭᠦᠯᠦᠨ᠎ᠡ᠃ | ︵ᠭᠤᠷᠪᠠ︶ ᠤᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠎ᠠ᠃ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠯᠪᠣᠭᠳᠠᠬᠤ | ᠬᠡᠪᠴᠢᠶ᠎ᠡ ᠨᠢ ᠥᠷᠭᠡᠨ ᠪᠣᠯᠬᠤᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ | ᠬᠥᠭᠵᠢᠭᠦᠯᠦᠯᠲᠡ ᠥᠭᠡᠷᠡᠴᠢᠯᠡᠯᠲᠡ ︵ᠪᠠᠷᠠᠭᠠᠨ ᠤ ᠦᠨ᠎ᠡ ᠬᠠᠩᠰᠢ︶᠂ ᠡᠳ᠋ ᠤᠨ ᠵᠠᠰᠠᠭ᠂ ᠤᠰᠤᠨ ᠠᠰᠢᠭᠯᠠᠯᠲᠠ᠂ | ᠲᠠᠷᠢᠶᠠᠯᠠᠩ ᠮᠠᠯ ᠠᠵᠤ ᠠᠬᠤᠶ ᠵᠡᠷᠭᠡ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠣᠬᠢᠴᠠᠯᠳᠤᠨ ᠬᠠᠮᠵᠢᠯᠴᠠᠵᠤ᠂ | ᠤᠯᠠᠨ ᠲᠠᠯ᠎ᠠ ᠪᠠᠷ ᠬᠠᠮᠲᠤᠷᠠᠨ ᠬᠦᠳᠡᠯᠦᠯᠴᠡᠵᠦ᠂ ᠬᠦᠴᠦ ᠪᠠᠨ ᠬᠠᠮᠳᠤᠳᠬᠠᠨ ᠥᠭᠡᠷᠡᠴᠢᠯᠡᠯᠲᠡ ᠶᠢ ᠠᠬᠢᠭᠤᠯᠤᠨ᠎ᠠ᠃ | ︵ᠲᠦᠷᠪᠡ︶ ᠬᠠᠩᠭᠠᠯᠭ᠎ᠠ ᠬᠡᠷᠡᠭᠴᠡᠭᠡ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠨ᠎ᠠ᠃ | ᠤᠰᠤ ᠬᠠᠩᠭᠠᠬᠤ ᠬᠠᠮᠢᠶᠠᠷᠤᠯᠲᠠ ᠶᠢ ᠴᠢᠩᠭᠠᠳᠬᠠᠨ᠂ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ | ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠣᠯᠣᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠮᠥᠷᠲᠡᠭᠡᠨ ᠪᠠᠰᠠ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ ᠶᠢ ᠳᠣᠪᠤᠶᠢᠯᠭᠠᠵᠤ᠂ | ᠲᠠᠷᠢᠶᠠᠯᠠᠩ ᠤᠨ ᠤᠰᠤ ᠬᠡᠷᠡᠭᠯᠡᠬᠦ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠂ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠮᠠᠶ᠋ᠢᠭ ᠤᠨ | ᠪᠠᠶᠢᠭᠰᠠᠨ ᠠᠴᠠ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠲᠡᠰᠢ ᠬᠤᠪᠢᠷᠠᠭᠤᠯᠬᠤ ᠶᠢ | ᠠᠬᠢᠭᠤᠯᠤᠨ᠎ᠠ᠃ | ︵ᠲᠠᠪᠤ︶ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠎ᠠ᠃ | ᠡᠯ᠎ᠡ ᠭᠠᠵᠠᠷ ᠣᠷᠣᠨ ᠨᠢ ᠣᠰᠣᠨ ᠤ ᠡᠬᠢ ᠰᠤᠷᠪᠤᠯᠵᠢ ᠶᠢᠨ ᠤᠬ ᠰᠤᠷᠪᠤᠯᠵᠢ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠣᠳᠣᠬᠢ ᠪᠠᠶᠢᠳᠠᠯ ᠪᠣᠯᠣᠨ ᠠᠵᠤ ᠠᠬᠤᠶ ᠶᠢᠨ ᠬᠥᠭᠵᠢᠯᠲᠡ ᠶᠢᠨ ᠬᠢᠷᠢ | ᠬᠡᠮᠵᠢᠶ᠎ᠡ ᠶᠢ ᠦᠨᠳᠦᠰᠦᠯᠡᠨ᠂ ᠭᠠᠵᠠᠷ ᠰᠢᠷᠣᠶ ᠶᠢᠨ ᠡᠷᠭᠢᠯᠲᠡ᠂ ᠲᠠᠷᠢᠶᠠᠯᠠᠩ ᠤᠨ ᠡᠵᠡᠩᠨᠡᠯᠲᠡ ᠶᠢᠨ ᠠᠷᠭ᠎ᠠ | ᠮᠠᠶ᠋ᠢᠭ ᠤᠨ ᠬᠤᠪᠢᠷᠠᠯᠲᠠ ᠲᠠᠢ ᠤᠶᠠᠯᠳᠤᠭᠤᠯᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠨ᠂ | ᠭᠦᠢᠴᠡᠳ ᠪᠠᠶᠢᠴᠠᠭᠠᠨ ᠰᠤᠳᠤᠯᠵᠤ ᠨᠤᠲᠠᠯᠠᠯᠲᠠ ᠬᠢᠵᠦ᠂ ᠲᠤᠬᠠᠶ ᠶᠢᠨ ᠭᠠᠵᠠᠷ ᠤᠨ ᠪᠤᠳᠠᠲᠠᠢ ᠳᠤ ᠳᠣᠭᠢᠷᠬᠠᠰᠠᠨ᠂ | ᠬᠡᠷᠡᠭᠵᠢᠭᠦᠯᠦᠭᠦᠰᠢᠲᠡᠢ ᠥᠭᠡᠷᠡᠴᠢᠯᠡᠯᠲᠡ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ | ᠭᠤᠷᠪᠠ᠂ ᠶᠡᠷᠦᠩᠬᠡᠶ ᠬᠠᠷᠠᠯᠲᠠ | 10 ᠵᠢᠯ ᠰᠢᠬᠠᠮ ᠤᠨ ᠬᠤᠭᠤᠴᠠᠭ᠎ᠠ ᠶᠢ ᠵᠠᠷᠤᠴᠠᠭᠤᠯᠤᠨ᠂ ᠤᠰᠤ ᠬᠠᠩᠭᠠᠬᠤ ᠥᠪᠡᠷ ᠤᠨ ᠦᠷᠳᠡᠭ ᠢ ᠵᠦᠢ | ᠵᠣᠬᠢᠰᠲᠠᠶ ᠲᠤᠰᠬᠠᠭᠰᠠᠨ᠂ ᠤᠰᠤ ᠠᠷᠪᠢᠯᠠᠬᠤ ᠪᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠶᠢᠭᠤᠯᠤᠯ | ᠲᠣᠭᠲᠠᠴᠠ ᠶᠢᠨ ᠰᠢᠨ᠎ᠡ ᠶᠢ ᠡᠭᠦᠳᠬᠦ ᠳᠤ ᠠᠰᠢᠭᠲᠠᠢ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ | ᠪᠠᠶᠢᠭᠤᠯᠤᠯ ᠯᠤᠭ᠎ᠠ ᠵᠣᠬᠢᠴᠠᠭᠰᠠᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ | ᠠᠵᠢᠯᠯᠠᠭᠠᠨ ᠲᠠᠢ ᠪᠠᠶᠢᠬᠤ ᠶᠢ ᠦᠨᠡᠨᠬᠦ ᠪᠠᠲᠤᠯᠠᠭᠰᠠᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠨᠢ | ᠶᠡᠷᠦᠩᠬᠡᠶ ᠳᠤᠨᠢ ᠠᠵᠢᠯᠯᠠᠭᠤᠯᠵᠤ ᠰᠡᠯᠪᠢᠨ ᠬᠠᠮᠠᠭᠠᠯᠠᠬᠤ ᠥᠪᠡᠷ ᠤᠨ ᠥᠷᠳᠡᠭ ᠤᠨ ᠬᠢᠷᠢ ᠬᠡᠮᠵᠢᠶ᠎ᠡ ᠳᠤ ᠬᠦᠷᠦᠭᠦᠯᠵᠦ᠂ | ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠡᠵᠡᠮᠳᠡᠬᠦ ᠪᠠ ᠨᠤᠷᠮ᠎ᠠ ᠲᠣᠭᠲᠠᠭᠠᠨ ᠬᠠᠮᠢᠶᠠᠷᠬᠤ ᠶᠢ | ᠨᠡᠶᠢᠳᠡᠮ ᠬᠡᠷᠡᠭᠵᠢᠭᠦᠯᠵᠦ᠂ ᠬᠡᠮᠵᠢᠯᠲᠡ ᠶᠢᠨ ᠪᠡᠯᠡᠳᠬᠡᠮᠵᠢ ᠶᠢ ᠦᠨᠳᠦᠰᠦᠨ ᠳᠡᠭᠡᠨ ᠢᠵᠢ ᠪᠦᠷᠢᠳᠦᠭᠦᠯᠦᠨ᠂ | ᠬᠡᠮᠵᠢᠯᠲᠡ ᠪᠠᠷ ᠰᠦᠢᠳᠬᠡᠯ ᠬᠤᠷᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠦᠨᠳᠦᠰᠦᠨ ᠱᠠᠲᠤᠨ ᠤ | ᠲᠠᠷᠢᠶᠠᠯᠠᠩ ᠳᠤ ᠬᠡᠷᠡᠭᠯᠡᠬᠦ ᠤᠰᠤ ᠶᠢ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠲᠣᠷᠬᠠᠶᠢᠯᠠᠨ᠎ᠠ︔ | ᠲᠦᠢᠯ ᠤᠨ ᠣᠨᠣᠪᠴᠢᠲᠠᠢ ᠪᠠᠷ ᠥᠷᠭᠦᠯᠵᠢᠯᠡᠨ ᠨᠡᠮᠡᠭᠦᠷᠢ ᠥᠭᠬᠦ ᠪᠠ ᠤᠰᠤ ᠠᠷᠪᠢᠯᠠᠬᠤ ᠶᠢ ᠱᠠᠩᠨᠠᠬᠤ ᠲᠣᠭᠲᠠᠴᠠ ᠶᠢ | ᠦᠨᠳᠦᠰᠦᠨ ᠳᠡᠭᠡᠨ ᠪᠠᠶᠢᠭᠤᠯᠤᠨ᠎ᠠ︔ ᠲᠡᠷᠢᠭᠦᠨ ᠤ ᠪᠥᠭᠡᠳ ᠬᠡᠷᠡᠭᠯᠡᠭᠦᠰᠢᠲᠡᠢ ᠲᠠᠷᠢᠶᠠᠯᠠᠩ ᠤᠨ ᠤᠰᠤ ᠠᠷᠪᠢᠯᠠᠬᠤ | ᠮᠡᠷᠭᠡᠵᠢᠯ ᠤᠨ ᠠᠷᠭ᠎ᠠ ᠬᠡᠮᠵᠢᠶ᠎ᠡ ᠶᠢ ᠨᠡᠶᠢᠳᠡᠮ ᠬᠡᠷᠡᠭᠯᠡᠭᠦᠯᠦᠨ᠎ᠡ︔ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ | ᠰᠢᠯᠢᠳᠡᠭᠵᠢᠭᠦᠯᠦᠨ ᠲᠣᠬᠢᠷᠠᠭᠤᠯᠤᠨ᠎ᠠ᠃ | ᠲᠦᠷᠪᠡ᠂ ᠭᠤᠣᠯ ᠡᠭᠦᠷᠭᠡ | ︵ᠨᠢᠭᠡ︶ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ ᠢᠵᠢ ᠪᠦᠷᠢᠳᠦᠭᠦᠯᠦᠨ᠎ᠡ᠃ | ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠨᠢ ᠲᠠᠷᠢᠶᠠᠯᠠᠩ ᠤᠨ ᠤᠰᠤ ᠲᠠᠲᠠᠬᠤ᠂ ᠬᠡᠷᠡᠭᠯᠡᠬᠦ | ᠬᠠᠮᠢᠶᠠᠷᠤᠯᠲᠠ ᠶᠢᠨ ᠰᠠᠭᠤᠷᠢ ᠪᠡᠯᠡᠳᠬᠡᠮᠵᠢ ᠪᠣᠯᠬᠤ ᠪᠦᠭᠡᠳ ᠪᠠᠰᠠ ᠲᠠᠷᠢᠶᠠᠯᠠᠩ ᠤᠨ ᠤᠰᠤᠨ ᠤ ᠰᠦᠢᠳᠬᠡᠯ ᠢ | ᠪᠣᠳᠣᠵᠤ ᠬᠤᠷᠢᠶᠠᠬᠤ ᠤᠷᠢᠲᠠᠯ ᠨᠥᠬᠦᠴᠡᠯ ᠪᠣᠯᠣᠨ᠎ᠠ᠃ ᠤᠰᠦ ᠬᠠᠨᠭ᠍ᠭᠠᠬᠤ ᠬᠡᠮᠵᠢᠯᠲᠡ ᠶᠢᠨ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠰᠤᠯᠠᠯᠲᠠ ᠶᠢᠨ ᠣᠷᠣᠨ ᠤ ᠢᠨᠵᠧᠨᠧᠷᠢᠩ ᠢ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠥᠷᠭᠡᠳᠬᠡᠨ ᠪᠠᠶᠢᠭᠤᠯᠬᠤ ᠳᠤ ᠬᠡᠮᠵᠢᠯᠲᠡ ᠶᠢᠨ ᠪᠡᠯᠡᠳᠬᠡᠮᠵᠢ ᠶᠢ ᠵᠡᠷᠭᠡᠪᠡᠷ ᠪᠦᠲᠥᠭᠡᠨ | ᠪᠠᠶᠢᠭᠤᠯᠤᠨ᠎ᠠ︔ ᠬᠡᠮᠵᠢᠯᠲᠡ ᠶᠢᠨ ᠪᠡᠯᠡᠳᠬᠡᠮᠵᠢ ᠶᠢ ᠬᠠᠷᠠᠬᠠᠨ ᠢᠵᠢ ᠪᠦᠷᠢᠳᠦᠭᠦᠯᠦᠭᠡᠳᠦᠢ ᠤᠳᠤ ᠪᠠᠶᠢᠭ᠎ᠠ | ᠤᠰᠤᠯᠠᠯᠲᠠ ᠶᠢᠨ ᠣᠷᠣᠨ ᠨᠢ ᠥᠭᠡᠷᠡᠴᠢᠯᠡᠨ ᠰᠠᠶᠢᠵᠢᠷᠠᠭᠤᠯᠬᠤ ᠪᠠᠷ ᠳᠠᠮᠵᠢᠭᠤᠯᠤᠨ ᠢᠵᠢ ᠪᠦᠷᠢᠳᠦᠭᠦᠯᠬᠦ ᠶᠢ | ᠪᠤᠳᠠᠲᠠᠶᠢᠵᠢᠭᠤᠯᠤᠨ᠎ᠠ᠃ ᠤᠰᠤ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠣᠨ ᠭᠠᠵᠠᠷ | ᠳᠣᠣᠷᠠᠬᠢ ᠤᠰᠤ ᠶᠢ ᠬᠡᠳᠦ ᠲᠠᠲᠠᠭᠰᠠᠨ ᠭᠠᠵᠠᠷ ᠣᠷᠣᠨ ᠢ ᠬᠤᠭᠤᠴᠠᠭ᠎ᠠ ᠬᠢᠵᠠᠭᠠᠷᠯᠠᠨ ᠢᠵᠢ ᠪᠦᠷᠢᠳᠦᠭᠦᠯᠦᠨ | ᠲᠡᠭᠦᠯᠳᠡᠷᠵᠢᠭᠦᠯᠦᠨ᠎ᠡ᠃ ᠪᠤᠰᠤᠳ ᠲᠠᠷᠢᠶᠠᠨ ᠤ ᠤᠰᠤᠯᠠᠯᠲᠠ ᠶᠢᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠰ ᠪᠡᠶ᠎ᠡ ᠶᠢᠨ ᠨᠥᠬᠦᠴᠡᠯ ᠲᠠᠢ ᠪᠠᠨ | ᠤᠶᠠᠯᠳᠤᠭᠤᠯᠤᠨ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ | ᠢᠵᠢ ᠪᠦᠷᠢᠳᠦᠭᠦᠯᠬᠦ ᠳᠤ ᠲᠡᠷᠢᠭᠦᠨ ᠤ ᠪᠦᠭᠡᠳ ᠪᠤᠳᠠᠳᠦ ᠬᠡᠷᠡᠭᠯᠡᠭᠦᠰᠢᠲᠡᠢ᠂ ᠬᠡᠮᠵᠢᠯᠲᠡ ᠨᠢ ᠣᠨᠣᠪᠴᠢᠲᠠᠶ᠂ | ᠬᠡᠷᠡᠭᠯᠡᠬᠦ ᠳᠤ ᠲᠦᠬᠦᠮ᠂ ᠳᠣᠣᠷ᠎ᠠ ᠥᠪᠡᠷ ᠤᠨ ᠥᠷᠲᠡᠭ ᠲᠠᠢ ᠪᠦᠭᠡᠳ ᠥᠨᠳᠥᠷ ᠦᠷ᠎ᠡ ᠪᠦᠲᠦᠮᠵᠢᠲᠡᠶ ᠪᠠᠶᠢᠯᠭᠠᠬᠤ | ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠤ ᠬᠦᠯᠢᠶᠡᠨ ᠠᠪᠴᠤ ᠬᠡᠷᠡᠭᠯᠡᠬᠦ ᠳᠤ ᠠᠮᠠᠷᠬᠠᠨ ᠪᠠᠶᠢᠯᠭᠠᠨ᠎ᠠ᠃ | ᠨᠥᠬᠦᠴᠡᠯ ᠲᠠᠢ ᠭᠠᠵᠠᠷ ᠣᠷᠣᠨ ᠳᠤ᠂ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢᠨ ᠪᠦᠳᠦᠬᠡᠨ | ᠪᠠᠶᠢᠭᠤᠯᠤᠯᠲᠠ ᠶᠢ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠮᠡᠳᠡᠭᠡ ᠵᠠᠩᠭᠢᠵᠢᠯᠠᠭᠰᠠᠨ ᠬᠠᠮᠢᠶᠠᠷᠤᠯᠲᠠ ᠶᠢᠨ | ᠰᠢᠰᠲ᠋ᠧᠮ ᠤᠨ ᠪᠠᠶᠢᠭᠤᠯᠤᠯᠲᠠ ᠯᠤᠭ᠎ᠠ ᠵᠡᠷᠭᠡᠪᠡᠷ ᠶᠠᠪᠤᠭᠳᠠᠭᠤᠯᠵᠤ᠂ ᠤᠰᠤᠯᠠᠯᠲᠠ ᠶᠢᠨ ᠤᠰᠤ ᠬᠡᠷᠡᠭᠯᠡᠬᠦ | ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢ ᠪᠡᠶᠡᠯᠡᠭᠦᠯᠦᠨ᠎ᠡ᠃ | ᠪᠦᠬᠦ ᠣᠷᠣᠨ ᠤ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠨᠢᠷᠤᠭᠤᠪᠴᠢ ᠢᠨᠵᠧᠨᠧᠷᠢᠩ | ᠬᠢᠭᠡᠳ ᠲᠡᠭᠦᠰᠭᠡᠯ ᠦᠵᠦᠭᠦᠷ ᠲᠠᠬᠢ ᠰᠤᠪᠠᠭ ᠤᠨ ᠰᠢᠰᠲ᠋ᠧᠮ ᠤᠨ ᠥᠮᠴᠢᠯᠡᠬᠦ ᠡᠷᠬᠡ ᠲᠠᠢ ᠵᠠᠭᠠᠭ ᠴᠢᠬ ᠲᠤ ᠡᠷᠬᠡᠪᠰᠢ | ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠲᠣᠬᠢᠷᠠᠭᠤᠯᠵᠤ᠂ ᠳᠣᠬᠢᠭᠤᠷ ᠬᠡᠮᠵᠢᠯᠲᠡ ᠪᠠᠷ ᠤᠰᠤ ᠬᠠᠩᠭᠠᠬᠤ ᠶᠢ | ᠬᠡᠷᠡᠭᠵᠢᠭᠦᠯᠵᠦ᠂ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠨᠢᠭᠡᠴᠡ ᠠᠴᠠ ᠬᠠᠷᠢᠭᠤᠴᠠᠨ ᠬᠠᠮᠢᠶᠠᠷᠬᠤ ᠶᠢᠨ | ᠬᠠᠮᠲᠤ᠂ ᠤᠰᠤ ᠬᠡᠷᠡᠭᠯᠡᠬᠦ ᠨᠢᠭᠡᠴᠡ ᠯᠦᠭᠡ ᠤᠰᠤ ᠬᠠᠨᠭ᠍ᠭᠠᠬᠤ ᠪᠠ ᠬᠡᠷᠡᠭᠯᠡᠬᠦ ᠬᠤᠶᠠᠷ ᠲᠠᠯ᠎ᠠ ᠪᠠᠷ ᠢᠶᠠᠨ ᠬᠠᠮᠲᠤᠪᠡᠷ | ᠬᠡᠮᠵᠢᠵᠦ ᠬᠠᠷᠢᠯᠴᠠᠨ ᠬᠢᠨᠠᠯᠲᠠ ᠲᠠᠯᠪᠢᠬᠤ ᠠᠷᠭ᠎ᠠ ᠶᠢ ᠬᠡᠷᠡᠭᠯᠡᠵᠦ ᠨᠠᠷᠢᠨ ᠣᠨᠣᠪᠴᠢᠲᠠᠶ ᠪᠠᠷ ᠬᠡᠮᠵᠢᠨ᠎ᠡ︔ ᠲᠡᠭᠦᠰᠭᠡᠯ | ᠦᠵᠦᠭᠦᠷ ᠲᠠᠬᠢ ᠰᠤᠪᠠᠭ ᠤᠨ ᠰᠢᠰᠲ᠋ᠧᠮ᠂ ᠵᠢᠵᠢᠭ ᠬᠡᠯᠪᠡᠷᠢ ᠶᠢᠨ ᠤᠰᠤᠯᠠᠯᠲᠠ ᠶᠢᠨ ᠣᠷᠣᠨ ᠬᠢᠭᠡᠳ | ᠤᠰᠤᠯᠠᠯᠲᠠ ᠶᠢᠨ ᠣᠷᠣᠨ ᠤ ᠭᠠᠳᠠᠨᠠᠬᠢ ᠲᠠᠷᠢᠶᠠᠯᠠᠩ ᠳᠤ ᠬᠡᠷᠡᠭᠯᠡᠬᠦ ᠭᠠᠵᠠᠷ ᠲᠤ ᠤᠰᠤᠯᠠᠯᠲᠠ ᠶᠢᠨ ᠵᠠᠭᠪᠤᠷ᠂ ᠤᠰᠤ | ᠬᠠᠩᠭᠠᠬᠤ ᠨᠥᠬᠦᠴᠡᠯ᠂ ᠬᠠᠮᠢᠶᠠᠷᠤᠯᠲᠠ ᠶᠢᠨ ᠠᠷᠭ᠎ᠠ ᠮᠠᠶ᠋ᠢᠭ ᠵᠡᠷᠭᠡ ᠶᠢ ᠦᠨᠳᠦᠰᠦᠯᠡᠨ ᠬᠡᠮᠵᠢᠯᠲᠡ ᠶᠢᠨ ᠨᠢᠭᠡᠴᠢ ᠶᠢ | ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ᠂ ᠬᠡᠮᠵᠢᠯᠲᠡ ᠶᠢᠨ ᠪᠡᠯᠡᠳᠬᠡᠮᠵᠢ ᠶᠢ ᠵᠦᠢ ᠵᠣᠬᠢᠰᠲᠠᠶ ᠪᠠᠶᠢᠷᠢᠯᠠᠭᠤᠯᠵᠤ᠂ | ᠲᠠᠷᠢᠶᠠᠴᠢᠳ ᠤᠨ ᠤᠰᠤ ᠬᠡᠷᠡᠭᠯᠡᠬᠦ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠵᠡᠷᠭᠡ ᠬᠠᠮᠢᠶᠠᠷᠤᠯᠲᠠ ᠶᠢᠨ ᠭᠤᠣᠯ | ᠴᠣᠭᠴᠠ ᠠᠴᠠ ᠬᠠᠷᠢᠭᠤᠴᠠᠨ ᠬᠠᠮᠢᠶᠠᠷᠬᠤ ᠶᠢᠨ ᠬᠠᠮᠲᠤ᠂ ᠤᠰᠤ ᠬᠡᠷᠡᠭᠯᠡᠬᠦ ᠨᠢᠭᠡᠴᠡ ᠪᠤᠶᠤ ᠬᠤᠪᠢ ᠬᠥᠮᠦᠨ ᠯᠦᠭᠡ | ᠤᠰᠦ ᠬᠠᠨᠭ᠍ᠭᠠᠬᠤ ᠪᠠ ᠬᠡᠷᠡᠭᠯᠡᠬᠦ ᠬᠤᠶᠠᠷ ᠲᠠᠯ᠎ᠠ ᠪᠠᠷ ᠢᠶᠠᠨ ᠬᠠᠮᠲᠤᠷᠠᠨ ᠬᠡᠮᠵᠢᠵᠦ ᠬᠠᠷᠢᠯᠴᠠᠨ ᠬᠢᠨᠠᠯᠲᠠ ᠲᠠᠯᠪᠢᠬᠤ | ᠠᠷᠭ᠎ᠠ ᠶᠢ ᠬᠡᠷᠡᠭᠯᠡᠵᠦ ᠪᠠᠶᠢᠭᠠᠳ ᠲᠦᠢᠯ ᠤᠨ ᠣᠨᠣᠪᠴᠢᠲᠠᠶ ᠪᠠᠷ ᠬᠡᠮᠵᠢᠨ᠎ᠡ᠃ ᠤᠰᠤ ᠲᠠᠲᠠᠬᠤ ᠤᠰᠤᠯᠠᠯᠲᠠ ᠶᠢᠨ | ᠣᠷᠣᠨ ᠳᠤ ᠪᠤᠯ ᠬᠥᠭᠡᠷᠭᠡ ᠶᠢᠨ ᠥᠷᠲᠡᠭᠡ ᠶᠢᠨ ᠭᠠᠷᠬᠤ ᠠᠮᠠᠰᠠᠷ ᠬᠦᠷᠲᠡᠯᠬᠢ ᠶᠢ ᠬᠡᠮᠵᠢᠨ᠎ᠡ᠃ ᠤᠰᠤ ᠬᠦᠨᠳᠦ | ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠣᠨ ᠭᠠᠵᠠᠷ ᠳᠣᠣᠷᠠᠬᠢ ᠤᠰᠤ ᠶᠢ ᠬᠡᠳᠦ ᠲᠠᠲᠠᠭᠰᠠᠨ ᠭᠠᠵᠠᠷ | ᠣᠷᠣᠨ ᠳᠤ ᠬᠡᠮᠵᠢᠯᠲᠡ ᠶᠢᠨ ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ ᠢᠵᠢ ᠪᠦᠷᠢᠳᠦᠭᠦᠯᠦᠨ | ᠲᠡᠭᠦᠯᠳᠡᠷᠵᠢᠭᠦᠯᠦᠨ᠎ᠡ᠃ ᠭᠠᠵᠠᠷ ᠳᠣᠣᠷᠠᠬᠢ ᠤᠰᠤ ᠪᠠᠷ ᠤᠰᠤᠯᠠᠬᠤ ᠬᠤᠳᠳᠤᠭ ᠲᠠᠢ ᠤᠰᠤᠯᠠᠯᠲᠠ ᠶᠢᠨ ᠣᠷᠣᠨ ᠳᠤ | ︽ᠨᠢᠭᠡ ᠬᠤᠳᠳᠤᠭ ︵ᠬᠥᠭᠡᠷᠭᠡ︶ ᠲᠤ ᠨᠢᠭᠡ ᠬᠡᠮᠵᠢᠭᠦᠷᠯᠢᠭ᠂ ᠨᠢᠭᠡ ᠡᠷᠦᠬᠡ ᠳᠤ ᠨᠢᠭᠡ ᠺᠠᠷᠲ︾ ᠲᠠᠢ ᠪᠠᠶᠢᠯᠭᠠᠬᠤ | ᠬᠡᠮᠵᠢᠯᠲᠡ ᠶᠢᠨ ᠵᠠᠭᠪᠤᠷ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ | ︵ᠬᠤᠶᠠᠷ︶ ᠲᠠᠷᠢᠶᠠᠨ ᠭᠠᠵᠠᠷ ᠤᠨ ᠤᠰᠤᠯᠠᠬᠤ ᠪᠠ ᠤᠰᠤ ᠵᠠᠯᠠᠬᠤ ᠢᠨᠵᠧᠨᠧᠷᠢᠩ ᠤᠨ ᠰᠢᠰᠲ᠋ᠧᠮ ᠢ | ᠲᠡᠭᠦᠯᠳᠡᠷᠵᠢᠭᠦᠯᠦᠨ᠎ᠡ᠃ | ᠡᠯ᠎ᠡ ᠭᠠᠵᠠᠷ ᠣᠷᠣᠨ ᠨᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠲᠥᠯᠥᠪᠵᠢᠭᠦᠯᠭᠡ ᠪᠠᠷ ᠦᠨᠳᠦᠰᠦᠯᠡᠯ ᠪᠣᠯᠭᠠᠵᠤ᠂ ᠠᠳᠠᠯᠢ ᠪᠤᠰᠤ ᠭᠠᠵᠠᠷ ᠣᠷᠣᠨ᠂ ᠡᠯ᠎ᠡ | ᠲᠥᠷᠥᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠬᠦᠷᠦᠯᠴᠡᠬᠦ ᠦᠭᠡᠢ | ᠲᠠᠯ᠎ᠠ ᠳᠤ ᠴᠢᠭᠯᠡᠭᠦᠯᠦᠨ᠂ ᠤᠯᠠᠨ ᠲᠠᠯ᠎ᠠ ᠪᠠᠷ ᠪᠡᠯᠡ ᠮᠥᠩᠭᠦ ᠴᠤᠭᠯᠠᠭᠤᠯᠵᠤ᠂ ᠮᠠᠯ ᠲᠠᠷᠢᠶᠠᠯᠠᠩ ᠳᠤ ᠬᠤᠯᠪᠣᠭᠳᠠᠬᠤ᠂ | ᠤᠰᠤᠨ ᠳᠤ ᠬᠤᠯᠪᠣᠭᠳᠠᠬᠤ ᠲᠥᠷᠥᠯ ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ | ᠤᠰᠤᠯᠠᠯᠲᠠ ᠶᠢᠨ ᠣᠷᠣᠨ ᠤ ᠨᠢᠷᠤᠭᠤᠪᠴᠢ ᠢᠨᠵᠧᠨᠧᠷᠢᠩ ᠪᠣᠯᠣᠨ ᠲᠡᠭᠦᠰᠭᠡᠯ ᠦᠵᠦᠭᠦᠷ ᠲᠠᠬᠢ ᠰᠤᠪᠠᠭ ᠤᠨ | ᠰᠢᠰᠲ᠋ᠧᠮ ᠤᠨ ᠢᠵᠢ ᠪᠦᠷᠢᠳᠦᠭᠦᠯᠵᠦ ᠥᠭᠡᠷᠡᠴᠢᠯᠡᠨ ᠰᠠᠶᠢᠵᠢᠷᠠᠭᠤᠯᠬᠤ ᠪᠥᠳᠥᠭᠡᠨ ᠪᠠᠶᠢᠭᠤᠯᠤᠯᠲᠠ ᠶᠢ | ᠲᠥᠷᠭᠡᠳᠬᠡᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ | ᠨᠦᠬᠦᠴᠡᠯ ᠰᠠᠶᠢᠲᠠᠢ ᠲᠤᠯᠭᠠᠭᠤᠷᠢᠯᠠᠯ ᠬᠠᠩᠭᠠᠨ᠎ᠠ᠃ | ︵ᠭᠤᠷᠪᠠ︶ ᠲᠠᠷᠢᠶᠠᠯᠠᠩ ᠤᠨ ᠣᠰᠣᠨ ᠤ ᠡᠷᠬᠡ ᠶᠢᠨ ᠲᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃ | 1. ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠵᠢᠴᠢ ᠤᠰᠤ ᠬᠡᠷᠡᠭᠯᠡᠬᠦ | ᠲᠥᠯᠥᠪᠯᠡᠭᠡ ᠶᠢ ᠵᠦᠢ ᠵᠣᠬᠢᠰᠲᠠᠢ ᠲᠣᠭᠲᠠᠭᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠪᠠ ᠨᠤᠷᠮ᠎ᠠ ᠲᠣᠭᠲᠠᠭᠠᠨ ᠬᠠᠮᠢᠶᠠᠷᠬᠤ ᠲᠥᠷᠢᠮ ᠢ | ᠪᠠᠶᠢᠭᠤᠯᠬᠤ ᠶᠠᠪᠤᠳᠠᠯ ᠢ ᠤᠰᠤᠨ ᠤ ᠡᠬᠢ ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ | ᠬᠡᠷᠡᠭᠵᠢᠭᠦᠯᠬᠦ ᠬᠦᠴᠦᠯᠡᠴᠡ ᠪᠣᠯᠭᠠᠨ᠎ᠠ᠃ ᠲᠤᠰ ᠭᠠᠵᠠᠷ ᠣᠷᠣᠨ ᠤ ᠪᠤᠳᠠᠲᠠᠢ ᠲᠠᠢ ᠪᠠᠨ ᠤᠶᠠᠯᠳᠤᠭᠤᠯᠤᠨ᠂ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠶᠢᠳᠠᠯ᠂ ᠬᠥᠷᠥᠰᠥᠨ ᠤ ᠪᠦᠲᠦᠴᠡ ᠪᠣᠯᠣᠨ ᠤᠰᠤ | ᠠᠷᠪᠢᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠪᠠᠶᠢᠳᠠᠯ ᠢ ᠭᠦᠢᠴᠡᠳ ᠪᠣᠳᠣᠯᠬᠢᠯᠠᠵᠤ᠂ ᠠᠳᠠᠯᠢ ᠪᠤᠰᠤ | ᠲᠠᠷᠢᠮᠠᠯ ᠤᠨ ᠵᠦᠢᠯ ᠤᠨ ᠦᠷ᠎ᠡ ᠡᠭᠦᠯᠳᠡᠷ ᠢᠯᠭᠠᠨ᠂ ᠤᠰᠤ ᠠᠷᠪᠢᠯᠠᠬᠤ ᠶᠢ ᠠᠬᠢᠭᠤᠯᠬᠤ ᠪᠠ ᠤᠰᠤ ᠬᠡᠷᠡᠭᠯᠡᠬᠦ | ᠡᠷᠦᠭᠡ ᠶᠢᠨ ᠬᠡᠪ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠠᠪᠤᠳᠠᠯ ᠢᠶᠠᠷ ᠤᠷᠢᠲᠠᠯ ᠪᠣᠯᠭᠠᠵᠤ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ | ᠨᠤᠷᠮ᠎ᠠ︾ ︵DB15/T385 — 2015︶ ᠳᠠᠬᠢ ᠲᠠᠷᠢᠶᠠᠯᠠᠩ ᠳᠤ ᠬᠡᠷᠡᠭᠯᠡᠬᠦ ᠤᠰᠤᠨ ᠤ ᠲᠣᠭᠲᠠᠭᠰᠠᠨ | ᠨᠣᠷᠮ᠎ᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ︔ ᠣᠷᠣᠨ ᠪᠦᠰᠡ ᠶᠢᠨ ᠤᠰᠤᠨ ᠤ ᠡᠬᠢ ᠰᠤᠷᠪᠤᠯᠵᠢ ᠶᠢᠨ | ᠶᠡᠷᠦᠩᠬᠡᠶ ᠬᠡᠮᠵᠢᠶ᠎ᠡ ᠨᠢ ᠲᠤᠬᠠᠶ ᠶᠢᠨ ᠭᠠᠵᠠᠷ ᠤᠨ ᠲᠠᠷᠢᠶᠠᠯᠠᠩ ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠶᠢ | ᠬᠠᠩᠭᠠᠵᠤ ᠳᠡᠶᠢᠯᠬᠦ ᠦᠬᠡᠢ ᠭᠠᠵᠠᠷ ᠣᠷᠣᠨ ᠳᠤ ᠣᠷᠣᠨ ᠪᠦᠰᠡ ᠶᠢᠨ ᠤᠰᠤᠨ ᠤ ᠡᠬᠢ ᠰᠤᠷᠪᠤᠯᠵᠢ ᠶᠢᠨ ᠶᠡᠷᠦᠩᠬᠡᠶ | ᠬᠡᠮᠵᠢᠶ᠎ᠡ ᠪᠠᠷ ᠦᠨᠳᠦᠰᠦᠯᠡᠯ ᠪᠣᠯᠭᠠᠵᠤ᠂ ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠭᠦᠢᠴᠡᠳᠬᠡᠯ ᠲᠤᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠨ ᠤ ᠤᠰᠤ ᠬᠡᠷᠡᠭᠯᠡᠬᠦ ᠲᠥᠯᠥᠪᠯᠡᠭᠡ ᠶᠢ ᠨᠠᠶᠢᠷᠠᠭᠤᠯᠤᠨ | ᠵᠣᠬᠢᠶᠠᠵᠤ᠂ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠣᠨ ᠤ ᠤᠰᠤ ᠬᠡᠷᠡᠭᠯᠡᠬᠦ ᠲᠥᠯᠥᠪᠯᠡᠭᠡ ᠶᠢᠨ ᠶᠡᠷᠦᠩᠬᠡᠶ | ᠬᠡᠮᠵᠢᠶ᠎ᠡ ᠶᠢ ᠡᠵᠡᠮᠳᠡᠬᠦ ᠬᠡᠪᠴᠢᠶᠡᠨ ᠳᠤ ᠬᠡᠷᠡᠭᠵᠢᠭᠦᠯᠦᠨ᠎ᠡ᠃ | 2. ᠲᠠᠷᠢᠶᠠᠯᠠᠩ ᠤᠨ ᠤᠰᠤᠨ ᠤ ᠡᠷᠬᠡ ᠶᠢᠨ ᠨᠤᠲᠠᠯᠠᠨ ᠲᠣᠭᠲᠠᠭᠠᠵᠤ ᠳᠠᠩᠰᠠᠯᠠᠨ ᠲᠡᠮᠲᠡᠭᠯᠡᠬᠦ ᠶᠢ | ᠦᠷᠨᠢᠭᠦᠯᠵᠦ᠂ ᠠᠩᠬ᠎ᠠ ᠬᠡᠷᠡᠭᠵᠢᠭᠦᠯᠦᠭᠰᠡᠨ ᠤᠰᠤᠨ ᠤ ᠡᠷᠬᠡ ᠶᠢ ᠢᠯᠡ ᠲᠣᠳᠣ ᠪᠣᠯᠭᠠᠨ᠎ᠠ᠃ ᠡᠯ᠎ᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠠᠷᠢᠶᠠᠯᠠᠩ ᠤᠨ ᠤᠰᠤ ᠬᠡᠷᠡᠭᠯᠡᠬᠦ | ᠶᠡᠷᠦᠩᠬᠡᠶ ᠬᠡᠮᠵᠢᠶ᠎ᠡ ᠶᠢ ᠡᠵᠡᠮᠳᠡᠬᠦ ᠪᠠᠷ ᠤᠷᠢᠲᠠᠯ ᠪᠣᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾ ᠵᠢᠴᠢ ᠤᠰᠤᠨ ᠠᠰᠢᠭᠯᠠᠯᠲᠠ ᠶᠢᠨ ᠶᠠᠮᠤᠨ ᠤ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢᠨ ᠶᠣᠰᠣᠭᠠᠷ᠂ ᠲᠣᠮᠣ᠂ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ | ᠤᠰᠤ ᠲᠠᠲᠠᠨ ᠠᠪᠬᠤ ᠵᠥᠪᠰᠢᠶᠡᠷᠡᠯ ᠢ ᠲᠥᠷᠭᠡᠭᠡᠨ ᠢᠯᠭᠠᠷᠠᠭᠤᠯᠵᠤ᠂ ᠤᠰᠤ ᠲᠠᠲᠠᠨ ᠠᠪᠬᠤ ᠵᠥᠪᠰᠢᠶᠡᠷᠡᠯ | ᠣᠯᠤᠭᠰᠠᠨ ᠤᠶᠢᠭᠡᠢ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠨ ᠠᠪᠬᠤ | ᠵᠥᠪᠰᠢᠶᠡᠷᠡᠯ ᠪᠣᠯᠣᠨ ᠤᠰᠤᠨ ᠤ ᠡᠬᠢ ᠰᠤᠷᠪᠤᠯᠵᠢ ᠶᠢᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ | ᠠᠷᠭ᠎ᠠ︾ ︵2008 ᠣᠨ ᠤ 1 ᠳ᠋ᠤᠭᠡᠷ ᠰᠠᠷ᠎ᠠ ᠶᠢᠨ 7 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 155 ᠳ᠋ᠤᠭᠠᠷ ᠲᠣᠭᠠᠲᠤ︶ ᠶᠢᠨ ᠬᠤᠯᠪᠣᠭᠳᠠᠯ ᠪᠦᠬᠦᠢ | ᠲᠣᠭᠲᠠᠭᠠᠯ ᠢᠶᠠᠷ ᠲᠦᠷᠭᠡᠬᠡᠨ ᠭᠦᠢᠴᠡᠳᠬᠡᠨ᠎ᠡ︔ ᠤᠰᠤ ᠲᠠᠲᠠᠨ ᠠᠪᠬᠤ ᠵᠥᠪᠰᠢᠶᠡᠷᠡᠯ ᠤᠨ ᠦᠨᠡᠮᠯᠡᠯ ᠤᠨ | ᠬᠤᠭᠤᠴᠠᠭ᠎ᠠ ᠨᠢ ᠲᠤᠯᠵᠤ ᠦᠨᠡᠮᠯᠡᠯ ᠰᠣᠯᠢᠬᠤ ᠪᠤᠯᠤᠬᠰᠠᠨ ᠪᠠᠶᠢᠪᠠᠯ᠂ ᠲᠤᠰ ᠭᠠᠵᠠᠷ ᠣᠷᠣᠨ ᠤ ᠲᠠᠷᠢᠶᠠᠯᠠᠩ ᠤᠨ | ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠭᠦᠢᠴᠡᠳᠬᠡᠯ ᠲᠤᠭ᠎ᠠ᠂ ᠵᠢᠷᠤᠭᠯᠠᠨ ᠲᠥᠯᠥᠪᠯᠡᠭᠰᠡᠨ | ᠤᠰᠤᠯᠠᠯᠲᠠ ᠶᠢᠨ ᠲᠠᠯᠠᠪᠠᠢ᠂ ᠪᠣᠳᠠᠲᠠᠶ ᠤᠰᠤᠯᠠᠯᠲᠠ ᠶᠢᠨ ᠲᠠᠯᠠᠪᠠᠢ᠂ ᠪᠣᠳᠠᠲᠠᠶ ᠤᠰᠤ ᠬᠡᠷᠡᠭᠯᠡᠬᠦ ᠬᠡᠮᠵᠢᠶ᠎ᠡ ᠪᠣᠯᠤᠨ | ᠤᠰᠤ ᠬᠡᠷᠡᠭᠯᠡᠬᠦ ᠲᠣᠭᠲᠠᠭᠰᠠᠨ ᠨᠤᠷᠮ᠎ᠠ ᠶᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠤᠰᠤᠨ ᠤ ᠬᠡᠮᠵᠢᠶ᠎ᠡ ᠶᠢ ᠳᠠᠬᠢᠨ | ᠬᠠᠷᠭᠤᠭᠤᠯᠤᠨ ᠲᠣᠭᠲᠠᠭᠠᠵᠤ᠂ ᠤᠰᠤ ᠲᠠᠲᠠᠨ ᠠᠪᠬᠤ ᠵᠥᠪᠰᠢᠶᠡᠷᠡᠯ ᠤᠨ ᠦᠨᠡᠮᠯᠡᠯ ᠢ ᠨᠢ ᠭᠦᠢᠴᠡᠳᠬᠡᠨ᠂ | ᠤᠰᠤᠯᠠᠯᠲᠠ ᠶᠢᠨ ᠤᠰᠤ ᠲᠠᠲᠠᠨ ᠠᠪᠬᠤ ᠡᠷᠬᠡ ᠶᠢ ᠨᠢ ᠲᠣᠲᠣᠷᠬᠠᠶᠢᠯᠠᠨ᠎ᠠ᠃ | ᠬᠤᠰᠢᠭᠤ ᠰᠢᠶᠠᠨ ︵ᠬᠤᠳᠠ᠂ ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠳᠠᠬᠢ ᠤᠰᠤ ᠬᠡᠷᠡᠭᠯᠡᠬᠦ | ᠶᠡᠷᠦᠩᠬᠡᠶ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠪᠠᠷ ᠰᠠᠭᠤᠷᠢ ᠪᠣᠯᠭᠠᠵᠤ᠂ ᠣᠷᠣᠨ ᠪᠦᠰᠡ ᠶᠢᠨ ᠣᠯᠠᠨ | ᠵᠢᠯ ᠤᠨ ᠳᠤᠮᠳᠠᠴᠢ ᠤᠰᠤ ᠬᠠᠩᠭᠠᠬᠤ ᠬᠡᠮᠵᠢᠶ᠎ᠡ ᠪᠠᠷ ᠦᠨᠳᠦᠰᠦᠯᠡᠯ ᠪᠣᠯᠭᠠᠵᠤ᠂ ᠵᠠᠰᠠᠭ ᠵᠠᠬᠢᠷᠭᠠᠨ ᠤ ᠣᠷᠣᠨ ᠤ | ᠬᠤᠪᠢᠶᠠᠷᠢ ᠯᠤᠭ᠎ᠠ ᠤᠶᠠᠯᠳᠤᠭᠤᠯᠵᠤ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠤᠰᠤᠨ ᠤ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠤᠮᠤ ᠰᠢᠶᠠᠩ ᠪᠠᠯᠭᠠᠰᠤ ᠶᠢᠨ ᠲᠠᠷᠢᠶᠠᠯᠠᠩ ᠤᠨ | ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠶ᠎ᠠ ᠶᠢᠨ ᠵᠣᠬᠢᠶᠠᠨ | ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ | ᠲᠠᠷᠢᠶᠠᠯᠠᠩ ᠤᠨ ᠤᠰᠤ ᠬᠡᠷᠡᠭᠯᠡᠬᠦ ᠡᠷᠦᠭᠡ ᠵᠡᠷᠭᠡ ᠤᠰᠤ ᠬᠡᠷᠡᠭᠯᠡᠬᠦ ᠭᠤᠣᠯ ᠴᠣᠭᠴᠠ ᠬᠦᠷᠲᠡᠯ᠎ᠡ ᠨᠠᠷᠢᠯᠢᠬᠵᠢᠭᠤᠯᠤᠨ | ᠬᠤᠪᠢᠶᠠᠵᠤ᠂ ᠤᠰᠤᠨ ᠤ ᠡᠷᠬᠡ ᠶᠢ ᠲᠣᠲᠣᠷᠬᠠᠶᠢᠯᠠᠨ᠂ ᠪᠣᠳᠠᠲᠠᠶ ᠤᠰᠤᠨ ᠰᠤᠷᠪᠤᠯᠵᠢ ᠶᠢ ᠨᠠᠶᠢᠳᠠᠪᠤᠷᠢᠵᠢᠭᠤᠯᠵᠤ᠂ | ᠬᠠᠮᠲᠤ ᠶᠢᠨ ᠭᠠᠵᠠᠷ ᠰᠢᠷᠣᠶ ᠶᠢ ᠡᠷᠭᠢᠯᠳᠦᠭᠦᠯᠬᠦ ᠲᠠᠢ ᠤᠶᠠᠯᠳᠤᠭᠤᠯᠤᠨ ᠤᠰᠤ ᠬᠡᠷᠡᠭᠯᠡᠬᠦ ᠭᠤᠣᠯ ᠴᠣᠭᠴᠠ ᠳᠤ | ᠠᠩᠬ᠎ᠠ ᠬᠡᠷᠡᠭᠵᠢᠭᠦᠯᠦᠭᠰᠡᠨ ᠤᠰᠤ ᠬᠡᠷᠡᠭᠯᠡᠬᠦ ᠡᠷᠬᠡ ᠶᠢᠨ ᠦᠨᠡᠮᠯᠡᠯ ᠢ ᠬᠠᠷᠭᠤᠭᠤᠯᠤᠨ ᠣᠯᠭᠤᠨ᠎ᠠ᠃ ᠤᠰᠤ ᠬᠡᠷᠡᠭᠯᠡᠬᠦ | ᠭᠤᠣᠯ ᠴᠣᠭᠴᠠ᠂ ᠤᠰᠤᠨ ᠤ ᠬᠡᠮᠵᠢᠶ᠎ᠡ ᠵᠡᠷᠭᠡ ᠠᠭᠤᠯᠭ᠎ᠠ ᠳᠤ ᠬᠤᠪᠢᠷᠠᠯᠲᠠ ᠭᠠᠷᠤᠭᠰᠠᠨ ᠪᠠᠶᠢᠪᠠᠯ᠂ ᠬᠤᠰᠢᠭᠤ | ᠰᠢᠶᠠᠨ ︵ᠬᠤᠳᠠ᠂ ᠲᠣᠭᠤᠷᠢᠭ︶ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠨᠢᠭᠡᠳᠦᠯᠲᠡᠶ ᠲᠥᠯᠥᠪᠯᠡᠨ ᠪᠣᠳᠣᠯᠬᠢᠯᠠᠭᠰᠠᠨ ᠤ ᠳᠠᠷᠠᠭ᠎ᠠ ᠬᠤᠪᠢᠷᠭᠠᠵᠦ ᠥᠭᠭᠦᠨ᠎ᠡ᠃ | 3. ᠤᠰᠤᠨ ᠤ ᠡᠷᠬᠡ ᠶᠢ ᠠᠷᠠᠯᠵᠢᠶᠠᠯᠠᠬᠤ ᠲᠤᠷᠰᠢᠯᠲᠠ ᠶᠢ ᠶᠠᠪᠤᠭᠳᠠᠭᠤᠯᠤᠨ᠎ᠠ᠃ ᠡᠯ᠎ᠡ ᠠᠶᠢᠮᠠᠭ ᠬᠤᠲᠠ ᠨᠢ | ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠤᠰᠤᠨ ᠤ | ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠤᠶᠢᠵᠢᠭᠤᠯᠤᠨ᠂ ᠤᠯᠠᠨ ᠵᠦᠢᠯ ᠤᠨ ᠬᠡᠯᠪᠡᠷᠢ ᠪᠦᠬᠦᠢ ᠤᠰᠤᠨ ᠤ | ᠡᠷᠬᠡ ᠶᠢᠨ ᠠᠷᠠᠯᠵᠢᠶᠠᠯᠠᠨ ᠡᠷᠭᠢᠯᠳᠦᠭᠦᠯᠬᠦ ᠠᠷᠭ᠎ᠠ ᠮᠠᠶ᠋ᠢᠭ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠤᠰᠤ | ᠬᠡᠷᠡᠭᠯᠡᠬᠦ ᠡᠷᠦᠭᠡ ᠶᠢᠨ ᠬᠤᠭᠤᠷᠣᠨᠳᠤ ᠪᠠᠨ ᠠᠷᠪᠢᠯᠠᠭᠰᠠᠨ ᠤᠰᠤᠨ ᠤ ᠬᠡᠮᠵᠢᠶ᠎ᠡ ᠪᠠᠨ ᠰᠢᠯᠵᠢᠭᠦᠯᠦᠨ ᠥᠭᠬᠦ ᠶᠢ | ᠵᠣᠷᠢᠬᠵᠢᠭᠤᠯᠤᠨ᠎ᠠ᠃ ᠠᠳᠠᠯᠢ ᠨᠢᠭᠡᠨ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠶ᠎ᠠ ᠶᠢᠨ ᠵᠣᠬᠢᠶᠠᠨ | ᠪᠠᠶᠢᠭᠤᠯᠤᠯᠲᠠ ᠶᠢᠨ ᠳᠣᠲᠣᠭᠠᠳᠤ ᠳᠠᠭᠠᠨ ᠰᠢᠯᠵᠢᠭᠦᠯᠦᠨ ᠥᠭᠬᠦ ᠶᠢ ᠪᠤᠯ ᠲᠠᠷᠢᠶᠠᠴᠢᠳ ᠤᠨ ᠤᠰᠤ ᠬᠡᠷᠡᠭᠯᠡᠬᠦ | ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠶ ᠵᠣᠬᠢᠴᠠᠭᠤᠯᠬᠤ᠂ ᠤᠰᠤ ᠬᠡᠷᠡᠭᠯᠡᠬᠦ ᠡᠷᠦᠭᠡ ᠶᠢᠨ | ᠬᠤᠭᠤᠷᠣᠨᠳᠤ ᠪᠠᠨ ᠡᠷᠬᠡ ᠲᠡᠭᠰᠢ ᠪᠠᠷ ᠵᠥᠪᠳᠡᠯᠴᠡᠨ᠎ᠡ︔ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠶ᠎ᠠ ᠶᠢᠨ | ᠵᠣᠬᠢᠶᠠᠨ ᠪᠠᠶᠢᠭᠤᠯᠤᠯᠲᠠ ᠶᠢ ᠠᠯᠤᠰᠯᠠᠭᠰᠠᠨ ᠪᠠᠶᠢᠪᠠᠯ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠨᠢᠭᠡᠴᠡ ᠠᠴᠠ ᠵᠣᠬᠢᠴᠠᠭᠤᠯᠵᠤ᠂ ᠬᠠᠷᠢᠶᠠᠯᠠᠯ ᠤᠨ ᠡᠷᠬᠡ ᠲᠠᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠨᠢᠭᠡᠴᠡ ᠡᠭᠡᠭᠦᠯᠦᠨ | ᠬᠤᠳᠠᠯᠳᠤᠨ ᠠᠪᠴᠤ᠂ ᠤᠰᠤ ᠬᠡᠷᠡᠭᠯᠡᠬᠦ ᠡᠷᠦᠭᠡ ᠶᠢᠨ ᠤᠰᠤ ᠠᠷᠪᠢᠯᠠᠬᠤ ᠦᠷ᠎ᠡ ᠠᠰᠢᠭ ᠲᠠᠢ ᠪᠤᠯᠬᠤ ᠶᠢ ᠪᠠᠲᠤᠯᠠᠨ᠎ᠠ | ᠃ ᠣᠷᠣᠨ ᠪᠦᠰᠡ ᠶᠢᠨ ᠳᠣᠲᠣᠷᠠᠬᠢ ᠲᠠᠷᠢᠶᠠᠯᠠᠩ ᠤᠨ ᠬᠡᠷᠡᠭᠯᠡᠬᠦ ᠤᠰᠤ ᠶᠢ ᠬᠠᠩᠭᠠᠭᠰᠠᠨ ᠤᠷᠢᠲᠠᠯ ᠳᠣᠣᠷ᠎ᠠ᠂ | ᠤᠤᠯ ᠤᠨ ᠤᠰᠤ ᠲᠠᠲᠠᠨ ᠠᠪᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ᠂ | ᠠᠷᠪᠢᠯᠠᠭᠰᠠᠨ ᠤᠰᠤᠨ ᠤ ᠬᠡᠮᠵᠢᠶ᠎ᠡ ᠶᠢ ᠣᠷᠣᠨ ᠪᠦᠰᠡ ᠠᠯᠤᠰᠯᠠᠨ᠂ ᠠᠵᠢᠯ ᠲᠦᠷᠦᠯ ᠠᠯᠤᠰᠯᠠᠨ ᠰᠢᠯᠵᠢᠭᠦᠯᠦᠨ | ᠥᠭᠴᠦ ᠪᠣᠯᠣᠨ᠎ᠠ︔ ᠤᠰᠤᠨ ᠤ ᠡᠷᠬᠡ ᠶᠢᠨ ᠠᠷᠠᠯᠵᠢᠶ᠎ᠠ ᠪᠠᠷ ᠳᠠᠮᠵᠢᠭᠤᠯᠤᠨ ᠰᠢᠨ᠎ᠡ ᠪᠠᠷ ᠨᠡᠮᠡᠭᠳᠡᠭᠰᠡᠨ ᠵᠦᠢ | ᠵᠣᠬᠢᠰᠲᠠᠶ ᠪᠠᠷ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠬᠤ ᠶᠢ ᠵᠥᠪᠰᠢᠶᠡᠷᠡᠵᠦ᠂ ᠤᠰᠤ ᠠᠷᠪᠢᠯᠠᠬᠤ | ᠤᠰᠤ ᠬᠠᠩᠭᠠᠬᠤ ᠤᠰᠤᠨ ᠠᠰᠢᠭᠯᠠᠯᠲᠠ ᠶᠢᠨ ᠢᠨᠵᠧᠨᠧᠷᠢᠩ ᠳᠤ ᠨᠡᠶᠢᠭᠡᠮ ᠤᠨ ᠪᠡᠯᠡ ᠬᠦᠷᠦᠩᠭᠡ ᠶᠢ | ᠣᠷᠣᠯᠴᠠᠭᠤᠯᠬᠤ ᠪᠠᠷ ᠳᠠᠮᠵᠢᠭᠤᠯᠤᠨ ᠰᠢᠨ᠎ᠡ ᠪᠠᠷ ᠨᠡᠮᠡᠭᠳᠡᠭᠰᠡᠨ ᠤᠰᠤᠨ ᠤ ᠡᠬᠢ ᠰᠤᠷᠪᠤᠯᠵᠢ ᠶᠢ ᠬᠡᠷᠡᠭᠯᠡᠬᠦ ᠡᠷᠬᠡ ᠶᠢ | ᠤᠷᠢᠳᠠᠪᠡᠷ ᠣᠯᠬᠤ ᠶᠢ ᠵᠣᠷᠢᠬᠵᠢᠭᠤᠯᠤᠨ᠎ᠠ᠃ | ︵ᠳᠦᠷᠪᠡ︶ ᠲᠠᠷᠢᠶᠠᠯᠠᠩ ᠤᠨ ᠤᠰᠤ ᠬᠠᠩᠭᠠᠬᠤ ᠦᠷ᠎ᠡ ᠪᠦᠲᠦᠮᠵᠢ ᠪᠠ ᠦᠷ᠎ᠡ ᠠᠰᠢᠭ ᠢ | ᠳᠡᠭᠡᠭᠰᠢᠯᠡᠭᠦᠯᠦᠨ᠎ᠡ᠃ | ᠡᠯ᠎ᠡ ᠭᠠᠵᠠᠷ ᠣᠷᠣᠨ ᠨᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ ᠲᠡᠭᠦᠯᠳᠡᠷᠵᠢᠭᠦᠯᠵᠦ᠂ ᠬᠠᠩᠭᠠᠯᠭ᠎ᠠ ᠶᠢᠨ ᠲᠠᠯ᠎ᠠ ᠳᠠᠬᠢ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠠᠴᠠ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠨ᠂ | ᠡᠳ᠋ ᠤᠨ ᠵᠠᠰᠠᠭ ᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡ ᠮᠥᠩᠭᠦ ᠣᠷᠣᠭᠤᠯᠬᠤ ᠲᠣᠭᠲᠠᠴᠠ ᠶᠢ | ᠪᠠᠶᠢᠭᠤᠯᠵᠤ᠂ ᠭᠤᠣᠯᠳᠠᠯᠭ᠎ᠠ ᠪᠠᠨ ᠥᠭᠡᠷᠡᠴᠢᠯᠡᠯᠲᠡ ᠶᠢᠨ ᠢᠳᠡᠪᠬᠢᠵᠢᠯ ᠢᠶᠠᠷ ᠥᠨᠳᠥᠷ᠂ ᠠᠵᠢᠯ ᠨᠢ ᠦᠷ᠎ᠡ | ᠪᠦᠲᠦᠮᠵᠢᠲᠡᠶ ᠤᠰᠤᠯᠠᠯᠲᠠ ᠶᠢᠨ ᠣᠷᠣᠨ ᠲᠡᠰᠢ ᠬᠡᠯᠪᠠᠶᠢᠯᠭᠡᠨ᠎ᠡ᠃ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢᠨ | ᠪᠡᠯᠡ ᠮᠥᠩᠭᠦ ᠶᠢ ᠴᠤᠭᠯᠠᠭᠤᠯᠬᠤ ᠪᠠᠨ ᠴᠢᠩᠭᠠᠳᠬᠠᠨ᠂ ᠪᠠᠷᠢᠯᠭ᠎ᠠ ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ | ᠠᠵᠢᠯ ᠢ ᠰᠠᠶᠢᠲᠤᠷ ᠬᠢᠵᠦ᠂ ᠪᠠᠷᠢᠯᠭ᠎ᠠ ᠶᠢᠨ ᠰᠠᠶᠢᠨ ᠠᠵᠢᠯᠯᠠᠭᠠᠨ ᠲᠠᠢ ᠪᠠᠶᠢᠬᠤ ᠶᠢ ᠪᠠᠲᠤᠯᠠᠨ᠎ᠠ᠃ ᠤᠰᠤ ᠬᠠᠩᠭᠠᠬᠤ | ᠲᠥᠯᠥᠪᠯᠡᠭᠡ ᠶᠢ ᠬᠠᠮᠢᠶᠠᠷᠬᠤ ᠪᠠ ᠲᠣᠬᠢᠷᠠᠭᠤᠯᠬᠤ ᠶᠢ ᠴᠢᠩᠭᠠᠳᠬᠠᠵᠤ᠂ ᠤᠰᠤ ᠬᠠᠩᠭᠠᠬᠤ ᠬᠠᠮᠢᠶᠠᠷᠤᠯᠲᠠ ᠶᠢᠨ | ᠮᠡᠳᠡᠭᠡ ᠵᠠᠩᠭᠢᠵᠢᠯᠲᠠ᠂ ᠠᠦ᠋ᠲ᠋ᠣᠴᠢᠯᠠᠯᠲᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠡ ᠨᠦᠭᠦᠳ ᠤᠨ ᠠᠵᠢᠯᠯᠠᠭᠠᠨ ᠤ ᠦᠷ᠎ᠡ ᠪᠦᠲᠦᠮᠵᠢ | ᠪᠠ ᠤᠰᠤ ᠬᠠᠩᠭᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠤᠰᠤᠯᠠᠯᠲᠠ ᠶᠢᠨ ᠤᠰᠤ ᠬᠡᠷᠡᠭᠯᠡᠬᠦ ᠵᠦᠢ | ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠡᠯ᠎ᠡ ᠭᠠᠵᠠᠷ ᠣᠷᠣᠨ ᠨᠢ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠡ ᠨᠦᠭᠦᠳ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠡᠷᠴᠢᠮ ᠢᠶᠠᠨ | ᠴᠢᠩᠭᠠᠷᠠᠭᠤᠯᠤᠨ᠂ ᠵᠦᠢ ᠵᠣᠬᠢᠰᠲᠠᠶ ᠪᠠᠷ ᠣᠷᠣᠨ ᠲᠤᠭ᠎ᠠ ᠣᠯᠭᠤᠬᠤ᠂ ᠰᠢᠨᠵᠢᠯᠡᠬᠦ ᠤᠬᠠᠭᠠᠨᠴᠢ ᠪᠠᠷ ᠠᠵᠢᠯ ᠤᠨ | ᠪᠠᠶᠢᠷᠢ ᠲᠣᠬᠢᠷᠠᠭᠤᠯᠬᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠨᠠᠷᠢᠯᠢᠬᠵᠢᠭᠤᠯᠤᠨ ᠬᠠᠮᠢᠶᠠᠷᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠬᠠᠩᠭᠠᠬᠤ | ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠬᠤ ᠶᠢᠨ ᠬᠠᠮᠲᠤ᠂ ᠥᠪᠡᠷ ᠤᠨ ᠦᠷᠳᠡᠭ ᠢ ᠢᠯᠡ ᠪᠣᠯᠭᠠᠬᠤ ᠶᠢ | ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠬᠤ ᠳᠤ | ᠤᠰᠤᠨ ᠤ ᠦᠨ᠎ᠡ ᠬᠠᠩᠰᠢ᠂ ᠤᠰᠤᠨ ᠤ ᠬᠡᠮᠵᠢᠶ᠎ᠡ᠂ ᠤᠰᠤᠨ ᠤ ᠰᠦᠢᠳᠬᠡᠯ ︽ᠭᠤᠷᠪᠠ ᠶᠢ ᠢᠯᠡ ᠪᠣᠯᠭᠠᠬᠤ︾ | ᠳᠦᠷᠢᠮ ᠢ ᠬᠡᠷᠡᠭᠵᠢᠭᠦᠯᠦᠨ᠂ ᠤᠰᠤᠨ ᠤ ᠰᠦᠢᠳᠬᠡᠯ ᠪᠤᠳᠤᠵᠦ ᠬᠤᠷᠢᠶᠠᠬᠤ ᠬᠢᠭᠡᠳ ᠬᠡᠷᠡᠭᠯᠡᠵᠦ ᠬᠠᠮᠢᠶᠠᠷᠬᠤ ᠶᠢ | ᠴᠢᠩᠭᠠᠳᠬᠠᠵᠤ᠂ ᠲᠡᠳᠡᠭᠡᠷ ᠢ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠢ ᠬᠠᠮᠠᠭᠠᠯᠠᠬᠤ ᠬᠠᠮᠢᠶᠠᠷᠤᠯᠲᠠ ᠶᠢᠨ | ᠵᠦᠢ ᠵᠣᠬᠢᠰᠲᠠᠶ ᠵᠠᠷᠤᠯᠭ᠎ᠠ ᠶᠢᠨ ᠬᠡᠪᠴᠢᠶᠡᠨ ᠳᠤ ᠦᠨᠡᠨᠬᠦ ᠬᠡᠷᠡᠭᠯᠡᠨ᠎ᠡ᠃ | ︵ᠲᠠᠪᠤ︶ ᠲᠠᠷᠢᠶᠠᠯᠠᠩ ᠤᠨ ᠬᠡᠷᠡᠭᠯᠡᠬᠦ ᠤᠰᠤᠨ ᠤ ᠬᠠᠮᠢᠶᠠᠷᠤᠯᠲᠠ ᠶᠢ ᠴᠢᠩᠭᠠᠳᠬᠠᠨ᠂ ᠤᠰᠤ ᠠᠷᠪᠢᠯᠠᠬᠤ | ᠮᠡᠷᠭᠡᠵᠢᠯ ᠢ ᠠᠬᠢᠭᠤᠯᠤᠨ᠎ᠠ᠃ | ᠡᠯ᠎ᠡ ᠭᠠᠵᠠᠷ ᠣᠷᠣᠨ ᠨᠢ ᠠᠮᠤ ᠪᠤᠳᠠᠭᠠᠨ ᠤ ᠤᠨᠠᠯᠲᠠ ᠪᠣᠯᠣᠨ ᠦᠢᠯᠡᠳᠪᠦᠷᠢᠯᠡᠬᠦ ᠴᠢᠳᠠᠪᠤᠷᠢ ᠶᠢ | ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠣᠷᠣᠨ ᠪᠦᠰᠡ ᠶᠢᠨ ᠲᠠᠷᠢᠶᠠᠯᠠᠩ ᠤᠨ ᠬᠡᠷᠡᠭᠯᠡᠬᠦ ᠤᠰᠤᠨ ᠤ | ᠶᠡᠷᠦᠩᠬᠡᠶ ᠬᠡᠮᠵᠢᠶ᠎ᠡ ᠪᠠᠷ ᠤᠷᠢᠲᠠᠯ ᠪᠣᠯᠭᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠮᠠᠯ ᠤᠨ | ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠲᠠᠷᠢᠮᠠᠯ ᠤᠨ ᠤᠷᠭᠤᠯᠲᠠ ᠶᠢᠨ ᠱᠠᠳᠤ ᠬᠢᠭᠡᠳ ᠪᠠᠶᠢᠭᠠᠯᠢ ᠶᠢᠨ | ᠬᠤᠷ᠎ᠠ ᠲᠣᠨᠣᠳᠠᠰᠤ ᠯᠤᠭ᠎ᠠ ᠵᠣᠬᠢᠴᠠᠯᠳᠤᠭᠰᠠᠨ ᠲᠠᠷᠢᠶᠠᠯᠠᠩ ᠤᠨ ᠲᠠᠷᠢᠮᠠᠯ ᠤᠨ ᠪᠦᠲᠦᠴᠡ ᠪᠠ ᠲᠠᠷᠢᠬᠤ ᠲᠦᠷᠢᠮ ᠢ | ᠪᠠᠶᠢᠭᠤᠯᠤᠨ᠎ᠠ᠃ ᠲᠡᠭᠦᠰᠭᠡᠯ ᠦᠵᠦᠭᠦᠷ ᠲᠠᠬᠢ ᠰᠤᠪᠠᠭ ᠤᠨ ᠰᠢᠰᠲ᠋ᠧᠮ ᠤᠨ ᠤᠰᠤ ᠠᠷᠪᠢᠯᠠᠬᠤ ᠥᠭᠡᠷᠡᠴᠢᠯᠡᠯᠲᠡ᠂ | ᠤᠰᠤ ᠠᠷᠪᠢᠯᠠᠬᠤ ᠤᠰᠤᠯᠠᠯᠲᠠ ᠶᠢᠨ ᠢᠵᠢ ᠪᠦᠷᠢᠳᠦᠭᠦᠯᠬᠦ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠪᠣᠯᠣᠨ | ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠳᠤ ᠲᠦᠰᠢᠭᠯᠡᠨ᠂ ᠭᠤᠤᠷᠰᠤ ᠪᠠᠷ ᠤᠰᠤᠯᠠᠬᠤ᠂ ᠰᠦᠷᠴᠢᠨ | ᠤᠰᠤᠯᠠᠬᠤ᠂ ᠰᠡᠪᠡᠷᠡᠭᠦᠯᠦᠨ ᠤᠰᠤᠯᠠᠬᠤ᠂ ᠳᠤᠰᠤᠯᠭᠠᠨ ᠤᠰᠤᠯᠠᠬᠤ ᠵᠡᠷᠭᠡ ᠥᠨᠳᠥᠷ ᠦᠷ᠎ᠡ ᠪᠦᠲᠦᠮᠵᠢᠲᠡᠶ ᠪᠠᠷ | ᠤᠰᠤ ᠠᠷᠪᠢᠯᠠᠵᠤ ᠤᠰᠤᠯᠠᠬᠤ ᠮᠡᠷᠭᠡᠵᠢᠯ ᠵᠢᠴᠢ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ | ᠬᠦᠴᠦᠯᠡᠨ ᠳᠡᠯᠭᠡᠷᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠬᠡᠷᠡᠭᠯᠡᠬᠦ ᠤᠰᠤᠨ ᠤ ᠠᠰᠢᠭᠯᠠᠮᠵᠢ ᠶᠢ | ᠳᠡᠭᠡᠭᠰᠢᠯᠡᠭᠦᠯᠦᠨ᠂ ᠲᠠᠷᠢᠶᠠᠯᠠᠩ ᠤᠨ ᠤᠰᠤ ᠬᠡᠷᠡᠭᠯᠡᠬᠦ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ | ᠃ ᠲᠠᠷᠢᠶᠠᠯᠠᠩ ᠤᠨ ᠮᠠᠰᠢᠨ ᠪᠠ ᠲᠠᠷᠢᠶᠠᠯᠠᠬᠤ ᠮᠡᠷᠭᠡᠰᠢᠯ ᠢ ᠤᠶᠠᠯᠳᠤᠭᠤᠯᠤᠭᠰᠠᠨ ᠭᠦᠨ ᠰᠤᠯᠠᠷᠠᠭᠤᠯᠤᠨ ᠲᠡᠭᠰᠢᠯᠡᠬᠦ᠂ | ᠪᠦᠷᠬᠦᠪᠴᠢ ᠪᠠᠷ ᠴᠢᠬᠢᠭ ᠢ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠳᠡᠯᠭᠡᠷᠡᠭᠦᠯᠦᠨ᠂ ᠪᠠᠶᠢᠭᠠᠯᠢ ᠶᠢᠨ | ᠬᠤᠷ᠎ᠠ ᠲᠣᠨᠣᠳᠠᠰᠤ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠲᠠᠷᠢᠶᠠᠯᠠᠩ ᠤᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠮᠡᠷᠭᠡᠵᠢᠯ ᠤᠨ ᠪᠣᠯᠪᠠᠰᠤᠷᠠᠭᠤᠯᠤᠯ ᠢ ᠦᠷᠨᠢᠭᠦᠯᠵᠦ᠂ ᠲᠠᠷᠢᠶᠠᠴᠢᠳ ᠤᠨ | ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠤᠰᠤ ᠬᠡᠷᠡᠭᠯᠡᠬᠦ ᠦᠵᠦᠭᠦᠷ ᠬᠦᠷᠲᠡᠯᠡᠬᠢ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ ᠶᠢ | ᠰᠢᠨᠡᠴᠢᠯᠡᠨ᠎ᠡ᠃ | ᠲᠠᠷᠢᠶᠠᠴᠢᠳ ᠤᠨ ᠤᠰᠤ ᠬᠡᠷᠡᠭᠯᠡᠬᠦ ᠶᠢ ᠥᠪᠡᠰᠦᠪᠡᠨ ᠵᠠᠰᠠᠬᠤ᠂ ᠲᠤᠰᠬᠠᠶᠢᠵᠢᠭᠤᠯᠤᠨ ᠦᠢᠯᠡᠴᠢᠯᠡᠬᠦ᠂ ᠤᠰᠤ | ᠬᠠᠮᠢᠶᠠᠷᠬᠤ ᠨᠢᠭᠡᠴᠡ ᠶᠢᠨ ᠬᠠᠮᠢᠶᠠᠷᠤᠯᠲᠠ ᠪᠠ ᠤᠰᠤ ᠬᠡᠷᠡᠭᠯᠡᠬᠦ ᠡᠷᠦᠭᠡ ᠣᠷᠣᠯᠴᠠᠬᠤ ᠵᠡᠷᠭᠡ ᠤᠯᠠᠨ ᠵᠦᠢᠯ ᠤᠨ | ᠬᠡᠯᠪᠡᠷᠢ ᠪᠦᠬᠦᠢ ᠤᠰᠤ ᠬᠡᠷᠡᠭᠯᠡᠬᠦ ᠦᠵᠦᠭᠦᠷ ᠬᠦᠷᠲᠡᠯᠡᠬᠢ ᠬᠠᠮᠢᠶᠠᠷᠤᠯᠲᠠ ᠶᠢᠨ ᠵᠠᠭᠪᠤᠷ ᠢ ᠵᠣᠷᠢᠬᠵᠢᠭᠤᠯᠤᠨ | ᠬᠦᠭᠵᠢᠭᠦᠯᠦᠨ᠎ᠡ᠃ ᠲᠠᠷᠢᠶᠠᠴᠢᠨ ᠤ ᠤᠰᠤ ᠬᠡᠷᠡᠭᠯᠡᠭᠴᠢᠳ ᠤᠨ ᠨᠡᠶᠢᠭᠡᠮᠯᠢᠭ᠂ ᠲᠠᠷᠢᠶᠠᠴᠢᠳ ᠤᠨ ᠲᠤᠰᠬᠠᠢ ᠠᠵᠢᠯ ᠤᠨ | ᠬᠤᠷᠰᠢᠶ᠎ᠠ ᠵᠡᠷᠭᠡ ᠤᠰᠤ ᠬᠡᠷᠡᠭᠯᠡᠬᠦ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠳᠤ | ᠬᠠᠮᠢᠶᠠᠷᠤᠯᠲᠠ ᠪᠠ ᠵᠢᠯᠣᠭᠤᠳᠣᠯᠭ᠎ᠠ ᠪᠠᠨ ᠴᠢᠩᠭᠠᠳᠬᠠᠵᠤ᠂ ᠲᠡᠳᠡᠨ ᠢ ᠪᠠᠷᠢᠯᠭ᠎ᠠ ᠶᠢᠨ ᠬᠠᠮᠢᠶᠠᠷᠴᠤ ᠬᠠᠮᠠᠭᠠᠯᠠᠬᠤ᠂ | ᠤᠰᠤ ᠬᠡᠷᠡᠭᠯᠡᠬᠦ ᠶᠢ ᠬᠠᠮᠢᠶᠠᠷᠬᠤ᠂ ᠵᠥᠪᠳᠡᠯᠴᠡᠨ ᠦᠨ᠎ᠡ ᠲᠣᠭᠲᠠᠭᠠᠬᠤ᠂ ᠤᠰᠤᠨ ᠤ ᠰᠦᠢᠳᠬᠡᠯ ᠢ ᠪᠤᠳᠤᠵᠦ | ᠬᠤᠷᠢᠶᠠᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠭᠠᠵᠤ᠂ ᠲᠠᠷᠢᠶᠠᠴᠢᠳ ᠤᠨ ᠤᠰᠤ ᠬᠡᠷᠡᠭᠯᠡᠬᠦ ᠶᠢ ᠥᠪᠡᠰᠦᠪᠡᠨ | ᠵᠠᠰᠠᠬᠤ ᠶᠢ ᠠᠬᠢᠭᠤᠯᠤᠨ᠎ᠠ᠃ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠲᠦᠬᠦᠭᠡᠷᠦᠮᠵᠢ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠯᠡᠨ ᠠᠬᠢᠭᠤᠯᠤᠨ᠎ᠠ᠃ ᠤᠰᠤ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ ᠪᠠ ᠤᠰᠤ ᠬᠠᠩᠭᠠᠬᠤ | ᠬᠡᠮᠵᠢᠯᠲᠡ ᠶᠢᠨ ᠪᠡᠯᠡᠳᠭᠡᠮᠵᠢ ᠶᠢᠨ ᠢᠵᠢ ᠪᠦᠷᠢᠳᠦᠭᠦᠯᠬᠦ ᠶᠢ ᠪᠡᠶᠡᠯᠡᠭᠦᠯᠦᠭᠰᠡᠨ ᠵᠢᠵᠢᠭ ᠬᠡᠯᠪᠡᠷᠢ ᠶᠢᠨ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠪᠤᠯ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠪᠤᠶᠤ ᠲᠡᠳᠡᠨ ᠤ ᠡᠷᠬᠡ ᠣᠯᠭᠤᠭᠰᠠᠨ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠥᠮᠴᠢᠯᠡᠬᠦ | ᠡᠷᠬᠡ ᠶᠢ ᠲᠣᠳᠣᠷᠬᠠᠶ ᠵᠠᠭᠠᠭᠯᠠᠨ ᠲᠣᠭᠲᠠᠭᠠᠵᠤ᠂ ᠥᠮᠴᠢᠯᠡᠬᠦ ᠡᠷᠬᠡ ᠶᠢᠨ ᠦᠨᠡᠮᠯᠡᠯ ᠣᠯᠭᠤᠵᠤ᠂ ᠪᠠᠷᠢᠯᠭ᠎ᠠ ᠶᠢᠨ | ᠬᠡᠷᠡᠭᠯᠡᠬᠦ ᠡᠷᠬᠡ᠂ ᠬᠠᠮᠢᠶᠠᠷᠬᠤ ᠡᠷᠬᠡ ᠶᠢ ᠲᠠᠷᠢᠶᠠᠴᠢᠳ ᠤᠨ ᠤᠰᠤ ᠬᠡᠷᠡᠭᠯᠡᠬᠦ ᠬᠤᠷᠢᠰᠢᠶᠠ ᠶᠢᠨ ᠵᠣᠬᠢᠶᠠᠨ | ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠠᠰᠢᠭ | ᠬᠦᠷᠳᠡᠬᠦ ᠲᠠᠷᠢᠶᠠᠴᠢᠨ ᠡᠷᠦᠬᠡ ᠵᠢᠴᠢ ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠳᠤ | ᠰᠢᠯᠵᠢᠭᠦᠯᠦᠨ ᠥᠭᠴᠦ᠂ ᠪᠠᠷᠢᠯᠭ᠎ᠠ ᠶᠢᠨ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠶᠢ ᠲᠣᠲᠣᠷᠬᠠᠶᠢᠯᠠᠵᠤ᠂ | ᠪᠠᠷᠢᠯᠭ᠎ᠠ ᠶᠢᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ | ᠪᠣᠯᠣᠨ ᠨᠡᠶᠢᠭᠡᠮ ᠤᠨ ᠬᠦᠷᠦᠩᠭᠡ ᠬᠠᠮᠲᠦᠷᠠᠯᠴᠠᠬᠤ ︵PPP︶᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ | ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠬᠠᠮᠠᠭᠠᠯᠠᠯᠲᠠ ᠳᠤ ᠨᠡᠶᠢᠭᠡᠮ ᠤᠨ | ᠬᠥᠷᠥᠩᠭᠡ ᠶᠢᠨ ᠣᠷᠣᠯᠴᠠᠬᠤ ᠶᠢ ᠵᠣᠷᠢᠬᠵᠢᠭᠤᠯᠵᠤ᠂ ᠲᠤᠰᠬᠠᠢ ᠠᠵᠢᠯ ᠤᠨ ᠬᠤᠷᠰᠢᠶᠠᠵᠢᠬᠰᠠᠨ ᠰᠡᠯᠪᠢᠨ ᠵᠠᠰᠠᠵᠤ | ᠠᠷᠠᠴᠢᠯᠠᠨ ᠬᠠᠮᠠᠭᠠᠯᠠᠬᠤ ᠡᠩᠨᠡᠭᠡ ᠶᠢᠨ ᠬᠦᠭᠵᠢᠯᠲᠡ ᠶᠢ ᠪᠤᠶᠢᠵᠢᠭᠤᠯᠬᠤ ᠪᠠ ᠬᠦᠲᠦᠯᠦᠨ ᠵᠢᠯᠣᠭᠤᠳᠤᠨ᠎ᠠ᠃ | ︵ᠲᠤᠯᠤᠭ᠎ᠠ︶ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠪᠦᠷᠢᠯᠳᠦᠬᠦ ᠲᠣᠭᠲᠠᠴᠠ ᠶᠢ | ᠪᠠᠶᠢᠭᠤᠯᠤᠨ᠎ᠠ᠃ | 1. ᠲᠠᠷᠢᠶᠠᠯᠠᠩ ᠤᠨ ᠣᠰᠣᠨ ᠤ ᠦᠨ᠎ᠡ ᠬᠠᠩᠰᠢ ᠶᠢ ᠳᠡᠰ ᠬᠤᠪᠢᠶᠠᠨ ᠲᠣᠭᠲᠠᠭᠠᠨ᠎ᠠ᠃ ᠲᠠᠷᠢᠶᠠᠯᠠᠩ ᠳᠤ | ᠬᠡᠷᠡᠭᠯᠡᠬᠦ ᠤᠰᠤᠨ ᠤ ᠦᠨ᠎ᠡ ᠬᠠᠩᠰᠢ ᠶᠢ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠣᠰᠣᠭᠠᠷ | ᠲᠡᠰ ᠬᠤᠪᠢᠶᠠᠨ ᠬᠠᠮᠢᠶᠠᠷᠤᠨ᠎ᠠ᠃ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠨᠢᠷᠤᠭᠤᠪᠴᠢ | ᠢᠨᠵᠧᠨᠧᠷᠢᠩ ᠤᠨ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠬᠠᠩᠰᠢ ᠶᠢ ᠵᠠᠷᠴᠢᠮ ᠳᠡᠭᠡᠷ᠎ᠡ ᠪᠠᠨ ᠵᠠᠰᠠᠭ ᠤᠨ | ᠣᠷᠳᠣᠨ ᠠᠴᠠ ᠦᠨ᠎ᠡ ᠲᠣᠭᠲᠠᠭᠠᠵᠤ᠂ ᠨᠥᠬᠦᠴᠡᠯ ᠪᠦᠷᠢᠯᠳᠦᠭᠦᠯᠦᠭᠰᠡᠨ ᠪᠠᠶᠢᠪᠠᠯ ᠵᠥᠪᠳᠡᠯᠴᠡᠨ ᠦᠨ᠎ᠡ | ᠲᠣᠭᠲᠠᠭᠠᠬᠤ ᠶᠢ ᠬᠡᠷᠡᠭᠵᠢᠭᠦᠯᠵᠦ ᠪᠣᠯᠤᠨ᠎ᠠ︔ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠲᠡᠭᠦᠰᠭᠡᠯ | ᠦᠵᠦᠭᠡᠷ ᠲᠠᠬᠢ ᠰᠤᠪᠠᠭ ᠤᠨ ᠰᠢᠰᠲ᠋ᠧᠮ᠂ ᠪᠠᠭ᠎ᠠ ᠬᠡᠯᠪᠡᠷᠢ ᠶᠢᠨ ᠤᠰᠤᠯᠠᠯᠲᠠ ᠶᠢᠨ ᠣᠷᠣᠨ ᠵᠢᠴᠢ ᠨᠡᠶᠢᠭᠡᠮ ᠤᠨ | ᠭᠦᠷᠣᠩᠭᠡ ᠶᠢᠨ ᠪᠡᠯᠨ ᠣᠷᠣᠭᠤᠯᠵᠤ ᠪᠠᠶᠢᠭᠤᠯᠤᠭᠰᠠᠨ ᠤᠰᠤ ᠬᠠᠩᠭᠠᠬᠤ ᠢᠨᠵᠧᠨᠧᠷᠢᠩ ᠳᠤ ᠵᠠᠰᠠᠭ ᠤᠨ | ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠭᠦᠯᠵᠦ ᠪᠣᠯᠬᠤ ᠮᠥᠷᠲᠡᠭᠡᠨ ᠪᠠᠰᠠ ᠵᠥᠪᠳᠡᠯᠴᠡᠨ ᠦᠨ᠎ᠡ | ᠲᠣᠭᠲᠠᠭᠠᠬᠤ ᠶᠢ ᠬᠡᠷᠡᠭᠵᠢᠭᠦᠯᠵᠦ ᠪᠣᠯᠤᠨ᠎ᠠ᠂ ᠪᠣᠳᠠᠲᠠᠶ ᠠᠷᠭ᠎ᠠ ᠮᠠᠶ᠋ᠢᠭ ᠢ ᠪᠤᠯ ᠡᠯ᠎ᠡ ᠭᠠᠵᠠᠷ ᠣᠷᠣᠨ ᠨᠢ ᠲᠤᠰ | ᠭᠠᠵᠠᠷ ᠤᠨ ᠪᠤᠳᠠᠲᠠᠢ ᠲᠠᠢ ᠪᠠᠨ ᠤᠶᠠᠯᠳᠤᠭᠤᠯᠤᠨ ᠥᠪᠡᠰᠦᠪᠡᠨ ᠲᠣᠭᠲᠠᠭᠠᠨ᠎ᠠ᠃ ᠵᠠᠰᠠᠭ ᠤᠨ ᠣᠷᠳᠣᠨ ᠠᠴᠠ ᠦᠨ᠎ᠡ | ᠲᠣᠭᠲᠠᠭᠠᠭᠰᠠᠨ ᠪᠠᠶᠢᠪᠠᠯ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠰ ᠳᠠᠷᠠᠭᠠᠯᠠᠯ | ᠶᠤᠰᠤᠭᠠᠷ ᠥᠪᠡᠷ ᠤᠨ ᠦᠷᠳᠡᠭ ᠢ ᠨᠢ ᠬᠢᠨᠠᠵᠤ᠂ ᠤᠰᠤ ᠬᠠᠩᠭᠠᠬᠤ ᠥᠪᠡᠷ ᠤᠨ ᠦᠷᠳᠡᠭ᠂ ᠤᠰᠤᠨ ᠤ ᠡᠬᠢ | ᠰᠤᠷᠪᠤᠯᠵᠢ ᠶᠢᠨ ᠬᠤᠮᠰᠠᠳᠠᠯ ᠤᠨ ᠬᠡᠮᠵᠢᠶ᠎ᠡ ᠵᠢᠴᠢ ᠬᠡᠷᠡᠭᠯᠡᠭᠴᠢ ᠶᠢᠨ ᠳᠠᠭᠠᠭᠠᠬᠤ ᠴᠢᠳᠠᠪᠤᠷᠢ ᠶᠢ ᠶᠡᠷᠦᠩᠭᠡᠶᠢᠯᠡᠨ | ᠪᠣᠳᠣᠯᠬᠢᠯᠠᠵᠤ᠂ ᠤᠰᠤ ᠬᠠᠩᠭᠠᠬᠤ ᠢᠨᠵᠧᠨᠧᠷᠢᠩ ᠤᠨ ᠡᠯ᠎ᠡ ᠲᠠᠯ᠎ᠠ ᠶᠢᠨ ᠤᠰᠤᠨ ᠤ ᠦᠨ᠎ᠡ ᠬᠠᠩᠰᠢ ᠶᠢ ᠵᠦᠢ | ᠵᠣᠬᠢᠰᠲᠠᠶ ᠲᠣᠭᠲᠠᠭᠠᠨ᠎ᠠ᠃ ᠵᠥᠪᠳᠡᠯᠴᠡᠨ ᠦᠨ᠎ᠡ ᠲᠣᠭᠲᠠᠭᠠᠬᠤ ᠶᠢ ᠬᠡᠷᠡᠭᠵᠢᠭᠦᠯᠦᠭᠰᠡᠨ ᠪᠠᠶᠢᠪᠠᠯ᠂ ᠬᠠᠩᠭᠠᠬᠤ | ᠬᠡᠷᠡᠭᠰᠡᠬᠦ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠰᠠᠶᠢᠨ ᠳᠤᠷ᠎ᠠ ᠶᠢᠨ ᠪᠠᠶᠢᠬᠤ ᠰᠠᠭᠤᠷᠢᠨ ᠳᠡᠭᠡᠷ᠎ᠡ᠂ ᠤᠰᠤ | ᠠᠷᠪᠢᠯᠠᠬᠤ ᠶᠢ ᠠᠬᠢᠭᠤᠯᠬᠤ᠂ ᠢᠨᠵᠧᠨᠧᠷᠢᠩ ᠤᠨ ᠰᠠᠶᠢᠨ ᠠᠵᠢᠯᠯᠠᠭᠠᠨ ᠪᠠ ᠲᠠᠷᠢᠶᠠᠯᠠᠩ ᠤᠨ ᠦᠢᠯᠡᠳᠪᠦᠷᠢᠯᠡᠯ ᠤᠨ | ᠬᠥᠭᠵᠢᠯᠲᠡ ᠶᠢ ᠪᠠᠲᠤᠯᠠᠬᠤ ᠳᠤ ᠠᠰᠢᠬᠲᠠᠢ ᠪᠠᠶᠢᠢᠯᠭᠠᠬᠤ ᠵᠠᠷᠴᠢᠮ ᠶᠣᠰᠣᠭᠠᠷ ᠲᠣᠭᠲᠠᠭᠠᠨ᠎ᠠ᠃ ᠤᠰᠤ ᠬᠠᠩᠭᠠᠬᠤ | ᠦᠨ᠎ᠡ ᠬᠠᠩᠰᠢ ᠶᠢ ᠵᠠᠷᠴᠢᠮ ᠳᠡᠭᠡᠷ᠎ᠡ ᠪᠠᠨ ᠠᠵᠢᠯᠯᠠᠭᠤᠯᠬᠤ ᠪᠠ ᠰᠡᠯᠪᠢᠨ ᠬᠠᠮᠠᠭᠠᠯᠠᠬᠤ ᠥᠪᠡᠷ ᠤᠨ ᠥᠷᠲᠡᠭ ᠤᠨ | ᠬᠢᠷᠢ ᠬᠡᠮᠵᠢᠶ᠎ᠡ ᠳᠤ ᠬᠦᠷᠦᠭᠦᠯᠬᠦ ᠪᠤᠶᠤ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ︔ ᠦᠨᠡᠨᠬᠦ ᠬᠦᠴᠢᠷᠳᠡᠯᠲᠡᠢ | ᠭᠠᠵᠠᠷ ᠣᠷᠣᠨ ᠨᠢ ᠠᠯᠢ ᠴᠢᠳᠠᠬᠤ ᠪᠠᠷ ᠳᠡᠭᠡᠭᠰᠢᠯᠡᠭᠦᠯᠬᠦ ᠶᠢᠨ ᠬᠠᠮᠲᠤ ᠶᠡᠷᠦᠩᠭᠡᠶᠢᠯᠡᠭᠰᠡᠨ ᠠᠷᠭ᠎ᠠ ᠬᠡᠮᠵᠢᠶ᠎ᠡ ᠠᠪᠴᠤ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠭᠠᠨ ᠲᠠᠢ ᠪᠠᠶᠢᠬᠤ ᠪᠠᠲᠤᠯᠠᠨ᠎ᠠ᠃ | ᠤᠰᠤᠨ ᠤ ᠡᠬᠢ ᠰᠤᠷᠪᠤᠯᠵᠢ ᠪᠠᠷ ᠴᠤᠬᠠᠭ᠂ ᠤᠰᠤ ᠬᠡᠷᠡᠭᠯᠡᠬᠦ ᠡᠷᠦᠭᠡ ᠶᠢᠨ ᠳᠠᠭᠠᠭᠠᠬᠤ ᠴᠢᠳᠠᠪᠤᠷᠢ ᠨᠡᠯᠢᠶᠡᠳ | ᠴᠢᠩᠭ᠎ᠠ ᠪᠠᠶᠢᠳᠠᠭ ᠭᠠᠵᠠᠷ ᠣᠷᠣᠨ ᠨᠢ᠂ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠬᠠᠩᠰᠢ ᠶᠢ ᠪᠦᠷᠢᠨ | ᠥᠪᠡᠷ ᠤᠨ ᠥᠷᠳᠡᠭ ᠤᠨ ᠬᠢᠷᠢ ᠬᠡᠮᠵᠢᠶ᠎ᠡ ᠬᠦᠷᠲᠡᠯ᠎ᠡ ᠳᠡᠭᠡᠭᠰᠢᠯᠡᠭᠦᠯᠵᠦ ᠪᠣᠯᠣᠨ᠎ᠠ᠃ | 2. ᠲᠦᠷᠦᠯ ᠬᠤᠪᠢᠶᠠᠭᠰᠠᠨ ᠤᠰᠤᠨ ᠤ ᠦᠨ᠎ᠡ ᠬᠠᠩᠰᠢ ᠶᠢ ᠬᠠᠶᠢᠨ ᠰᠦᠪᠡᠭᠴᠢᠯᠡᠨ ᠬᠡᠷᠡᠭᠵᠢᠭᠦᠯᠦᠨ᠎ᠡ᠃ | ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠲᠡᠵᠢᠭᠡᠨ ᠦᠷᠡᠵᠢᠭᠦᠯᠬᠦ ᠦᠢᠯᠡᠰ ᠵᠡᠷᠭᠡ ᠳᠤ ᠤᠰᠤ | ᠬᠡᠷᠡᠭᠯᠡᠬᠦ ᠲᠥᠷᠥᠯ ᠬᠡᠯᠪᠡᠷᠢ ᠶᠢ ᠢᠯᠭᠠᠨ᠂ ᠤᠰᠤ ᠬᠡᠷᠡᠭᠯᠡᠬᠦ ᠦᠵᠦᠭᠦᠷ ᠬᠦᠷᠲᠡᠯᠡᠬᠢ ᠲᠠᠯ᠎ᠠ ᠳᠤ ᠲᠦᠷᠦᠯ | ᠬᠤᠪᠢᠶᠠᠭᠰᠠᠨ ᠤᠰᠤᠨ ᠤ ᠦᠨ᠎ᠡ ᠬᠠᠩᠰᠢ ᠶᠢ ᠬᠠᠶᠢᠨ ᠰᠦᠪᠡᠭᠴᠢᠯᠡᠨ ᠬᠡᠷᠡᠭᠵᠢᠭᠦᠯᠦᠨ᠎ᠡ᠃ ᠤᠰᠤ ᠬᠡᠷᠡᠭᠯᠡᠬᠦ | ᠬᠡᠮᠵᠢᠶ᠎ᠡ᠂ ᠦᠢᠯᠡᠳᠪᠦᠷᠢᠯᠡᠯ ᠤᠨ ᠦᠷ᠎ᠡ ᠠᠰᠢᠭ᠂ ᠣᠷᠣᠨ ᠪᠦᠰᠡ ᠶᠢᠨ ᠲᠠᠷᠢᠶᠠᠯᠠᠩ ᠤᠨ ᠬᠥᠭᠵᠢᠯᠲᠡ ᠶᠢᠨ | ᠲᠦᠷᠦ ᠶᠢᠨ ᠪᠤᠳᠤᠯᠭ᠎ᠠ ᠵᠡᠷᠭᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠡᠯ᠎ᠡ ᠲᠥᠷᠥᠯ ᠤᠨ ᠬᠡᠷᠡᠭᠯᠡᠬᠦ | ᠤᠰᠤᠨ ᠤ ᠦᠨ᠎ᠡ ᠬᠠᠩᠰᠢ ᠶᠢ ᠵᠦᠢ ᠵᠣᠬᠢᠰᠲᠠᠶ ᠲᠣᠭᠲᠠᠭᠠᠵᠤ᠂ ᠤᠰᠤ ᠬᠡᠷᠡᠭᠯᠡᠬᠦ ᠬᠡᠮᠵᠢᠶ᠎ᠡ ᠶᠡᠭᠡ ᠪᠤᠶᠤ ᠨᠡᠮᠡᠯᠲᠡ | ᠦᠷᠲᠡᠭ ᠥᠨᠳᠥᠷ ᠪᠠᠶᠢᠬᠤ ᠠᠵᠤ ᠠᠬᠤᠢ ᠶᠢᠨ ᠲᠠᠷᠢᠮᠠᠯ ᠪᠣᠯᠣᠨ ᠲᠡᠵᠢᠭᠡᠨ ᠦᠷᠡᠵᠢᠭᠦᠯᠬᠦ ᠦᠢᠯᠡᠰ ᠤᠨ ᠬᠡᠷᠡᠭᠯᠡᠬᠦ | ᠤᠰᠤᠨ ᠤ ᠦᠨ᠎ᠡ ᠬᠠᠩᠰᠢ ᠶᠢ ᠪᠤᠰᠤᠳ ᠤᠰᠤ ᠬᠡᠷᠡᠭᠯᠡᠬᠦ ᠲᠥᠷᠥᠯ ᠬᠡᠯᠪᠡᠷᠢ ᠠᠴᠠ ᠦᠨᠳᠦᠷ ᠪᠠᠶᠢᠯᠭᠠᠵᠤ ᠪᠣᠯᠤᠨ᠎ᠠ᠃ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠭᠠᠵᠠᠷ ᠳᠣᠣᠷᠠᠬᠢ ᠤᠰᠤ ᠶᠢᠨ ᠤᠰᠤ ᠬᠡᠷᠡᠭᠯᠡᠬᠦ ᠥᠪᠡᠷ ᠤᠨ ᠦᠷᠳᠡᠭ ᠢ ᠲᠤᠬᠠᠶ ᠶᠢᠨ ᠭᠠᠵᠠᠷ ᠤᠨ | ᠭᠠᠳᠠᠷᠭᠤ ᠶᠢᠨ ᠤᠰᠤᠨ ᠠᠴᠠ ᠦᠨᠳᠦᠷ ᠪᠠᠶᠢᠯᠭᠠᠵᠤ᠂ ᠭᠠᠵᠠᠷ ᠳᠣᠣᠷᠠᠬᠢ ᠤᠰᠤ ᠶᠢ ᠲᠠᠲᠠᠬᠤ ᠨᠥᠬᠦᠪᠦᠷᠢᠯᠡᠬᠦ ᠪᠠᠨ | ᠲᠡᠩᠴᠡᠭᠦᠷᠢᠲᠡᠶ ᠪᠠᠶᠢᠯᠭᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠶᠢ | ᠠᠬᠢᠭᠤᠯᠤᠨ᠎ᠠ᠃ | 3. ᠲᠣᠭᠲᠠᠭᠠᠭᠰᠠᠨ ᠨᠣᠷᠮ᠎ᠠ ᠠᠴᠠ ᠬᠡᠲᠦᠷᠡᠲᠡᠯ᠎ᠡ ᠤᠰᠤ ᠬᠡᠷᠡᠭᠯᠡᠪᠡᠯ ᠠᠬᠢᠭᠤᠯᠤᠨ ᠪᠤᠳᠤᠵᠦ ᠦᠨ᠎ᠡ ᠬᠠᠩᠰᠢ | ᠨᠡᠮᠡᠬᠦ ᠲᠥᠷᠢᠮ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠬᠡᠮᠵᠢᠯᠲᠡ ᠶᠢᠨ ᠪᠡᠯᠡᠳᠬᠡᠮᠵᠢ ᠶᠢᠨ ᠢᠵᠢ | ᠪᠦᠷᠢᠳᠦᠭᠦᠯᠬᠦ ᠪᠠ ᠲᠠᠷᠢᠶᠠᠯᠠᠩ ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ︵ᠲᠥᠯᠥᠪᠯᠡᠭᠡ︶ ᠶᠢ ᠵᠦᠢ ᠵᠣᠬᠢᠰᠲᠠᠢ | ᠲᠣᠭᠲᠠᠭᠠᠭᠰᠠᠨ ᠰᠠᠭᠤᠷᠢᠨ ᠳᠡᠭᠡᠷ᠎ᠡ᠂ ᠬᠡᠮᠵᠢᠯᠲᠡ ᠪᠠᠷ ᠰᠦᠢᠳᠬᠡᠯ ᠬᠤᠷᠢᠶᠠᠬᠤ ᠪᠠ ᠲᠣᠭᠲᠠᠭᠰᠠᠨ ᠨᠤᠷᠮ᠎ᠠ ︵ | ᠲᠥᠯᠥᠪᠯᠡᠭᠡ︶ ᠠᠴᠠ ᠬᠡᠲᠦᠷᠡᠲᠡᠯ᠎ᠡ ᠤᠰᠤ ᠬᠡᠷᠡᠭᠯᠡᠪᠡᠯ ᠠᠬᠢᠭᠤᠯᠤᠨ ᠪᠤᠳᠤᠵᠦ ᠦᠨ᠎ᠡ ᠬᠠᠩᠰᠢ ᠨᠡᠮᠡᠬᠦ ᠶᠢ ᠬᠠᠷᠢᠯᠴᠠᠨ | ᠤᠶᠠᠯᠳᠤᠭᠤᠯᠤᠭᠰᠠᠨ ᠤᠰᠤ ᠬᠡᠷᠡᠭᠯᠡᠬᠦ ᠳᠦᠷᠢᠮ ᠢ ᠳᠡᠯᠭᠡᠷᠡᠭᠦᠯᠦᠨ᠎ᠡ᠃ ᠪᠣᠳᠠᠲᠠᠶ ᠲᠣᠭᠲᠠᠭᠰᠠᠨ ᠨᠤᠷᠮ᠎ᠠ ︵ | ᠲᠥᠯᠥᠪᠯᠡᠭᠡ︶ ᠠᠴᠠ ᠬᠡᠲᠦᠷᠡᠲᠡᠯ᠎ᠡ ᠤᠰᠤ ᠬᠡᠷᠡᠭᠯᠡᠬᠦ ᠬᠠᠷᠢᠴᠠᠯ ᠪᠣᠯᠣᠨ ᠦᠨ᠎ᠡ ᠬᠠᠩᠰᠢ ᠨᠡᠮᠡᠬᠦ ᠬᠡᠮᠵᠢᠶ᠎ᠡ ᠶᠢᠨ | ᠲᠤᠬᠢᠷᠠᠭᠤᠯᠤᠯᠲᠠ ᠶᠢ ᠪᠤᠯ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠠᠴᠠ | ᠠᠰ ᠲᠤᠨᠢ ᠲᠣᠭᠲᠠᠭᠠᠨ᠎ᠠ᠃ | 4. ᠦᠵᠦᠭᠦᠷ ᠬᠦᠷᠲᠡᠯᠡᠬᠢ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠲᠥᠷᠢᠮ ᠢ ᠬᠡᠷᠡᠭᠵᠢᠭᠦᠯᠦᠨ᠎ᠡ᠃ | ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ︽ᠨᠢᠷᠤᠭᠤᠪᠴᠢ ᠢᠨᠵᠧᠨᠧᠷᠢᠩ ᠤᠨ ᠤᠰᠤᠨ ᠤ ᠦᠨ᠎ᠡ | ᠬᠠᠩᠰᠢ + ᠲᠡᠭᠦᠰᠭᠡᠯ ᠦᠵᠦᠭᠦᠷ ᠲᠠᠬᠢ ᠰᠤᠪᠠᠭ ᠤᠨ ᠰᠢᠰᠲ᠋ᠧᠮ ᠤᠨ ᠤᠰᠤᠨ ᠤ ᠦᠨ᠎ᠡ ᠬᠠᠩᠰᠢ︾ ᠪᠦᠬᠦᠢ | ᠦᠵᠦᠭᠦᠷ ᠬᠦᠷᠲᠡᠯᠡᠬᠢ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠲᠥᠷᠢᠮ ᠢ ᠬᠡᠷᠡᠭᠵᠢᠭᠦᠯᠵᠦ᠂ ᠲᠡᠭᠦᠰᠭᠡᠯ | ᠦᠵᠦᠭᠦᠷ ᠲᠠᠬᠢ ᠰᠤᠪᠠᠭ ᠤᠨ ᠰᠢᠰᠲ᠋ᠧᠮ ᠤᠨ ᠤᠰᠤᠨ ᠤ ᠦᠨ᠎ᠡ ᠬᠠᠩᠰᠢ ᠳᠤ ᠤᠰᠤᠯᠠᠯᠲᠠ ᠶᠢᠨ ᠣᠷᠣᠨ ᠢᠶᠠᠷ | ᠨᠢᠭᠡᠴᠡ ᠪᠣᠯᠭᠠᠨ᠂ ᠲᠡᠭᠦᠰᠭᠡᠯ ᠦᠵᠦᠭᠦᠷ ᠲᠠᠬᠢ ᠰᠤᠪᠠᠭ ᠤᠨ ᠰᠢᠰᠲ᠋ᠧᠮ ᠤᠨ ᠪᠠᠷᠢᠯᠭ᠎ᠠ ᠶᠢᠨ ᠨᠥᠬᠦᠴᠡᠯ ᠪᠠ | ᠬᠠᠮᠢᠶᠠᠷᠤᠯᠲᠠ ᠶᠢᠨ ᠪᠠᠶᠢᠳᠠᠯ ᠢ ᠦᠨᠳᠦᠰᠦᠯᠡᠨ᠂ ᠨᠢᠭᠡᠳᠬᠡᠬᠦ ᠪᠤᠶᠤ ᠬᠡᠰᠡᠭ ᠬᠤᠪᠢᠶᠠᠨ ᠲᠣᠭᠲᠠᠭᠠᠨ᠎ᠠ᠃ ᠭᠠᠵᠠᠷ | ᠵᠦᠢ ᠶᠢᠨ ᠪᠠᠶᠢᠷᠢᠯᠠᠯ ᠨᠢ ᠬᠥᠷᠰᠢᠯᠡᠵᠦ᠂ ᠤᠰᠤᠨ ᠤ ᠡᠬᠢ ᠰᠤᠷᠪᠤᠯᠵᠢ ᠶᠢᠨ ᠨᠥᠬᠦᠴᠡᠯ ᠨᠢ ᠠᠳᠠᠯᠢᠪᠲᠤᠷ ᠪᠠᠶᠢᠭ᠎ᠠ | ᠵᠢᠵᠢᠭ ᠬᠡᠯᠪᠡᠷᠢ ᠶᠢᠨ ᠵᠢᠴᠢ ᠲᠦᠮᠡᠨ ᠮᠦ ᠠᠴᠠ ᠳᠣᠷᠣᠭᠰᠢᠬᠢ ᠤᠰᠤᠯᠠᠯᠲᠠ ᠶᠢᠨ ᠣᠷᠣᠨ ᠳᠤ ᠣᠷᠣᠨ ᠪᠦᠰᠡ ᠶᠢᠨ | ᠨᠢᠭᠡᠳᠦᠯᠲᠡᠶ ᠤᠰᠤᠨ ᠤ ᠦᠨ᠎ᠡ ᠬᠠᠩᠰᠢ ᠶᠢ ᠬᠠᠶᠢᠨ ᠰᠦᠪᠡᠭᠴᠢᠯᠡᠨ ᠬᠡᠷᠡᠭᠵᠢᠭᠦᠯᠦᠨ᠎ᠡ᠃ ᠤᠰᠤ ᠬᠡᠷᠡᠭᠯᠡᠬᠦ | ᠬᠡᠮᠵᠢᠶᠡᠨ ᠤ ᠣᠨ ᠤ ᠬᠤᠭᠤᠷᠤᠨᠳᠤᠬᠢ ᠬᠤᠪᠢᠷᠠᠯᠲᠠ ᠨᠡᠯᠢᠶᠡᠳ ᠶᠡᠭᠡ ᠪᠠᠶᠢᠭ᠎ᠠ ᠭᠠᠵᠠᠷ ᠣᠷᠣᠨ ᠳᠤ ᠦᠨᠳᠦᠰᠦᠨ | ᠤᠰᠤᠨ ᠤ ᠦᠨ᠎ᠡ ᠬᠠᠩᠰᠢ ᠪᠣᠯᠤᠨ ᠬᠡᠮᠵᠢᠯᠲᠡ ᠶᠢᠨ ᠤᠰᠤᠨ ᠤ ᠦᠨ᠎ᠡ ᠬᠠᠩᠰᠢ ᠪᠠᠷ ᠪᠦᠷᠢᠯᠳᠦᠭᠰᠡᠨ ᠬᠤᠶᠠᠷ | ᠳᠦᠷᠢᠮᠲᠦ ᠤᠰᠤᠨ ᠤ ᠦᠨ᠎ᠡ ᠬᠠᠩᠰᠢ ᠶᠢ ᠬᠠᠶᠢᠨ ᠰᠦᠪᠡᠭᠴᠢᠯᠡᠨ ᠬᠡᠷᠡᠭᠵᠢᠭᠦᠯᠦᠨ᠎ᠡ᠃ ᠤᠰᠤ ᠬᠡᠷᠡᠭᠯᠡᠬᠦ ᠬᠡᠮᠵᠢᠶ᠎ᠡ ᠨᠢ | ᠤᠯᠠᠷᠢᠯ ᠤᠨ ᠨᠥᠯᠥᠭᠡ ᠶᠢ ᠨᠡᠯᠢᠶᠡᠳ ᠶᠡᠭᠡ ᠬᠦᠷᠲᠡᠭᠰᠡᠨ ᠭᠠᠵᠠᠷ ᠣᠷᠣᠨ ᠳᠤ ᠬᠤᠷ᠎ᠠ ᠲᠤᠨᠤᠳᠠᠰᠤ ᠡᠯᠪᠡᠭ ᠪᠠ ᠭᠠᠩ | ᠬᠠᠭᠤᠷᠠᠢ ᠤᠯᠠᠷᠢᠯ ᠳᠠᠬᠢ ᠤᠰᠤᠨ ᠤ ᠦᠨ᠎ᠡ ᠬᠠᠩᠰᠢ ᠶᠢ ᠬᠡᠷᠡᠭᠵᠢᠭᠦᠯᠵᠦ ᠪᠣᠯᠤᠨ᠎ᠠ᠃ | ︵ᠨᠠᠢᠮᠠ︶ ᠲᠠᠷᠢᠶᠠᠯᠠᠩ ᠤᠨ ᠤᠰᠤ ᠬᠡᠷᠡᠭᠯᠡᠬᠦ ᠳᠤ ᠲᠦᠢᠯ ᠤᠨ ᠣᠨᠣᠪᠴᠢᠲᠠᠢ ᠪᠠᠷ ᠨᠡᠮᠡᠭᠦᠷᠢ ᠥᠭᠬᠦ ᠪᠠ | ᠤᠰᠤ ᠠᠷᠪᠢᠯᠠᠬᠰᠠᠨ ᠳᠤ ᠱᠠᠩᠨᠠᠬᠤ ᠲᠣᠭᠲᠠᠴᠠ ᠶᠢ ᠪᠠᠶᠢᠭᠤᠯᠤᠨ᠎ᠠ᠃ | 1. ᠲᠠᠷᠢᠶᠠᠯᠠᠩ ᠤᠨ ᠤᠰᠤ ᠬᠡᠷᠡᠭᠯᠡᠬᠦ ᠳᠤ ᠲᠦᠢᠯ ᠤᠨ ᠣᠨᠣᠪᠴᠢᠲᠠᠶ ᠪᠠᠷ ᠨᠡᠮᠡᠭᠦᠷᠢ ᠥᠭᠬᠦ ᠲᠣᠭᠲᠠᠴᠠ ᠶᠢ | ᠪᠠᠶᠢᠭᠤᠯᠤᠨ᠎ᠠ᠃ ᠡᠯ᠎ᠡ ᠭᠠᠵᠠᠷ ᠣᠷᠣᠨ ᠨᠢ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠤᠰᠤ ᠠᠷᠪᠢᠯᠠᠬᠤ ᠦᠷ᠎ᠡ ᠪᠦᠲᠦᠮᠵᠢ᠂ ᠦᠨ᠎ᠡ ᠬᠠᠩᠰᠢ ᠲᠣᠬᠢᠷᠠᠭᠤᠯᠬᠤ | ᠬᠡᠪᠴᠢᠶ᠎ᠡ᠂ ᠡᠳ᠋ ᠤᠨ ᠬᠦᠴᠦᠨ ᠤ ᠪᠠᠶᠢᠳᠠᠯ ᠵᠢᠴᠢ ᠤᠰᠤ ᠬᠠᠮᠢᠶᠠᠷᠬᠤ ᠨᠢᠭᠡᠴᠡ ᠶᠢᠨ ᠠᠵᠢᠯᠯᠠᠭᠠᠨ ᠤ ᠪᠠᠶᠢᠳᠠᠯ ᠲᠠᠢ | ᠬᠠᠷᠢᠯᠴᠠᠨ ᠵᠣᠬᠢᠴᠠᠯᠳᠤᠭᠰᠠᠨ ᠲᠠᠷᠢᠶᠠᠯᠠᠩ ᠤᠨ ᠤᠰᠤ ᠬᠡᠷᠡᠭᠯᠡᠬᠦ ᠳᠤ ᠲᠦᠢᠯ ᠤᠨ ᠣᠨᠣᠪᠴᠢᠲᠠᠢ ᠪᠠᠷ ᠨᠡᠮᠡᠭᠦᠷᠢ ᠥᠭᠬᠦ | ᠲᠣᠭᠲᠠᠴᠠ ᠶᠢ ᠪᠠᠶᠢᠭᠤᠯᠤᠨ᠎ᠠ᠃ ᠨᠡᠮᠡᠭᠦᠷᠢ ᠶᠢᠨ ᠪᠠᠷᠢᠮᠵᠢᠶ᠎ᠠ ᠶᠢ ᠲᠣᠭᠲᠠᠭᠠᠭᠰᠠᠨ ᠨᠣᠷᠮ᠎ᠠ ︵ᠲᠥᠯᠥᠪᠯᠡᠭᠡ︶ ᠳᠠᠬᠢ | ᠤᠰᠤ ᠬᠡᠷᠡᠭᠯᠡᠬᠦ ᠳᠤ ᠪᠣᠳᠠᠲᠠᠶ ᠬᠡᠷᠡᠭᠵᠢᠭᠦᠯᠦᠭᠰᠡᠨ ᠤᠰᠤᠨ ᠤ ᠦᠨ᠎ᠡ ᠬᠠᠩᠰᠢ ᠪᠣᠯᠤᠨ ᠠᠵᠢᠯᠯᠠᠭᠤᠯᠬᠤ ᠰᠡᠯᠪᠢᠨ | ᠬᠠᠮᠠᠭᠠᠯᠠᠬᠤ ᠥᠪᠡᠷ ᠤᠨ ᠤᠶᠢᠷᠳᠡᠭ ᠤᠨ ᠵᠥᠷᠢᠶ᠎ᠡ ᠶᠢ ᠦᠨᠳᠦᠰᠦᠯᠡᠨ ᠲᠣᠭᠲᠠᠭᠠᠵᠤ᠂ ᠲᠠᠷᠢᠶᠠᠯᠠᠩ ᠤᠨ ᠤᠰᠤᠨ ᠤ | ᠦᠨ᠎ᠡ ᠬᠠᠩᠰᠢ ᠳᠤ ᠲᠣᠬᠢᠷᠠᠭᠤᠯᠤᠯᠲᠠ᠂ ᠲᠠᠷᠢᠶᠠᠴᠢᠳ ᠤᠨ ᠳᠠᠭᠠᠭᠠᠬᠤ ᠴᠢᠳᠠᠪᠤᠷᠢ ᠶᠢ ᠨᠢᠭᠡᠳᠦᠯᠲᠡᠢ ᠲᠥᠯᠥᠪᠯᠡᠨ | ᠪᠣᠳᠣᠯᠬᠢᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠲᠣᠭᠲᠠᠭᠠᠭᠰᠠᠨ ᠨᠣᠷᠮ᠎ᠠ ︵ᠲᠥᠯᠥᠪᠯᠡᠭᠡ︶ ᠶᠢᠨ | ᠲᠤᠲᠣᠷ᠎ᠠ ᠤᠰᠤ ᠬᠡᠷᠡᠭᠯᠡᠭᠰᠡᠨ ᠳᠤᠨᠢ ᠭᠤᠣᠯᠳᠠᠯᠭ᠎ᠠ ᠲᠠᠢ ᠪᠠᠷ ᠨᠡᠮᠡᠭᠦᠷᠢ ᠥᠭᠭᠦᠨ᠎ᠡ᠃ ᠨᠡᠮᠡᠭᠦᠷᠢ ᠥᠭᠬᠦ ᠠᠷᠭ᠎ᠠ | ᠮᠠᠶ᠋ᠢᠭ᠂ ᠵᠠᠩᠭᠢᠯᠠᠭ᠎ᠠ᠂ ᠳᠡᠰ ᠳᠠᠷᠠᠭᠠᠯᠠᠯ ᠵᠢᠴᠢ ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠵᠡᠷᠭᠡ ᠶᠢ ᠡᠯ᠎ᠡ ᠠᠶᠢᠮᠠᠭ | ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠠᠴᠠ ᠥᠪᠡᠰᠦᠪᠡᠨ ᠲᠣᠭᠲᠠᠭᠠᠨ᠎ᠠ᠃ | 2. ᠲᠠᠷᠢᠶᠠᠯᠠᠩ ᠤᠨ ᠤᠰᠤ ᠬᠡᠷᠡᠭᠯᠡᠵᠦ ᠤᠰᠤ ᠠᠷᠪᠢᠯᠠᠬᠤ ᠶᠢ ᠱᠠᠩᠨᠠᠬᠤ ᠲᠣᠭᠲᠠᠴᠠ ᠶᠢ ᠪᠠᠶᠢᠭᠤᠯᠤᠨ᠎ᠠ᠃ | ᠡᠯ᠎ᠡ ᠭᠠᠵᠠᠷ ᠣᠷᠣᠨ ᠨᠤᠭᠤᠳ ᠠᠵᠢᠯᠯᠠᠬᠤ ᠳᠤ ᠬᠢᠯᠪᠡᠷ᠂ ᠤᠰᠤ ᠬᠡᠷᠡᠭᠯᠡᠬᠦ ᠭᠤᠣᠯ ᠴᠣᠭᠴᠠ ᠨᠢ ᠨᠡᠶᠢᠳᠡᠮ ᠳᠡᠭᠡᠨ | ᠬᠦᠯᠢᠶᠡᠠ ᠠᠪᠴᠤ ᠳᠡᠶᠢᠯᠬᠦ ᠲᠠᠷᠢᠶᠠᠯᠠᠩ ᠤᠨ ᠤᠰᠤ ᠬᠡᠷᠡᠭᠯᠡᠵᠦ ᠤᠰᠤ ᠠᠷᠪᠢᠯᠠᠬᠤ ᠶᠢ ᠱᠠᠩᠨᠠᠬᠤ ᠲᠣᠭᠲᠠᠴᠠ ᠶᠢ | ᠠᠯᠬᠤᠮ ᠠᠯᠬᠤᠮ ᠢᠶᠠᠷ ᠪᠠᠶᠢᠭᠤᠯᠵᠤ᠂ ᠱᠠᠩᠨᠠᠬᠤ ᠪᠠᠷᠢᠮᠵᠢᠶ᠎ᠠ ᠶᠢ ᠡᠯ᠎ᠡ ᠭᠠᠵᠠᠷ ᠣᠷᠣᠨ ᠨᠢ ᠣᠷᠣᠨ ᠨᠤᠲᠤᠭ ᠤᠨ | ᠡᠳ᠋ ᠤᠨ ᠬᠦᠴᠦᠨ ᠲᠠᠢ ᠤᠶᠠᠯᠳᠦᠭᠤᠯᠵᠦ ᠲᠣᠭᠲᠠᠭᠠᠨ᠎ᠠ᠃ ᠠᠷᠪᠢᠯᠠᠭᠰᠠᠨ ᠤᠰᠤᠨ ᠤ ᠬᠡᠮᠵᠢᠶ᠎ᠡ ᠶᠢ ᠦᠨᠳᠦᠰᠦᠯᠡᠵᠦ | ᠤᠰᠤ ᠠᠷᠪᠢᠯᠠᠬᠤ ᠪᠡᠯᠡᠳᠬᠡᠮᠵᠢ᠂ ᠲᠠᠷᠢᠮᠠᠯ ᠤᠨ ᠪᠦᠲᠦᠴᠡ ᠶᠢ ᠲᠣᠬᠢᠷᠠᠭᠤᠯᠤᠨ ᠤᠰᠤ ᠠᠷᠪᠢᠯᠠᠬᠤ ᠰᠢᠨ᠎ᠡ | ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ᠂ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠶ᠎ᠠ ᠶᠢᠨ ᠵᠣᠬᠢᠶᠠᠨ | ᠪᠠᠶᠢᠭᠤᠯᠤᠯᠲᠠ ᠪᠣᠯᠣᠨ ᠲᠠᠷᠢᠶᠠᠴᠢᠨ ᠡᠷᠦᠬᠡ ᠶᠢ ᠱᠠᠩᠨᠠᠨ ᠬᠥᠬᠢᠭᠦᠯᠬᠦ ᠪᠠᠷ᠂ ᠤᠰᠤ ᠬᠡᠷᠡᠭᠯᠡᠬᠦ ᠡᠷᠦᠭᠡ ᠶᠢᠨ | ᠰᠠᠨᠠᠭᠠᠴᠢᠯᠠᠭ᠎ᠠ ᠠᠴᠠ ᠪᠠᠨ ᠤᠰᠤ ᠠᠷᠪᠢᠯᠠᠬᠤ ᠦᠵᠡᠯ ᠤᠬᠠᠮᠰᠠᠷ ᠪᠣᠯᠣᠨ ᠢᠳᠡᠪᠬᠢᠵᠢᠯ ᠢ ᠳᠡᠭᠡᠭᠰᠢᠯᠡᠭᠦᠯᠦᠨ᠎ᠡ᠃ | 3. ᠲᠦᠢᠯ ᠤᠨ ᠣᠨᠣᠪᠴᠢᠲᠠᠢ ᠪᠠᠷ ᠨᠡᠮᠡᠭᠦᠷᠢ ᠥᠭᠬᠦ ᠪᠠ ᠤᠰᠤ ᠠᠷᠪᠢᠯᠠᠬᠤ ᠱᠠᠩᠨᠠᠯ ᠤᠨ ᠪᠡᠯᠡ ᠮᠥᠩᠭᠦ ᠶᠢ | ᠣᠯᠠᠨ ᠠᠷᠭ᠎ᠠ ᠵᠠᠮ ᠢᠶᠠᠷ ᠴᠤᠭᠯᠠᠭᠤᠯᠤᠨ᠎ᠠ᠃ ᠤᠯᠤᠰ ᠤᠨ ᠡᠯ᠎ᠡ ᠵᠦᠢᠯ ᠤᠨ ᠪᠡᠯᠡ ᠮᠥᠩᠭᠦᠨ ᠤ ᠲᠠᠯ᠎ᠠ ᠪᠠᠷ ᠬᠢ | ᠲᠦᠷᠦ ᠶᠢᠨ ᠪᠤᠳᠤᠯᠭ᠎ᠠ ᠶᠢ ᠤᠯᠬᠤ ᠪᠠᠷ ᠢᠳᠡᠪᠬᠢᠲᠡᠶ ᠴᠢᠷᠮᠠᠶᠢᠬᠤ ᠶᠢᠨ ᠬᠠᠮᠲᠤ᠂ ᠡᠯ᠎ᠡ ᠭᠠᠵᠠᠷ ᠣᠷᠣᠨ ᠨᠢ ᠡᠯ᠎ᠡ | ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠲᠠᠷᠢᠶᠠᠯᠠᠩ ᠤᠨ ᠤᠰᠤᠯᠠᠵᠦ ᠤᠰᠤ ᠵᠠᠯᠠᠬᠤ ᠢᠨᠵᠧᠨᠧᠷᠢᠩ ᠤᠨ | ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠡᠯᠡᠳᠬᠡᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠥᠬᠦᠪᠥᠷᠢ ᠪᠡᠯᠡ ᠮᠥᠩᠭᠦ᠂ ᠲᠠᠷᠢᠶᠠᠯᠠᠩ ᠳᠤ | ᠬᠤᠯᠪᠣᠭᠳᠠᠬᠤ ᠱᠠᠩᠨᠠᠯ ᠨᠥᠬᠦᠪᠥᠷᠢ ᠶᠢᠨ ᠪᠡᠯᠡ ᠮᠥᠩᠭᠦ᠂ ᠤᠰᠤᠨ ᠤ ᠡᠬᠢ ᠰᠤᠷᠪᠤᠯᠵᠢ ᠶᠢᠨ ᠵᠠᠷᠤᠳᠠᠯ ᠵᠡᠷᠭᠡ ᠶᠢ | ᠲᠦᠢᠯ ᠤᠨ ᠣᠨᠣᠪᠴᠢᠲᠠᠢ ᠪᠠᠷ ᠨᠡᠮᠡᠭᠦᠷᠢ ᠥᠭᠬᠦ ᠪᠠ ᠤᠰᠤ ᠠᠷᠪᠢᠯᠠᠬᠤ ᠱᠠᠩᠨᠠᠯ ᠤᠨ ᠪᠡᠯᠡ ᠮᠥᠩᠭᠦ ᠶᠢᠨ ᠢᠷᠡᠯᠳᠡ | ᠪᠣᠯᠭᠠᠨ᠎ᠠ᠃ | ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠤᠷᠢᠳᠠᠪᠠᠷ ᠲᠤᠷᠰᠢᠯᠲᠠ ᠬᠢᠵᠦ᠂ ᠴᠢᠬ ᠢᠶᠠᠷ ᠪᠦᠬᠦ ᠲᠠᠯ᠎ᠠ ᠶᠢ ᠳᠠᠶᠢᠴᠢᠯᠠᠨ᠂ ᠪᠦᠬᠦ ᠲᠠᠯ᠎ᠠ ᠪᠠᠷ | ᠠᠬᠢᠭᠤᠯᠤᠨ᠎ᠠ ︵2016-2020 ᠣᠨ︶᠃ | ᠡᠯ᠎ᠡ ᠠᠶᠢᠮᠠᠭ ᠬᠤᠳᠠ ᠨᠢ ᠲᠤᠰ ᠲᠥᠰᠦᠯ ᠢ ᠳᠠᠷᠤᠮᠠᠯᠯᠠᠨ ᠲᠠᠷᠬᠠᠭᠠᠭᠰᠠᠨ ᠤ ᠲᠠᠷᠠᠭ᠎ᠠ 3 ᠰᠠᠷ᠎ᠠ ᠶᠢᠨ | ᠳᠣᠲᠣᠷ᠎ᠠ ᠲᠤᠰ ᠭᠠᠵᠠᠷ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠥᠭᠡᠷᠡᠴᠢᠯᠡᠯᠲᠡ ᠶᠢᠨ ᠴᠠᠭ ᠤᠨ | ᠬᠦᠰᠦᠨᠦᠭᠲᠦ ᠪᠣᠯᠣᠨ ᠬᠡᠷᠡᠭᠵᠢᠭᠦᠯᠬᠦ ᠲᠥᠯᠥᠪᠯᠡᠭᠡ ᠶᠢ ᠲᠣᠲᠣᠷᠬᠠᠶᠢᠯᠠᠨ᠂ ᠣᠨ ᠤ ᠥᠭᠡᠷᠡᠴᠢᠯᠡᠯᠲᠡ ᠶᠢᠨ ᠬᠠᠷᠠᠯᠲᠠᠲᠤ | ᠡᠭᠦᠷᠭᠡ ᠶᠢ ᠨᠠᠷᠢᠯᠢᠬᠵᠢᠭᠤᠯᠤᠨ᠎ᠠ᠃ ᠲᠥᠰᠦᠯ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ ᠤ ᠲᠠᠷᠠᠭ᠎ᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ︵ᠳᠣᠷᠣᠭᠰᠢ ︽ᠥᠪᠡᠷᠲᠡᠭᠡᠨ ᠵᠠᠰᠠᠬᠤ ᠣᠷᠣᠨ ᠤ ᠳᠥᠷᠪᠡᠨ ᠰᠠᠯᠠᠭ᠎ᠠ ᠮᠥᠴᠢᠷ︾ ᠭᠡᠵᠦ | ᠲᠣᠪᠴᠢᠯᠠᠨ᠎ᠠ︶ ᠮᠡᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ | ᠠᠵᠢᠯ ᠢ ᠰᠠᠶᠢᠲᠤᠷ ᠬᠢᠵᠦ᠂ ᠡᠯ᠎ᠡ ᠣᠨ ᠤ ᠬᠡᠷᠡᠭᠵᠢᠭᠦᠯᠬᠦ ᠲᠥᠯᠥᠪᠯᠡᠭᠡ ᠶᠢ ᠲᠦᠷᠦᠭᠦᠦ ᠵᠢᠯ ᠤᠨ 10 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠳᠥᠷᠪᠡᠨ ᠰᠠᠯᠠᠭ᠎ᠠ ᠮᠥᠴᠢᠷ ᠲᠤ ᠮᠡᠳᠡᠭᠦᠯᠦᠨ | ᠬᠦᠷᠭᠡᠵᠦ᠂ ᠵᠢᠯ ᠪᠦᠷᠢ ᠶᠢᠨ 6 ᠳ᠋ᠤᠭᠠᠷ ᠰᠠᠷ᠎ᠠ ᠶᠢᠨ ᠳᠤᠮᠳᠠᠴᠢ ᠪᠠ 11 ᠳ᠋ᠤᠭᠡᠷ ᠰᠠᠷ᠎ᠠ ᠶᠢᠨ ᠳᠤᠮᠳᠠᠴᠢ ᠪᠠᠷ ᠳᠡᠭᠡᠷ᠎ᠡ | ᠬᠠᠭᠠᠰ ᠵᠢᠯ ᠤᠨ ᠪᠠ ᠪᠦᠬᠦ ᠵᠢᠯ ᠤᠨ ᠥᠭᠡᠷᠡᠴᠢᠯᠡᠯᠲᠡ ᠶᠢᠨ ᠠᠵᠢᠯ ᠢ ᠦᠷᠨᠢᠭᠦᠯᠦᠭᠰᠡᠨ ᠪᠠᠶᠢᠳᠠᠯ ᠢᠶᠠᠨ ᠥᠪᠡᠷᠲᠡᠭᠡᠨ | ᠵᠠᠰᠠᠬᠤ ᠣᠷᠣᠨ ᠤ ᠳᠥᠷᠪᠡᠨ ᠰᠠᠯᠠᠭ᠎ᠠ ᠮᠥᠴᠢᠷ ᠲᠤ ᠮᠡᠳᠡᠭᠦᠯᠦᠨ᠎ᠡ᠃ | ᠡᠯ᠎ᠡ ᠠᠶᠢᠮᠠᠭ ᠬᠤᠳᠠ ᠨᠢ 1 ᠠᠴᠠ 2 ᠬᠤᠰᠢᠭᠤ ᠰᠢᠶᠠᠨ ︵ᠬᠤᠳᠠ᠂ ᠲᠣᠭᠤᠷᠢᠭ︶ ᠢ | ᠥᠭᠡᠷᠡᠴᠢᠯᠡᠯᠲᠡ ᠶᠢᠨ ᠲᠤᠷᠰᠢᠯᠲᠠ ᠬᠢᠬᠦ ᠠᠵᠢᠯ ᠦᠷᠨᠢᠭᠦᠯᠬᠦ ᠪᠠᠷ ᠲᠣᠭᠲᠠᠭᠠᠵᠤ᠂ ᠣᠷᠣᠨ ᠪᠦᠰᠡ ᠶᠢᠨ | ᠲᠠᠷᠢᠶᠠᠯᠠᠩ ᠤᠨ ᠪᠦᠲᠦᠮᠵᠢᠲᠡᠶ ᠤᠰᠤᠯᠠᠯᠲᠠ ᠶᠢᠨ ᠲᠠᠯᠠᠪᠠᠢ ᠨᠢ 300 ᠮᠢᠩᠭᠠᠨ ᠾᠧᠺᠲ᠋ᠠᠷ ᠢ ᠳᠠᠪᠠᠭᠰᠠᠨ ᠠᠶᠢᠮᠠᠭ | ᠬᠤᠳᠠ ᠶᠢᠨ ᠲᠤᠷᠰᠢᠯᠲᠠ ᠬᠢᠬᠦ ᠭᠠᠵᠠᠷ ᠣᠷᠣᠨ ᠢ 2 ᠠᠴᠠ ᠲᠣᠲᠠᠭᠤ ᠪᠠᠶᠢᠯᠭᠠᠵᠤ ᠪᠣᠯᠬᠤ ᠦᠭᠡᠢ᠃ | ᠣᠷᠣᠭᠤᠯᠤᠯᠲᠠ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠵᠢᠴᠢ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ | ᠲᠦᠢᠯ ᠤᠨ ᠣᠨᠣᠪᠴᠢᠲᠠᠢ ᠪᠠᠷ ᠨᠡᠮᠡᠭᠦᠷᠢ ᠥᠭᠬᠦ ᠲᠣᠭᠲᠠᠴᠠ ᠪᠣᠯᠣᠨ ᠤᠰᠤ ᠠᠷᠪᠢᠯᠠᠬᠤ ᠶᠢᠨ ᠱᠠᠩᠨᠠᠯ ᠤᠨ | ᠲᠣᠭᠲᠠᠴᠠ ᠶᠢ ᠪᠠᠶᠢᠭᠤᠯᠤᠨ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠲᠤᠷᠰᠢᠯᠲᠠ ᠶᠢᠨ ᠬᠤᠰᠢᠭᠤ ᠰᠢᠶᠠᠨ ︵ᠬᠤᠳᠠ᠂ ᠲᠣᠭᠤᠷᠢᠭ︶ ᠨᠢ | 2020 ᠣᠨ ᠤ ᠰᠡᠭᠦᠯᠴᠢ ᠪᠣᠯᠲᠠᠯ᠎ᠠ ᠥᠭᠡᠷᠡᠴᠢᠯᠡᠯᠲᠡ ᠶᠢᠨ ᠬᠠᠷᠠᠯᠲᠠ ᠶᠢ ᠦᠨᠳᠦᠰᠦᠨ ᠳᠡᠭᠡᠨ ᠤᠷᠢᠳᠴᠢᠯᠠᠨ | ᠪᠡᠶᠡᠯᠡᠭᠦᠯᠬᠦ ᠶᠢᠨ ᠬᠠᠮᠲᠤ᠂ ᠲᠤᠬᠠᠶ ᠶᠢᠨ ᠭᠠᠵᠠᠷ ᠤᠨ ᠪᠣᠳᠠᠲᠠᠶ ᠳᠤ ᠳᠣᠭᠢᠷᠠᠬᠤ ᠵᠢᠷᠤᠮᠯᠠᠨ ᠳᠠᠭᠠᠵᠦ ᠪᠣᠯᠬᠤᠶᠢᠴᠠ᠂ | ᠳᠡᠯᠭᠡᠷᠡᠭᠦᠯᠵᠦ ᠪᠣᠯᠬᠤᠶᠢᠴᠠ ᠲᠤᠷᠰᠢᠯᠭ᠎ᠠ ᠪᠠ ᠠᠷᠭ᠎ᠠ ᠶᠢ ᠳ᠋ᠦᠡᠭᠨᠡᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠬᠡᠷᠡᠭᠵᠢᠭᠦᠯᠬᠦ ᠳᠤ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠦᠨ᠎ᠡ᠃ | ︵ᠬᠤᠶᠠᠷ︶ ᠤᠰᠤᠯᠠᠵᠦ ᠤᠰᠤ ᠵᠠᠯᠠᠬᠤ ᠢᠨᠵᠧᠨᠧᠷᠢᠩ ᠪᠣᠯᠣᠨ ᠤᠰᠤ ᠬᠠᠩᠭᠠᠬᠤ ᠬᠡᠮᠵᠢᠯᠲᠡ ᠶᠢᠨ | ᠪᠡᠯᠡᠳᠬᠡᠮᠵᠢ ᠶᠢ ᠬᠦᠴᠦᠯᠡᠨ ᠢᠵᠢ ᠪᠦᠷᠢᠯᠳᠦᠵᠦ ᠲᠡᠭᠦᠯᠳᠡᠷᠵᠢᠭᠦᠯᠦᠨ᠎ᠡ ︵2016 — 2025 ᠣᠨ︶᠃ | ᠢᠵᠢ ᠪᠦᠷᠢᠳᠦᠭᠦᠯᠵᠦ ᠲᠡᠭᠦᠯᠳᠡᠷᠵᠢᠭᠦᠯᠦᠭᠰᠡᠨ ᠲᠠᠷᠢᠶᠠᠨ ᠭᠠᠵᠠᠷ ᠤᠨ ᠤᠰᠤᠯᠠᠵᠤ ᠤᠰᠤ ᠵᠠᠯᠠᠬᠤ | ᠢᠨᠵᠧᠨᠧᠷᠡᠩ ᠤᠨ ᠰᠢᠰᠲ᠋ᠧᠮᠵᠢ ᠵᠢᠴᠢ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ ᠪᠦᠲᠦᠭᠡᠨ ᠪᠠᠶᠢᠭᠤᠯᠬᠤ | ᠪᠤᠯ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠬᠦ ᠶᠢᠨ | ᠰᠠᠭᠤᠷᠢ ᠪᠤᠯᠬᠤᠷ᠂ ᠡᠯ᠎ᠡ ᠭᠠᠵᠠᠷ ᠣᠷᠣᠨ ᠡᠷᠬᠡᠪᠰᠢ ᠦᠨᠡᠨᠬᠦ ᠴᠢᠩᠭ᠎ᠠ ᠪᠦᠭᠡᠳ ᠰᠠᠶᠢᠲᠤᠷ ᠠᠳᠬᠤᠬᠤ ᠬᠡᠷᠡᠭᠲᠡᠢ᠃ | ᠪᠦᠬᠦ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠤᠳᠤ ᠶᠢᠨ | ᠪᠠᠶᠢᠭ᠎ᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ | ᠭᠦᠢᠴᠡᠳ ᠠᠰᠢᠭᠯᠠᠵᠤ᠂ ᠡᠯ᠎ᠡ ᠵᠦᠢᠯ ᠤᠨ ᠮᠠᠯ ᠲᠠᠷᠢᠶᠠᠯᠠᠩ ᠳᠤ ᠬᠤᠯᠪᠣᠭᠳᠠᠬᠤ᠂ ᠤᠰᠤᠨ ᠳᠤ ᠬᠤᠯᠪᠣᠭᠳᠠᠬᠤ ᠪᠡᠯᠡ | ᠮᠥᠩᠭᠦ ᠶᠢ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠢᠵᠢ | ᠪᠦᠷᠢᠳᠦᠭᠦᠯᠵᠦ ᠥᠭᠡᠷᠡᠴᠢᠯᠡᠨ ᠰᠠᠶᠢᠵᠢᠷᠠᠭᠤᠯᠬᠤ ᠶᠢ ᠲᠥᠷᠭᠡᠳᠬᠡᠨ᠂ ᠤᠰᠤᠯᠠᠵᠦ ᠤᠰᠤ ᠵᠠᠯᠠᠬᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠢᠵᠢ ᠪᠦᠷᠢᠳᠦᠭᠦᠯᠦᠭᠰᠡᠨ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ ᠪᠦᠲᠦᠭᠡᠨ | ᠪᠠᠶᠢᠭᠤᠯᠵᠤ᠂ ᠬᠡᠮᠵᠢᠯᠲᠡ ᠪᠠᠷ ᠰᠦᠢᠳᠬᠡᠯ ᠬᠤᠷᠢᠶᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ︵ᠭᠤᠷᠪᠠ︶ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠠᠬᠢᠭᠤᠯᠤᠨ᠎ᠠ ︵2020 — 2025 ᠣᠨ︶᠃ | ᠡᠯ᠎ᠡ ᠠᠶᠢᠮᠠᠭ ᠬᠤᠳᠠ ᠨᠢ ᠲᠤᠰ ᠲᠥᠰᠦᠯ ᠢ ᠦᠨᠳᠦᠰᠦᠯᠡᠨ᠂ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠪᠦᠬᠦ | ᠲᠠᠯ᠎ᠠ ᠪᠠᠷ ᠠᠬᠢᠭᠤᠯᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠠᠷᠢᠶᠠᠯᠠᠩ ᠤᠨ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶ ᠥᠷᠨᠢᠭᠦᠯᠵᠦ᠂ ᠬᠡᠮᠵᠢᠯᠲᠡ ᠶᠢᠨ ᠪᠡᠯᠡᠳᠬᠡᠮᠵᠢ ᠶᠢᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠪᠦᠷᠢᠯᠳᠦᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯᠲᠠᠨ ᠤ ᠵᠠᠷᠤᠳᠠᠯ᠂ | ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠵᠢᠴᠢ ᠡᠳ᠋ ᠤᠨ | ᠵᠠᠰᠠᠭ ᠤᠨ ᠨᠡᠮᠡᠭᠦᠷᠢ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠲᠠᠷᠢᠶᠠᠯᠠᠩ ᠳᠤ ᠬᠡᠷᠡᠭᠯᠡᠬᠦ | ᠤᠰᠤ ᠶᠢ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠲᠣᠷᠬᠠᠶᠢᠯᠠᠨ᠂ ᠭᠠᠵᠠᠷ ᠰᠢᠷᠣᠶ ᠶᠢ ᠵᠣᠬᠢᠬᠤ | ᠬᠡᠮᠵᠢᠶ᠎ᠡ ᠪᠠᠷ ᠲᠥᠪᠯᠡᠷᠡᠭᠦᠯᠦᠨ ᠡᠵᠡᠩᠨᠡᠬᠦ ᠶᠢ ᠠᠬᠢᠭᠤᠯᠬᠤ ᠪᠠ ᠬᠥᠲᠥᠯᠥᠨ ᠵᠢᠯᠣᠭᠤᠳᠴᠤ᠂ ᠲᠠᠷᠢᠶᠠᠯᠠᠩ ᠤᠨ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠶᠡᠷᠦᠩᠬᠡᠶ ᠬᠠᠷᠠᠯᠲᠠ ᠶᠢ ᠴᠢᠷᠮᠠᠶᠢᠨ | ᠪᠡᠶᠡᠯᠡᠭᠦᠯᠦᠨ᠎ᠡ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠠᠶᠢᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠪᠠᠷ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶ | ᠨᠢ ᠴᠦᠮ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠤᠰᠤᠨ | ᠠᠰᠢᠭᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ ᠵᠡᠷᠭᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠬᠦᠨ ᠪᠣᠯᠭᠠᠭᠰᠠᠨ ᠲᠠᠷᠢᠶᠠᠯᠠᠩ ᠤᠨ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠤᠨ᠂ ᠥᠭᠡᠷᠡᠴᠢᠯᠡᠯᠲᠡ ᠶᠢᠨ ᠶᠠᠪᠤᠴᠠ ᠳᠤ ᠲᠣᠬᠢᠶᠠᠯᠳᠤᠭᠰᠠᠨ ᠬᠦᠴᠢᠷᠳᠡᠯ ᠪᠣᠯᠣᠨ ᠠᠰᠠᠭᠤᠳᠠᠯ ᠢ ᠴᠠᠭ | ᠲᠣᠬᠠᠢ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ ᠠᠶᠢᠮᠠᠭ ᠬᠤᠲᠠ ᠶᠢᠨ ᠤᠳᠤᠷᠢᠳᠬᠤ ᠳᠤᠭᠤᠶᠢᠯᠠᠩ ᠨᠢ ᠬᠤᠰᠢᠭᠤ | ᠰᠢᠶᠠᠨ ︵ᠬᠤᠳᠠ᠂ ᠲᠣᠭᠤᠷᠢᠭ︶ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠠᠵᠢᠯ ᠢ ᠢᠳᠡᠪᠬᠢᠲᠡᠢ | ᠦᠷᠨᠢᠭᠦᠯᠦᠨ᠂ ᠠᠵᠢᠯ ᠤᠨ ᠠᠬᠢᠴᠠ ᠶᠢᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠳᠥᠷᠪᠡᠨ ᠰᠠᠯᠠᠭ᠎ᠠ | ᠮᠥᠴᠢᠷ ᠲᠤ ᠴᠠᠭ ᠲᠤᠬᠠᠶ ᠳᠤᠨᠢ ᠮᠡᠳᠡᠭᠦᠯᠦᠨ ᠬᠦᠷᠭᠡᠨ᠎ᠡ᠃ | ︵ᠬᠤᠶᠠᠷ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠤᠲᠤᠷᠬᠠᠶᠢᠯᠠᠨ᠎ᠠ᠃ | ᠡᠯ᠎ᠡ ᠱᠠᠲᠤᠨ ᠤ ᠤᠰᠤᠨ ᠠᠰᠢᠭᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ | ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ᠂ ᠠᠵᠢᠯ ᠬᠤᠪᠢᠶᠠᠨ ᠬᠠᠮᠵᠢᠯᠴᠠᠵᠤ᠂ ᠬᠠᠷᠢᠯᠴᠠᠨ ᠲᠣᠬᠢᠷᠠᠯᠴᠠᠵᠤ᠂ ᠨᠠᠷᠢᠨ ᠨᠢᠮᠪᠠᠶ ᠵᠣᠬᠢᠶᠠᠨ | ᠪᠠᠶᠢᠭᠤᠯᠤᠨ᠂ ᠵᠢᠯᠤᠭᠤᠳᠤᠯᠭ᠎ᠠ ᠪᠠᠨ ᠴᠢᠩᠭᠠᠳᠬᠠᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠠᠮᠲᠤᠪᠡᠷ ᠠᠬᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠢ ᠵᠣᠬᠢᠶᠠᠨ | ᠪᠠᠶᠢᠭᠤᠯᠵᠤ ᠪᠠᠶᠢᠭᠠᠳ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠡᠮᠦᠨᠡᠬᠢ ᠬᠤᠭᠤᠴᠠᠭᠠᠨ ᠤ ᠪᠡᠯᠡᠳᠬᠡᠯ᠂ ᠲᠥᠰᠦᠯ ᠨᠠᠶᠢᠷᠠᠭᠤᠯᠤᠨ ᠵᠣᠬᠢᠶᠠᠬᠤ᠂ ᠬᠢᠨᠠᠨ ᠪᠠᠶᠢᠴᠠᠭᠠᠵᠤ ᠮᠡᠳᠡᠭᠦᠯᠦᠨ | ᠵᠥᠪᠰᠢᠶᠡᠷᠡᠭᠦᠯᠬᠦ᠂ ᠬᠡᠷᠡᠭᠵᠢᠭᠦᠯᠦᠨ ᠪᠠᠶᠢᠴᠠᠭᠠᠬᠤ᠂ ᠰᠢᠯᠭᠠᠨ ᠬᠢᠨᠠᠵᠤ ᠰᠢᠯᠭᠠᠨ ᠬᠤᠷᠢᠶᠠᠵᠦ ᠠᠪᠬᠤ ᠵᠡᠷᠭᠡ ᠠᠵᠢᠯ ᠢ | ᠰᠠᠶᠢᠲᠤᠷ ᠬᠢᠨ᠎ᠡ᠃ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠤᠰᠤ ᠠᠷᠪᠢᠯᠠᠬᠤ ᠪᠠᠷ | ᠭᠤᠣᠯᠳᠠᠯᠭ᠎ᠠ ᠪᠣᠯᠭᠠᠭᠰᠠᠨ ᠲᠠᠷᠢᠶᠠᠨ ᠭᠠᠵᠠᠷ ᠤᠨ ᠤᠰᠤᠯᠠᠵᠦ ᠤᠰᠤ ᠵᠠᠯᠠᠬᠤ ᠢᠨᠵᠧᠨᠧᠷᠢᠩ ᠤᠨ ᠰᠢᠰᠲ᠋ᠧᠮᠵᠢ ᠵᠢᠴᠢ | ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠭᠠᠵᠠᠷ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠪᠣᠯᠣᠨ ᠭᠦᠢᠴᠡᠳᠬᠡᠯ | ᠲᠤᠭ᠎ᠠ ᠶᠢᠨ ᠬᠤᠪᠢᠶᠠᠷᠯᠠᠬᠤ ᠶᠢ ᠲᠣᠭᠲᠠᠭᠠᠨ᠂ ᠤᠰᠤᠯᠠᠯᠲᠠ ᠶᠢᠨ ᠣᠷᠣᠨ ᠤ ᠤᠰᠤ ᠲᠠᠲᠠᠬᠤ ᠵᠥᠪᠰᠢᠶᠡᠷᠡᠯ ᠤᠨ | ᠦᠨᠡᠮᠯᠡᠯ ᠢ ᠬᠠᠷᠭᠤᠭᠤᠯᠤᠨ ᠣᠯᠭᠤᠵᠤ᠂ ᠤᠰᠤ ᠬᠡᠷᠡᠭᠯᠡᠬᠦ ᠡᠷᠦᠭᠡ ᠶᠢᠨ ᠤᠰᠤᠨ ᠤ ᠡᠷᠬᠡ ᠶᠢ ᠢᠯᠡᠷᠬᠡᠢ ᠪᠣᠯᠭᠠᠨ᠂ | ᠤᠰᠤᠨ ᠤ ᠡᠷᠬᠡ ᠶᠢᠨ ᠠᠷᠠᠯᠵᠢᠶᠠᠨ ᠤ ᠳᠦᠷᠢᠮ ᠢ ᠪᠠᠶᠢᠭᠤᠯᠵᠤ᠂ ᠤᠰᠤᠨ ᠤ ᠰᠦᠢᠳᠬᠡᠯ ᠲᠠᠲᠠᠪᠤᠷᠢᠯᠠᠬᠤ ᠪᠠ | ᠬᠡᠷᠡᠭᠯᠡᠬᠦ ᠶᠢ ᠨᠢ ᠰᠠᠶᠢᠲᠤᠷ ᠬᠢᠨᠠᠨ ᠬᠠᠮᠢᠶᠠᠷᠴᠤ᠂ ᠲᠠᠷᠢᠶᠠᠯᠠᠩ ᠤᠨ ᠤᠰᠤ ᠬᠡᠷᠡᠭᠯᠡᠬᠦ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠨ᠂ ᠤᠰᠤᠯᠠᠯᠲᠠ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠬᠠᠮᠲᠤ᠂ ᠤᠰᠤ ᠬᠠᠩᠭᠠᠬᠤ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠵᠢᠴᠢ ᠡᠵᠡᠮᠳᠡᠬᠦ ᠶᠢ ᠴᠢᠩᠭᠠᠳᠬᠠᠨ᠎ᠠ︔ | ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠤᠰᠤᠨ ᠤ ᠦᠨ᠎ᠡ ᠬᠠᠩᠰᠢ ᠶᠢᠨ | ᠪᠦᠷᠢᠯᠳᠦᠭᠦᠯᠬᠦ ᠲᠣᠭᠲᠠᠴᠠ ᠪᠠᠶᠢᠭᠤᠯᠬᠤ ᠶᠢ ᠵᠢᠯᠣᠭᠤᠳᠤᠨ ᠵᠣᠬᠢᠴᠠᠭᠤᠯᠵᠤ᠂ ᠲᠤᠰ ᠱᠠᠲᠤᠨ ᠤ ᠬᠠᠮᠢᠶᠠᠷᠴᠤ ᠪᠠᠶᠢᠭ᠎ᠠ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠥᠪᠡᠷ ᠤᠨ ᠦᠷᠳᠡᠭ ᠢ ᠵᠢᠱᠢᠨ ᠪᠣᠳᠣᠬᠤ᠂ ᠬᠢᠨᠠᠵᠤ | ᠪᠠᠶᠢᠴᠠᠭᠠᠬᠤ᠂ ᠬᠠᠷᠭᠤᠭᠤᠯᠤᠨ ᠲᠣᠭᠲᠠᠭᠠᠬᠤ ᠵᠡᠷᠭᠡ ᠠᠵᠢᠯ ᠢ ᠰᠠᠶᠢᠲᠤᠷ ᠬᠢᠨ᠎ᠡ︔ ᠡᠯ᠎ᠡ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠮᠠᠯ ᠲᠠᠷᠢᠶᠠᠯᠠᠩ ᠳᠤ ᠬᠤᠯᠪᠣᠭᠳᠠᠬᠤ᠂ ᠤᠰᠤᠨ ᠳᠤ ᠬᠤᠯᠪᠣᠭᠳᠠᠬᠤ ᠲᠥᠷᠥᠯ | ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠤᠰᠤᠯᠠᠵᠦ ᠤᠰᠤ ᠵᠠᠯᠠᠬᠤ ᠢᠨᠵᠧᠨᠧᠷᠢᠩ ᠤᠨ ᠪᠥᠳᠥᠭᠡᠨ | ᠪᠠᠶᠢᠭᠤᠯᠤᠯᠲᠠ ᠵᠢᠴᠢ ᠢᠵᠢ ᠪᠦᠷᠢᠳᠦᠭᠦᠯᠬᠦ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢᠨ ᠪᠡᠯᠡ ᠮᠥᠩᠭᠦ ᠶᠢ | ᠬᠡᠷᠡᠭᠯᠡᠬᠦ ᠲᠥᠯᠥᠪᠯᠡᠭᠡ ᠳᠤ ᠪᠣᠳᠠᠲᠠᠶ ᠰᠠᠨᠠᠯ ᠳᠤᠷᠠᠳᠤᠨ᠂ ᠲᠦᠢᠯ ᠤᠨ ᠣᠨᠣᠴᠢᠲᠠᠶ ᠪᠠᠷ ᠨᠡᠮᠡᠭᠦᠷᠢ ᠥᠭᠬᠦ ᠪᠠ ᠤᠰᠤ | ᠠᠷᠪᠢᠯᠠᠬᠤ ᠱᠠᠩᠨᠠᠯ ᠤᠨ ᠪᠡᠯᠡ ᠮᠥᠩᠭᠦ ᠶᠢᠨ ᠢᠷᠡᠯᠳᠡ ᠶᠢ ᠨᠠᠶᠢᠳᠠᠪᠤᠷᠢᠵᠢᠭᠤᠯᠤᠨ᠎ᠠ︔ ᠡᠯ᠎ᠡ ᠱᠠᠲᠤᠨ ᠤ ᠲᠠᠷᠢᠶᠠᠯᠠᠩ | ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ | ᠠᠵᠢᠯ ᠢ ᠬᠦᠴᠦ ᠲᠠᠯᠪᠢᠨ ᠰᠠᠶᠢᠲᠤᠷ ᠬᠢᠵᠦ᠂ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠮᠡᠷᠭᠡᠵᠢᠯ᠂ | ᠲᠠᠷᠢᠶᠠᠯᠠᠬᠤ ᠮᠡᠷᠭᠡᠵᠢᠯ ᠲᠠᠷᠢᠶᠠᠯᠠᠩ ᠤᠨ ᠮᠠᠰᠢᠨ ᠤ ᠤᠰᠤ ᠠᠷᠪᠢᠯᠠᠬᠤ ᠵᠢᠴᠢ ᠬᠠᠭᠤᠷᠠᠶ ᠲᠠᠷᠢᠶᠠᠯᠠᠭ᠎ᠠ ᠶᠢᠨ | ᠲᠠᠷᠢᠶᠠᠯᠠᠩ ᠤᠨ ᠮᠡᠷᠭᠡᠵᠢᠯ ᠢ ᠢᠳᠡᠪᠬᠢᠲᠡᠢ ᠪᠠᠷ ᠳᠡᠯᠭᠡᠷᠡᠭᠦᠯᠦᠨ᠂ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠤᠨ | ᠤᠬᠠᠭᠤᠯᠤᠯ ᠪᠣᠯᠪᠠᠰᠤᠷᠠᠭᠤᠯᠤᠯ ᠪᠣᠯᠤᠨ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠤᠰᠤ ᠠᠷᠪᠢᠯᠠᠬᠤ | ᠲᠠᠷᠢᠶᠠᠯᠠᠩ ᠤᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠦᠷᠨᠢᠭᠦᠯᠵᠦ᠂ ᠲᠠᠷᠢᠶᠠᠴᠢᠳ ᠤᠨ | ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ᠂ ᠤᠰᠤ ᠶᠢ ᠠᠷᠪᠢᠯᠠᠨ ᠬᠡᠷᠡᠭᠯᠡᠬᠦ ᠦᠵᠡᠯ ᠤᠬᠠᠮᠰᠠᠷ ᠪᠣᠯᠣᠨ | ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠭᠤᠷᠪᠠ︶ ᠤᠬᠠᠭᠤᠯᠤᠯ ᠪᠣᠯᠪᠠᠰᠤᠷᠠᠭᠤᠯᠤᠯ ᠢ ᠰᠠᠶᠢᠲᠤᠷ ᠬᠢᠨ᠎ᠡ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠤᠰᠤᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠨᠢᠭᠡᠴᠡ ᠨᠢ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠥᠷᠥ ᠶᠢᠨ ᠪᠤᠳᠤᠯᠭ᠎ᠠ ᠶᠢᠨ ᠲᠠᠶᠢᠯᠦᠮᠵᠢ ᠶᠢ ᠦᠨᠡᠨᠬᠦ ᠰᠠᠶᠢᠲᠤᠷ ᠬᠢᠵᠦ᠂ ᠥᠷᠭᠡᠨ ᠤᠯᠠᠨ | ᠲᠠᠷᠢᠶᠠᠴᠢᠳ ᠲᠤ ᠥᠭᠡᠷᠡᠴᠢᠯᠡᠯᠲᠡ ᠶᠢᠨ ᠡᠭᠦᠰᠦᠯᠲᠡ᠂ ᠲᠤᠰᠤᠯᠲᠠ ᠪᠣᠯᠣᠨ ᠪᠣᠳᠠᠲᠠᠶ ᠠᠷᠭ᠎ᠠ ᠬᠡᠮᠵᠢᠶ᠎ᠡ ᠶᠢ | ᠭᠦᠢᠴᠡᠳ ᠣᠶᠢᠯᠠᠭᠠᠭᠤᠯᠤᠨ᠎ᠠ︔ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠵᠤ᠂ ᠬᠠᠮᠢᠶ᠎ᠠ ᠪᠦᠬᠦᠢ | ᠠᠵᠢᠯᠲᠠᠳ ᠤᠨ ᠦᠵᠡᠯ ᠰᠠᠨᠠᠭᠠᠨ ᠤ ᠲᠠᠨᠢᠯᠲᠠ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ | ᠳᠡᠭᠡᠭᠰᠢᠯᠡᠭᠦᠯᠦᠨ᠎ᠡ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠲᠣᠣᠷ ᠰᠦᠯᠵᠢᠶ᠎ᠡ ᠵᠡᠷᠭᠡ ᠵᠠᠭᠤᠴᠢᠯᠠᠭᠤᠷ ᠢᠶᠠᠷ | ᠳᠠᠮᠵᠢᠭᠤᠯᠤᠨ ᠨᠡᠶᠢᠭᠡᠮ ᠤᠨ ᠤᠯᠠᠨ ᠨᠡᠶᠢᠲᠡ ᠳᠤ ᠤᠬᠠᠭᠤᠯᠤᠯ ᠤᠨ ᠠᠵᠢᠯ ᠢ ᠥᠷᠨᠢᠭᠦᠯᠵᠦ᠂ ᠶᠠᠷᠢᠶ᠎ᠠ | ᠬᠡᠯᠡᠯᠴᠡᠭᠡᠨ ᠢᠶᠠᠷ ᠬᠦᠲᠦᠯᠦᠨ ᠵᠢᠯᠤᠭᠤᠳᠬᠤ ᠶᠢ ᠴᠢᠩᠭᠠᠳᠬᠠᠨ᠂ ᠤᠰᠤᠨ ᠤ ᠪᠠᠶᠢᠳᠠᠯ ᠤᠨ ᠬᠥᠮᠦᠵᠢᠯ ᠢ | ᠴᠢᠩᠭᠠᠳᠬᠠᠵᠤ᠂ ᠲᠠᠷᠢᠶᠠᠴᠢᠳ ᠢᠯᠠᠩᠭᠤᠶ᠎ᠠ ᠪᠦᠬᠦ ᠨᠡᠶᠢᠭᠡᠮ ᠤᠨ ᠬᠢᠨ ᠤ ᠦᠨ᠎ᠡ ᠲᠥᠯᠥᠪᠦᠷᠢ ᠲᠠᠢ ᠪᠠᠷ ᠤᠰᠤ | ᠬᠡᠷᠡᠭᠯᠡᠬᠦ᠂ ᠤᠰᠤ ᠶᠢ ᠠᠷᠪᠢᠯᠠᠨ ᠬᠡᠷᠡᠭᠯᠡᠬᠦ ᠦᠵᠡᠯ ᠤᠬᠠᠮᠰᠠᠷ ᠪᠣᠯᠣᠨ ᠤᠰᠤ ᠠᠷᠪᠢᠯᠠᠬᠤ ᠤᠬᠠᠮᠰᠠᠷᠲᠤ ᠴᠢᠨᠠᠷ ᠢ | ᠳᠡᠭᠡᠭᠰᠢᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠥᠷᠭᠡᠳᠬᠡᠨ | ᠲᠡᠭᠦᠯᠳᠡᠷᠵᠢᠭᠦᠯᠬᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠠᠰᠢᠭᠲᠠᠢ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠢᠳᠡᠪᠬᠢᠲᠡᠢ ᠪᠠᠷ | ᠪᠣᠢ ᠪᠣᠯᠭᠠᠨ᠎ᠠ᠃ |