ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠬᠦᠳ ᠲᠤᠭᠤᠶᠢᠯᠠᠩ ᠬᠤᠪᠢᠶᠠᠵᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠶᠠᠷᠢᠯᠴᠠᠪᠠ
ᠨᠡᠶᠢᠲᠡᠯᠡᠭᠰᠡᠨ ᠴᠠᠭ᠄
2017/3/7
     3 ᠳ᠋ᠤᠭᠠᠷ ᠰᠠᠷ᠎ᠠ ᠶᠢᠨ 5᠎ ᠤ ᠦᠳᠡ ᠶᠢᠨ ᠬᠤᠶᠢᠨ᠎ᠠ ᠪᠤᠯᠤᠨ 6᠎ ᠤ ᠡᠳᠤᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯ ᠳᠤ ᠤᠷᠤᠯᠴᠠᠵᠤ ᠪᠠᠶᠢᠭ᠎ᠠ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠦᠪᠡᠷ ᠦᠪᠡᠷ ᠎ ᠤᠨ ᠡᠳᠡᠭᠡᠳ ᠢᠯᠭᠠᠯ ᠤᠨ ᠢᠶᠠᠨ ᠳᠤᠭᠤᠶᠢᠯᠠᠩ ᠳᠠᠭᠠᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠶᠠᠷᠢᠯᠴᠠᠪᠠ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠠᠷᠢᠬᠦᠯᠡᠭᠴᠢ ᠷᠧᠨ ᠶᠠ ᠫᠢᠡᠭ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠠᠤᠭᠡ ᠪᠠ ᠰᠤᠷᠤᠯᠴᠠᠯᠭ᠎ᠠ ᠶᠢᠨ ᠵᠦᠪᠯᠡᠯ ᠤᠨ ᠲᠠᠳ᠋ ᠡᠷᠬᠢᠯᠡᠭᠴᠢ ᠴᠧᠨ ᠭᠤᠸᠠᠩ ᠯᠢᠨ᠂ ᠦᠪᠡᠷᠳᠡᠭᠡᠨ ᠵᠠᠰᠠᠬᠤ ᠤᠷᠤᠨ ᠤ ᠲᠠᠳ᠋ ᠲᠡᠷᠢᠬᠦᠯᠡᠭᠴᠢ ᠯᠢᠤ ᠰᠢᠨ ᠯᠧ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠠᠳ᠋ ᠲᠡᠷᠢᠬᠦᠯᠡᠭᠴᠢ ᠴᠧᠨ ᠢᠤᠢ᠂ ᠳ᠋ᠦᠡᠭ ᠾᠸᠡᠭ ᠢᠤᠢ᠂ ᠵᠸᠡᠭ ᠹᠦ᠋ ᠲᠢᠶᠠᠨ᠂ ᠨᠢᠤ ᠭᠤᠸᠠᠩ ᠮᠢᠩ ᠶᠠᠷᠢᠯᠴᠠᠬᠤ ᠳᠤ ᠤᠷᠤᠯᠴᠠᠵᠠᠢ᠃      ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠶᠠᠷᠢᠯᠴᠠᠬᠤ ᠬᠤᠷᠠᠯ ᠤᠨ ᠳᠤᠬᠠᠢ ᠶᠢᠨ ᠲᠠᠯᠠᠪᠠᠢ ᠳᠤ᠂ ᠭᠡᠰᠢᠬᠦᠳ ᠦᠪᠡᠷ ᠦᠪᠡᠷ ᠤᠨ ᠢᠶᠠᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠳᠠᠢ ᠶᠠᠷᠢᠵᠠᠭᠠᠪᠠ᠃ ᠭᠡᠰᠢᠬᠦᠳ ᠦᠵᠡᠭᠰᠡᠨ ᠨᠢ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠨᠢ ᠠᠮᠵᠢᠯᠳᠠ ᠪᠠ ᠲᠤᠭ᠎ᠠ ᠪᠠᠷ ᠠᠵᠢᠯ ᠎ ᠢᠶᠠᠨ ᠳ᠋ᠦᠡᠭᠨᠡᠵᠤ᠂ ᠠᠰᠠᠭᠤᠳᠠᠯ ᠢ ᠵᠠᠳᠠᠯᠬᠤ ᠳᠠᠭᠠᠨ ᠵᠠᠩᠬᠢᠯᠠᠭ᠎ᠠ ᠪᠠ ᠪᠠᠭᠤᠷᠠᠢ ᠭᠤᠭᠴᠤᠭ᠎ᠠ ᠶᠢ ᠠᠳᠬᠤᠨ᠂ ᠠᠵᠢᠯ ᠎ ᠢᠶᠠᠨ ᠪᠠᠶᠢᠷᠢᠯᠠᠭᠤᠯᠬᠤ ᠳᠠᠭᠠᠨ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠡᠢ᠃ ᠡᠨᠡ ᠨᠢ ᠶᠠᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠠ ᠤᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠠ ᠶᠢᠨ ᠦᠵᠡᠯ ᠰᠠᠨᠠᠭ᠎ᠠ ᠵᠢᠴᠢ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ᠂ ᠦᠭᠡᠷᠡᠴᠢᠯᠡᠯᠳᠠ ᠬᠢᠵᠤ ᠰᠢᠨ᠎ᠠ ᠶᠢ ᠡᠬᠦᠳᠬᠦ ᠵᠤᠷᠢᠭ ᠰᠠᠨᠠᠭ᠎ᠠ ᠶᠢ ᠬᠦᠢᠴᠡᠳ ᠢᠯᠡᠷᠡᠬᠦᠯᠵᠤ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠭᠰᠠᠨ᠂ ᠬᠥᠮᠥᠰ ᠤᠨ ᠰᠡᠳᠬᠢᠯ ᠢ ᠤᠷᠮᠠᠰᠢᠭᠤᠯᠤᠨ ᠡᠷᠴᠢ ᠵᠤᠷᠢᠭ ᠢ ᠬᠦᠪᠴᠢᠯᠡᠭᠰᠡᠨ ᠨᠢᠬᠡᠨ ᠰᠠᠶᠢᠨ ᠢᠯᠡᠳᠭᠡᠯ ᠪᠤᠯᠤᠨ᠎ᠠ᠃ ᠢᠯᠠᠩᠭᠤᠶ᠎ᠠ ᠢᠯᠡᠳᠭᠡᠯ ᠳᠤ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠯᠭᠡᠯᠡᠬᠦ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠤᠨ᠎ᠠ︾ ᠭᠡᠵᠤ ᠲᠤᠷᠠᠳᠤᠭᠰᠠᠨ ᠨᠢ ᠭᠡᠰᠢᠬᠦᠳ ᠤᠨ ᠰᠡᠳᠬᠢᠯ ᠢ ᠪᠠᠶᠠᠰᠬᠠᠨ ᠤᠷᠮ᠎ᠠ ᠶᠢ ᠬᠦᠭᠵᠢᠭᠡᠭᠰᠡᠨ ᠪᠠᠶᠢᠨ᠎ᠠ ᠬᠡᠪᠡ᠃ ᠤᠯᠠᠨ ᠢᠶᠠᠷ ᠢᠶᠠᠨ᠂ ᠭᠡᠰᠢᠬᠦᠨ ᠤ ᠤᠬᠠᠮᠰᠠᠷ ᠢᠶᠠᠨ ᠴᠢᠨᠠᠭᠰᠢᠳᠠ ᠲᠡᠭᠡᠭᠰᠢᠯᠡᠬᠦᠯᠵᠤ᠂ ᠭᠡᠰᠢᠬᠦᠨ ᠤ ᠬᠠᠷᠢᠭᠤᠴᠠᠯᠭ᠎ᠠ ᠪᠠᠨ ᠵᠤᠷᠢᠬᠳᠠᠢ ᠡᠬᠦᠷᠭᠡᠯᠡᠨ᠂ ᠲᠤᠰᠢᠶᠠᠯ ᠬᠠᠷᠢᠭᠤᠴᠠᠯᠭ᠎ᠠ ᠪᠠᠨ ᠨᠠᠩ ᠰᠠᠶᠢᠳᠤᠷ ᠬᠦᠢᠴᠡᠳᠭᠡᠵᠤ᠂ ᠦᠪᠤᠷ ᠮᠤᠩᠭᠤᠯ ᠤᠨ ᠦᠷᠨᠢᠩᠬᠦᠢ ᠬᠦᠭᠵᠢᠯᠳᠠ ᠶᠢ ᠠᠬᠢᠭᠤᠯᠬᠤ ᠳᠤ ᠬᠤᠪᠢ ᠨᠠᠮᠠᠷᠢ ᠦᠵᠡᠬᠦᠯᠤᠨ᠎ᠠ ᠭᠡᠵᠤ ᠵᠤᠷᠢᠭ ᠎ ᠢᠶᠠᠨ ᠢᠯᠡᠳᠭᠡᠵᠠᠢ᠃ ᠭᠡᠰᠢᠬᠦᠳ ᠢᠯᠡᠳᠬᠡᠭᠰᠡᠨ ᠨᠢ᠂ ᠡᠨᠡ ᠵᠢᠯ ᠪᠤᠯ ︽13· 5︾᠎ ᠶᠢᠨ ᠲᠦᠯᠦᠪᠵᠢᠬᠦᠯᠭᠡ ᠶᠢ ᠭᠡᠷᠡᠭᠵᠢᠬᠦᠯᠬᠦ ᠴᠢᠬᠤᠯᠠ ᠨᠢᠭᠡ ᠵᠢᠯ ᠪᠤᠯᠬᠤ ᠪᠦᠭᠡᠳ ᠬᠠᠨᠭ᠍ᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠭᠡᠷᠡᠴᠢᠯᠡᠯᠳᠠ ᠶᠢ ᠠᠬᠢᠭᠤᠯᠬᠤ ᠶᠢ ᠬᠦᠨᠵᠡᠭᠡᠶᠢᠷᠠᠬᠦᠯᠬᠦ ᠵᠢᠯ ᠪᠠᠶᠢᠵᠤ᠂ ᠡᠷᠭᠡᠪᠰᠢ ᠵᠠᠰᠠᠭ ᠤᠨ ᠤᠷᠳᠤᠨ ᠤ ᠠᠵᠢᠯ ᠎ ᠤᠨ ᠢᠯᠡᠳᠭᠡᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠤᠶᠢᠯᠠᠭᠠᠵᠤ᠂ ᠢᠯᠡᠳᠭᠡᠯ ᠳᠤ ᠲᠤᠷᠠᠳᠤᠭᠰᠠᠨ ᠠᠵᠢᠯ ᠤᠨ ᠭᠤᠤᠯᠳᠠᠯᠭ᠎ᠠ ᠶᠢᠨ ᠲᠤᠭᠤᠷᠢᠨ ᠳᠤ ᠪᠦᠬᠦ ᠤᠯᠤᠰ ᠤᠨ ᠬᠦᠭᠵᠢᠯᠳᠠ ᠶᠢᠨ ᠶᠡᠭᠡ ᠲᠠᠯ᠎ᠠ ᠳᠤ ᠰᠠᠭᠤᠷᠢᠯᠠᠨ ᠦᠪᠤᠷ ᠮᠤᠩᠭᠤᠯ ᠤᠨ ᠪᠤᠳᠠᠳᠤ ᠪᠠᠶᠢᠳᠠᠯ ᠲᠠᠢ ᠪᠠᠨ ᠨᠢᠬᠳᠠ ᠤᠶᠠᠯᠳᠤᠭᠤᠯᠵᠤ᠂ ᠲᠦᠮᠡᠨ ᠤ ᠰᠠᠨᠠᠯ ᠢ ᠠᠪᠴᠤ ᠤᠯᠠᠨ ᠎ ᠤ ᠤᠬᠠᠭᠠᠨ ᠢ ᠲᠦᠪᠯᠡᠷᠡᠬᠦᠯᠤᠨ᠂ ᠰᠡᠳᠬᠢᠯ ᠢᠶᠠᠨ ᠨᠢᠭᠡᠳᠭᠡᠨ ᠬᠦᠴᠤᠨ ᠢᠶᠠᠨ ᠬᠠᠮᠳᠤᠳᠬᠠᠵᠤ ᠪᠠᠶᠢᠭᠠᠳ ᠦᠪᠤᠷ ᠮᠤᠩᠭᠤᠯ ᠤᠨ ᠠᠵᠤ ᠠᠬᠤᠢ ᠶᠢᠨ ᠡᠷᠡᠬᠦᠯ ᠲᠤᠬᠳᠠᠭᠤᠨ ᠬᠦᠭᠵᠢᠯᠳᠠ ᠪᠠ ᠨᠡᠶᠢᠭᠡᠮ ᠤᠨ ᠡᠶ᠎ᠡ ᠵᠤᠬᠢᠴᠠᠩᠭᠤᠢ ᠠᠮᠤᠷ ᠲᠤᠭᠳᠠᠭᠤᠨ ᠢ ᠬᠦᠴᠤᠯᠡᠠ ᠠᠬᠢᠭᠤᠯᠵᠤ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠤᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ᠎ᠠ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号