5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠥᠪᠥᠷ ᠮᠣᠩᠭᠤᠯ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠪᠤᠢ ᠪᠦᠬᠦᠢ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠤᠯᠭᠠᠨ᠎ᠠ
ᠨᠡᠶᠢᠲᠡᠯᠡᠭᠰᠡᠨ ᠴᠠᠭ᠄
2017/3/7
      ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠥᠭᠴᠡᠭᠡ ᠳᠤ ᠨᠥᠬᠦᠪᠥᠷᠢ ᠥᠭᠬᠦ ᠲᠤᠬᠠᠢ ᠵᠠᠮ ᠲᠡᠬᠡᠬᠡᠪᠦᠷᠢ ᠶᠢᠨ ᠶᠠᠮᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠯᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2017 ᠤᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠪᠦᠬᠦ ᠤᠷᠤᠨ ᠤ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠪᠤᠢ ᠪᠥᠬᠦᠢ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠤᠯᠭᠠᠬᠤ ᠪᠠᠷ ᠲᠤᠭᠲᠠᠭᠠᠪᠠ᠃      ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ︽ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠ ᠬᠤᠯᠪᠣᠭᠳᠠᠬᠤ ᠬᠦᠮᠦᠰ ᠢ ᠲᠥᠪᠬᠢᠨᠡᠭᠦᠯᠬᠦ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠎ ᠢ ᠨᠡᠶᠢᠲᠡᠯᠡᠪᠡ᠃ ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠶᠢᠨ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠤᠯᠭᠠᠬᠤ ᠳᠤ BOT ᠵᠡᠷᠭᠡ ᠡᠵᠡᠩᠨᠡᠯᠲᠡ ᠶᠢᠨ ᠴᠢᠨᠠᠷᠲᠠᠶ ᠬᠤᠭᠤᠴᠠᠭ᠎ᠠ ᠨᠢ ᠲᠤᠯᠤᠭᠠᠳᠤᠶ ᠬᠤᠶᠠᠳᠤᠭᠠᠷ ᠳᠡᠰ ᠤᠨ ᠰᠦᠢᠳᠬᠡᠯ ᠬᠤᠷᠢᠶᠠᠬᠤ ᠵᠠᠰᠠᠮᠠᠯ ᠵᠠᠮ ᠪᠤᠯᠤᠨ ᠨᠢᠭᠡᠳᠦᠭᠡᠷ ᠳᠡᠰ ᠤᠨ ᠵᠠᠰᠠᠮᠠᠯ ᠵᠠᠮ ᠪᠠᠭᠲᠠᠬᠤ ᠦᠭᠡᠢ᠃ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠤᠯᠭᠠᠭᠰᠠᠨ ᠤ ᠳᠠᠷᠠᠭ᠎ᠠ᠂ ᠵᠠᠰᠠᠮᠠᠯ ᠵᠠᠮ ᠤᠨ ᠬᠤᠶᠢᠰᠢᠳᠠ ᠶᠢᠨ ᠬᠡᠷᠡᠭᠴᠡᠭᠡ ᠪᠦᠬᠦᠢ ᠠᠷᠠᠴᠢᠯᠠᠨ ᠬᠠᠮᠠᠭᠠᠯᠠᠬᠤ ᠵᠠᠷᠤᠳᠠᠯ ᠢ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠭᠠᠷᠭᠠᠨ ᠦᠭᠴᠦ᠂ ᠵᠠᠰᠠᠮᠠᠯ ᠵᠠᠮ ᠢ ᠬᠠᠮᠠᠭᠠᠯᠠᠬᠤ ᠶᠤᠰᠤᠲᠠᠢ ᠶᠢ ᠨᠢ ᠪᠦᠬᠦᠨ ᠢ ᠬᠠᠮᠠᠭᠠᠯᠠᠵᠤ᠂ ᠠᠷᠠᠴᠢᠯᠠᠨ ᠬᠠᠮᠠᠭᠠᠯᠠᠬᠤ ᠵᠠᠷᠤᠳᠠᠯ ᠢ ᠬᠦᠢᠴᠡᠳ ᠤᠯᠭᠤᠵᠤ᠂ ᠠᠶᠠᠯᠠᠯ ᠢ ᠰᠠᠭᠠᠳ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠠᠢ ᠬᠡᠵᠠᠢ᠃      ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠳᠤ ᠬᠤᠯᠪᠣᠭᠳᠠᠬᠤ ᠬᠦᠮᠦᠰ ᠢ ᠲᠥᠪᠬᠢᠨᠡᠭᠦᠯᠬᠦ ᠠᠵᠢᠯ ᠢ ᠬᠠᠷᠢᠭᠤᠴᠠᠵᠤ᠂ ︽ᠠᠵᠢᠯ ᠤᠨ ᠪᠠᠶᠢᠷᠢ ᠶᠢ ᠨᠢ ᠰᠤᠯᠢᠬᠤ ᠠᠴᠠ ᠪᠢᠰᠢ ᠠᠵᠢᠯ ᠠᠴᠠ ᠨᠢ ᠪᠠᠭᠤᠯᠭᠠᠬᠤ ᠦᠭᠡᠶ ᠪᠠᠶᠢᠬᠤ︾ ᠱᠠᠭᠠᠷᠳᠠᠯᠭ᠎ᠠ ᠶᠣᠰᠣᠭᠠᠷ᠂ ︽ᠬᠥᠮᠦᠨ ᠪᠦᠬᠦᠨ ᠳᠤ ᠠᠵᠢᠯᠯᠠᠬᠤ ᠭᠠᠵᠠᠷ ᠲᠠᠢ ᠪᠦᠬᠡᠳ ᠨᠡᠶᠢᠭᠡᠮ ᠤᠨ ᠠᠵᠢᠯ ᠣᠯᠭᠤᠯᠲᠠ ᠶᠢᠨ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠬᠤ︾᠎ ᠶᠢ ᠦᠨᠡᠨ ᠬᠦ ᠪᠠᠲᠤᠯᠠᠬᠤ ᠬᠡᠷᠡᠭᠲᠠᠢ᠃ ᠬᠤᠯᠪᠤᠭᠳᠠᠬᠤ ᠬᠥᠮᠦᠰ ᠢ ᠲᠥᠪᠬᠢᠨᠡᠭᠦᠯᠬᠦ ᠠᠵᠢᠯ ᠢ ᠵᠠᠷᠴᠢᠮ ᠳᠡᠭᠡᠷ᠎ᠡ ᠪᠠᠨ 3 ᠵᠢᠯ ᠤᠨ ᠳᠣᠲᠣᠷ᠎ᠠ ᠪᠡᠶᠡᠯᠡᠭᠦᠯᠬᠦ ᠬᠡᠷᠡᠭᠲᠡᠶ᠃ ᠡᠯ᠎ᠡ ᠠᠶᠢᠮᠠᠭ ᠬᠤᠳᠠ ᠶᠢᠨ ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠵᠢᠭᠡᠯᠡᠯᠭᠡ ᠶᠢ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠤᠯᠭᠠᠬᠤ ᠳᠤ ᠬᠤᠯᠪᠤᠭᠳᠠᠬᠤ ᠬᠥᠮᠦᠰ ᠢ ᠲᠥᠪᠬᠢᠨᠡᠭᠦᠯᠬᠦ ᠠᠵᠢᠯ ᠤᠨ ᠲᠥᠰᠦᠯ ᠢ ᠲᠦᠷᠭᠡᠭᠡᠨ ᠲᠤᠭᠲᠠᠭᠠᠵᠤ᠂ ᠨᠢᠭᠡᠨᠲᠡ ᠪᠠᠶᠢᠭᠤᠯᠤᠭᠰᠠᠨ ᠪᠠ ᠰᠢᠨ᠎ᠡ ᠪᠠᠷ ᠪᠠᠶᠢᠭᠤᠯᠤᠭᠰᠠᠨ ᠲᠦᠷᠭᠡᠨ ᠬᠤᠷᠳᠤ ᠶᠢᠨ ᠵᠠᠮ᠂ ᠨᠢᠭᠡᠳᠦᠭᠡᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠲᠡᠭᠡ ᠳᠤ ᠤᠷᠢᠳᠠᠪᠠᠷ ᠲᠦᠪᠬᠢᠨᠡᠭᠦᠯᠵᠤ᠂ ᠬᠤᠯᠪᠤᠭᠳᠠᠬᠤ ᠬᠥᠮᠦᠰ ᠢ ᠲᠥᠪᠬᠢᠨᠡᠭᠦᠯᠬᠦ ᠠᠵᠢᠯ ᠤᠨ ᠲᠥᠰᠦᠯ ᠢᠶᠠᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠶ ᠬᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号