ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠶᠠᠳᠠᠭᠤ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠢ ᠲᠡᠩᠬᠡᠷᠡᠭᠦᠯᠦᠨ | ᠲᠤᠰᠠᠯᠠᠬᠤ ᠪᠠᠷᠢᠮᠵᠢᠶ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢᠨ | ᠣᠷᠣᠭᠤᠯᠤᠯᠲᠠ ᠶᠢᠨ ᠡᠷᠴᠢᠮ ᠢᠶᠠᠨ ᠵᠢᠯ ᠳᠠᠷᠠᠭᠠᠯᠠᠨ ᠴᠢᠩᠭᠠᠷᠠᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ | ᠬᠢᠷᠢ ᠲᠥᠪᠰᠢᠨ ᠨᠢ ᠣᠯᠠᠨ ᠵᠢᠯ ᠳᠠᠷᠠᠭᠠᠯᠠᠨ ᠪᠦᠬᠦ ᠤᠯᠤᠰ ᠲᠤ ᠣᠷᠣᠶᠢᠯᠠᠨ᠂ ᠶᠠᠳᠠᠭᠤ ᠬᠦᠴᠢᠷᠳᠡᠯᠲᠡᠶ ᠣᠯᠠᠨ | ᠲᠦᠮᠡᠨ ᠤ ᠦᠨᠳᠦᠰᠦᠨ ᠠᠮᠢᠳᠤᠷᠠᠯ ᠢᠯᠡᠳᠲᠡ ᠰᠠᠶᠢᠵᠢᠷᠠᠪᠠ᠃ | 2016 ᠣᠨ ᠳᠤ᠂ ᠪᠥᠬᠦ ᠣᠷᠣᠨ ᠡᠯ᠎ᠡ ᠵᠦᠢᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠯᠠ | ᠮᠥᠩᠭᠦ ᠶᠢ ᠨᠡᠶᠢᠲᠡ 86.33 ᠳ᠋ᠦᠩᠰᠢᠭᠤᠷ ᠲᠥᠭᠦᠷᠢᠭ ᠤᠷᠤᠭᠤᠯᠵᠤ᠂ ᠰᠠᠷ᠎ᠠ ᠪᠦᠷᠢ ᠳᠤᠮᠳᠠᠴᠢ ᠪᠠᠷ 165.7 | ᠲᠦᠮᠡᠨ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠴᠢᠳ ᠢ ᠪᠠᠲᠤᠯᠠᠨ᠂ ᠪᠠᠲᠤᠯᠠᠭ᠎ᠠ ᠶᠢᠨ | ᠪᠠᠷᠢᠮᠵᠢᠶ᠎ᠠ ᠨᠢ ᠲᠤᠰ ᠲᠤᠰ ᠰᠠᠷ᠎ᠠ ᠳᠤ ᠬᠥᠮᠦᠨ ᠪᠦᠷᠢ ᠳᠤᠮᠳᠠᠴᠢ ᠪᠠᠷ 542 ᠲᠥᠭᠦᠷᠢᠭ ᠪᠣᠯᠣᠨ 349.75 | ᠲᠥᠭᠦᠷᠢᠭ ᠲᠤ ᠬᠦᠷᠴᠦ᠂ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ 48 ᠲᠥᠭᠦᠷᠢᠭ ᠪᠣᠯᠣᠨ 38 | ᠲᠥᠭᠦᠷᠢᠭ ᠦᠨᠳᠦᠷ ᠪᠣᠯᠵᠤ᠂ ᠪᠠᠷᠠᠭᠤᠨ ᠬᠡᠰᠡᠭ ᠤᠨ ᠮᠤᠵᠢ ᠤᠷᠤᠨ ᠳᠠᠭᠠᠨ 1 ᠳ᠋ᠦ᠋ᠭᠡᠷ ᠲᠤ ᠵᠢᠭᠰᠠᠭᠠᠭᠳᠠᠵᠤ᠂ | ᠪᠦᠬᠦ ᠤᠯᠤᠰ ᠲᠤ 8 ᠳ᠋ᠤᠭᠠᠷ ᠪᠣᠯᠤᠨ 7 ᠳ᠋ᠤᠭᠠᠷ ᠲᠤ ᠣᠷᠣᠪᠠ᠃ 9.8 ᠲᠦᠮᠡᠨ ᠣᠨᠴᠠ ᠬᠦᠴᠢᠷᠳᠡᠯᠲᠡᠶ | ᠬᠥᠮᠦᠨ ᠢ ᠪᠠᠲᠤᠯᠠᠨ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠩᠭᠦᠢ ᠪᠠ ᠲᠠᠷᠠᠬᠠᠢ ᠠᠰᠠᠷᠠᠨ ᠲᠡᠵᠢᠭᠡᠬᠦ | ᠪᠠᠷᠢᠮᠵᠢᠶ᠎ᠠ ᠨᠢ ᠲᠤᠰ ᠲᠤᠰ ᠵᠢᠯ ᠳᠤ ᠬᠥᠮᠦᠨ ᠪᠦᠷᠢ ᠳᠤᠮᠳᠠᠴᠢ ᠪᠠᠷ 8598 ᠲᠥᠭᠦᠷᠢᠭ ᠪᠣᠯᠣᠨ 5124 | ᠲᠥᠭᠦᠷᠢᠭ ᠲᠤ ᠬᠦᠷᠴᠦ᠂ ᠴᠥᠮ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ ᠦᠨᠳᠦᠷ ᠪᠣᠯᠪᠠ᠃ | ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠥᠩᠭᠡᠷᠡᠭᠰᠡᠨ ᠤ ᠲᠠᠰᠤᠷᠬᠠᠢ ᠪᠤᠲᠠᠷᠬᠠᠶ ᠲᠡᠩᠬᠡᠷᠡᠭᠦᠯᠦᠨ | ᠲᠤᠰᠠᠯᠠᠬᠤ ᠳᠦᠷᠢᠮ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ ᠢ | ᠲᠡᠩᠬᠡᠷᠡᠭᠦᠯᠦᠨ ᠲᠤᠰᠠᠯᠠᠬᠤ᠂ ᠭᠠᠮᠰᠢᠭᠳᠠᠭᠰᠠᠨ ᠬᠥᠮᠦᠨ ᠢ ᠲᠡᠩᠬᠡᠷᠡᠭᠦᠯᠦᠨ ᠲᠤᠰᠠᠯᠠᠬᠤ᠂ ᠡᠮ ᠡᠮᠨᠡᠯᠭᠡ ᠪᠠᠷ | ᠲᠡᠩᠬᠡᠷᠡᠭᠦᠯᠦᠨ ᠲᠤᠰᠠᠯᠠᠬᠤ᠂ ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠬᠤ᠂ ᠤᠷᠤᠨ ᠰᠠᠭᠤᠴᠠ ᠪᠠᠷ | ᠲᠡᠩᠬᠡᠷᠡᠭᠦᠯᠦᠨ ᠲᠤᠰᠠᠯᠠᠬᠤ᠂ ᠠᠵᠢᠯ ᠣᠯᠭᠤᠯᠲᠠ ᠪᠠᠷ ᠲᠡᠩᠬᠡᠷᠡᠭᠦᠯᠦᠨ ᠲᠤᠰᠠᠯᠠᠬᠤ᠂ ᠲᠦᠷ ᠴᠠᠭ ᠲᠡᠩᠬᠡᠷᠡᠭᠦᠯᠦᠨ | ᠲᠤᠰᠠᠯᠠᠬᠤ ᠵᠡᠷᠭᠡ 8 ᠵᠦᠢᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠪᠣᠯᠭᠠᠨ ᠨᠡᠶᠢᠯᠡᠭᠦᠯᠦᠭᠡᠳ᠂ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠭᠦᠢᠴᠡᠳ ᠪᠠᠳᠠᠷᠠᠭᠤᠯᠵᠤ᠂ | ᠶᠠᠳᠠᠭᠤ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠪᠤᠷᠢ ᠶᠢᠨ ᠲᠣᠣᠷ ᠢ ᠪᠦᠬᠦ | ᠬᠦᠴᠦᠨ ᠢᠶᠠᠷ ᠢᠶᠠᠨ ᠰᠦᠯᠵᠢᠵᠦ ᠪᠠᠬᠢᠯᠡᠪᠡ᠃ | 2016 ᠣᠨ ᠳᠤ᠂ ᠪᠦᠬᠦ ᠣᠷᠣᠨ ᠤ ᠡᠮ ᠡᠮᠨᠡᠯᠭᠡ ᠪᠠᠷ ᠲᠡᠩᠬᠡᠷᠡᠭᠦᠯᠦᠨ ᠲᠤᠰᠠᠯᠠᠬᠤ ᠶᠢ ᠬᠦᠷᠲᠡᠭᠰᠡᠨ | ᠶᠠᠳᠠᠭᠤ ᠬᠦᠴᠢᠷᠳᠡᠯᠲᠡᠶ ᠤᠯᠠᠨ ᠲᠦᠮᠡᠨ 188.13 ᠲᠦᠮᠡᠨ ᠬᠦᠮᠦᠨ ᠤᠳᠠᠭ᠎ᠠ ᠳᠤ ᠬᠦᠷᠴᠦ᠂ ᠲᠡᠳᠡᠨ ᠤ | ᠡᠪᠡᠳᠴᠢᠨ ᠦᠵᠡᠭᠦᠯᠬᠦ ᠳᠠᠷᠤᠭᠠᠰᠤ ᠶᠢ ᠦᠨᠡᠨᠬᠦ ᠬᠦᠩᠭᠡᠷᠡᠭᠦᠯᠦᠭᠰᠡᠨ ᠪᠠᠶᠢᠨ᠎ᠠ᠃ ᠲᠦᠷ ᠴᠠᠭ ᠤᠨ ᠴᠢᠨᠠᠷᠲᠠᠶ᠂ | ᠭᠡᠨᠡᠳᠲᠡ ᠶᠢᠨ ᠴᠢᠨᠠᠷᠲᠠᠶ ᠬᠦᠴᠢᠷᠳᠡᠯ ᠠᠴᠠ ᠪᠤᠯᠵᠤ ᠦᠨᠳᠦᠰᠦᠨ ᠠᠮᠢᠳᠤᠷᠠᠯ ᠨᠢ ᠲᠦᠷ ᠴᠠᠭ ᠬᠦᠴᠢᠷᠳᠡᠯ ᠳᠤ | ᠲᠤᠯᠭᠠᠷᠠᠭᠰᠠᠨ ᠣᠷᠣᠯᠭ᠎ᠠ ᠪᠠᠭᠠᠲᠠᠶ ᠪᠠ ᠡᠪᠡᠳᠴᠢᠨ ᠠᠴᠠ ᠪᠣᠯᠵᠤ ᠶᠠᠳᠠᠭᠤᠷᠠᠭᠰᠠᠨ 28.6 ᠲᠦᠮᠡᠨ ᠭᠡᠷ ᠪᠦᠯᠢ ᠶᠢ | ᠲᠡᠩᠬᠡᠷᠡᠭᠦᠯᠦᠨ ᠲᠤᠰᠠᠯᠠᠵᠤ᠂ ᠡᠷᠤᠭᠡ ᠪᠦᠷᠢ ᠶᠢ ᠳᠤᠮᠳᠠᠴᠢ ᠪᠠᠷ 997 ᠲᠥᠭᠦᠷᠢᠭ ᠢᠶᠠᠷ ᠲᠡᠩᠬᠡᠷᠡᠭᠦᠯᠦᠨ ᠲᠤᠰᠠᠯᠠᠪᠠ᠃ | ᠶᠡᠭᠡ ᠳᠡᠭᠡᠳᠦ ᠰᠤᠷᠭᠠᠭᠤᠯᠢ ᠳᠤ ᠰᠢᠯᠭᠠᠨ ᠤᠷᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠭᠡᠷ | ᠪᠦᠯᠢ ᠶᠢᠨ 19796 ᠣᠶᠤᠲᠠᠨ᠂ 176 ᠥᠨᠥᠴᠢᠨ ᠣᠶᠤᠲᠠᠨ ᠢ ᠮᠥᠩᠭᠦ ᠪᠠᠷ ᠲᠤᠰᠠᠯᠠᠪᠠ᠃ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ ᠰᠠᠷ᠎ᠠ ᠪᠦᠷᠢ 15 ᠭᠷᠠᠳᠦ᠋ᠰ ᠴᠠᠬᠢᠯᠭᠠᠨ ᠢ ᠬᠠᠰᠤᠵᠤ | ᠬᠡᠯᠲᠦᠷᠢᠭᠦᠯᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠴᠠᠬᠢᠯᠭᠠᠨ ᠤ | ᠦᠨ᠎ᠡ ᠶᠢᠨ ᠨᠥᠬᠦᠪᠥᠷᠢ ᠥᠭᠬᠦ ᠪᠡᠯᠡ ᠮᠥᠩᠭᠦ ᠶᠢ 5679 ᠲᠦᠮᠡᠨ ᠲᠥᠭᠦᠷᠢᠭ ᠪᠣᠳᠠᠲᠠᠶᠢᠵᠢᠭᠤᠯᠪᠠ᠃ | ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠳᠤᠷᠠᠳᠴᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠴᠦ ᠠᠷᠠᠳ ᠤᠨ ᠠᠮᠢᠳᠤᠷᠠᠯ ᠢ | ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠬᠤ ᠶᠠᠪᠤᠳᠠᠯ ᠢ 2017 ᠤᠨ ᠤ ᠭᠤᠣᠯᠳᠠᠯᠭ᠎ᠠ ᠲᠠᠢ ᠠᠵᠢᠯ ᠳᠤ | ᠤᠷᠤᠭᠤᠯᠪᠠ᠃ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠦᠴᠢᠷᠳᠡᠯᠲᠡᠶ ᠤᠯᠠᠨ | ᠲᠦᠮᠡᠨ ᠳᠤ ᠲᠡᠩᠬᠡᠷᠡᠭᠦᠯᠦᠨ ᠲᠤᠰᠠᠯᠠᠬᠤ ᠭᠠᠵᠠᠷ ᠲᠠᠢ ᠪᠠᠶᠢᠯᠭᠠᠬᠤ᠂ ᠴᠠᠭ ᠲᠤᠬᠠᠶ ᠳᠤᠨᠢ ᠲᠤᠰᠠᠯᠠᠮᠵᠢ ᠬᠦᠷᠲᠡᠭᠡᠬᠦ ᠶᠢ | ᠪᠠᠲᠤᠯᠠᠬᠤ ᠶᠢᠨ ᠲᠦᠯᠦᠭᠡ᠂ ᠡᠯ᠎ᠡ ᠭᠠᠵᠠᠷ ᠴᠥᠮ ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠤᠯᠠᠨ ᠲᠦᠮᠡᠨ ᠤ ᠲᠡᠩᠬᠡᠷᠡᠭᠦᠯᠦᠨ ᠲᠤᠰᠠᠯᠠᠬᠤ ᠭᠤᠶᠤᠴᠢᠯᠠᠯ ᠢ ᠨᠢᠭᠡᠳᠦᠯᠲᠡᠶ ᠬᠦᠯᠢᠶᠡᠠ | ᠠᠪᠴᠤ ᠭᠦᠢᠴᠡᠳᠬᠡᠬᠦ ᠴᠤᠩᠬᠤ ᠶᠢ ᠪᠠᠶᠢᠭᠤᠯᠤᠭᠰᠠᠨ ᠤ ᠬᠠᠮᠲᠤ ︽ᠨᠢᠭᠡ ᠰᠠᠯᠠᠭ᠎ᠠ ᠮᠥᠴᠢᠷ ᠬᠦᠯᠢᠶᠡᠨ ᠠᠪᠴᠤ᠂ | ᠬᠠᠮᠵᠢᠯᠴᠠᠨ ᠭᠦᠢᠴᠡᠳᠬᠡᠬᠦ︾ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠪᠣᠳᠠᠲᠠᠶ ᠬᠦᠯᠢᠶᠡᠨ ᠠᠪᠴᠤ | ᠭᠦᠢᠴᠡᠳᠬᠡᠬᠦ ᠴᠤᠪᠤᠷᠠᠯ ᠪᠠ ᠠᠵᠢᠯ ᠤᠨ ᠴᠠᠭ ᠬᠢᠵᠠᠭᠠᠷ ᠢ ᠲᠤᠳᠤᠷᠬᠠᠶᠢᠯᠠᠵᠤ᠂ ᠬᠦᠴᠢᠷᠲᠡᠶ ᠣᠯᠠᠨ ᠲᠦᠮᠡᠨ ᠤ | ᠲᠡᠩᠬᠡᠷᠡᠭᠦᠯᠦᠨ ᠲᠤᠰᠠᠯᠠᠭᠤᠯᠬᠤ ᠭᠤᠶᠤᠴᠢᠯᠠᠯ ᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ | ᠮᠦᠴᠢᠷ ᠲᠤ ᠴᠠᠭ ᠲᠤᠬᠠᠢ ᠳᠤᠨᠢ ᠬᠤᠪᠢᠶᠠᠷᠢᠯᠠᠨ ᠭᠦᠢᠴᠡᠳᠬᠡᠬᠦ ᠪᠤᠶᠤ ᠰᠢᠯᠵᠢᠭᠦᠯᠦᠨ ᠭᠦᠢᠴᠡᠳᠬᠡᠬᠦ ᠪᠤᠯᠭᠠᠵᠠᠢ᠃ | ᠡᠭᠦᠨ ᠤ ᠵᠡᠷᠭᠡᠴᠡᠭᠡᠪᠡᠷ᠂ ᠡᠷᠬᠡ ᠲᠡᠭᠰᠢ ᠲᠥᠪ ᠭᠤᠣᠯᠴᠢ ᠶᠢ ᠪᠠᠲᠤᠯᠠᠵᠤ᠂ ᠬᠡᠮᠵᠢᠶ᠎ᠡ ᠬᠢᠵᠠᠭᠠᠷ ᠲᠠᠢ ᠪᠡᠯᠡ ᠮᠥᠩᠭᠦ ᠶᠢ | ᠬᠠᠮᠤᠭ ᠤᠨ ᠬᠡᠷᠡᠭᠴᠡᠭᠡ ᠲᠠᠢ ᠤᠯᠠᠨ ᠲᠦᠮᠡᠨ ᠳᠤ ᠬᠡᠷᠡᠭᠯᠡᠬᠦ ᠶᠢᠨ ᠲᠦᠯᠦᠭᠡ᠂ ᠮᠠᠨ ᠤ ᠣᠷᠣᠨ ᠨᠡᠶᠢᠭᠡᠮ ᠤᠨ | ᠲᠡᠩᠬᠡᠷᠡᠭᠦᠯᠦᠨ ᠲᠤᠰᠠᠯᠠᠭᠤᠯᠤᠭᠰᠠᠳ ᠤᠨ ᠭᠤᠶᠤᠴᠢᠯᠠᠬᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠳᠡᠰ | ᠳᠠᠷᠠᠭᠠᠯᠠᠯ ᠢ ᠪᠦᠬᠦ ᠲᠠᠯ᠎ᠠ ᠪᠠᠷ ᠵᠢᠷᠤᠮᠵᠢᠭᠤᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠴᠢᠳ ᠢ ᠶᠡᠷᠦᠩᠬᠡᠶᠢᠯᠡᠨ | ᠦᠨᠡᠮᠰᠢᠨ ᠲᠣᠭᠲᠠᠭᠠᠬᠤ ᠠᠵᠢᠯ ᠢ ᠥᠷᠨᠢᠭᠦᠯᠵᠦ᠂ ᠡᠨᠡ ᠬᠦ ᠠᠷᠭ᠎ᠠ ᠨᠢ ᠪᠠᠰᠠ ᠠᠷᠠᠳ ᠤᠨ ᠶᠠᠪᠤᠳᠠᠯ ᠤᠨ ᠶᠠᠮᠤᠨ ᠤ | ᠭᠦᠢᠴᠡᠳ ᠨᠤᠲᠠᠯᠠᠯᠲᠠ ᠶᠢ ᠤᠯᠵᠤ᠂ ᠨᠢᠭᠡᠨᠲᠡ ᠤᠯᠤᠰ ᠤᠨ ᠱᠠᠲᠤᠨ ᠤ ᠳᠡᠭᠡᠳᠦ ᠳᠠᠪᠬᠤᠷᠭ᠎ᠠ ᠶᠢᠨ ᠲᠦᠷᠢᠮ ᠤᠨ | ᠵᠢᠷᠤᠭ ᠲᠦᠯᠦᠪᠯᠡᠭᠡ ᠳᠤ ᠤᠷᠤᠭᠰᠠᠨ ᠪᠠᠶᠢᠨ᠎ᠠ᠃ | 2017 ᠣᠨ ᠳᠤ᠂ ᠮᠠᠨ ᠤ ᠣᠷᠣᠨ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ 8% ᠪᠠ 13% ᠤᠨ ᠨᠡᠮᠡᠭᠳᠡᠯ ᠤᠨ ᠬᠠᠷᠢᠴᠠᠯ ᠢᠶᠠᠷ ᠬᠤᠳᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ 6% ᠪᠠ 9% ᠤᠨ | ᠨᠡᠮᠡᠭᠳᠡᠯ ᠤᠨ ᠬᠠᠷᠢᠴᠠᠯ ᠢᠶᠠᠷ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠢ ᠲᠦᠪᠯᠡᠷᠡᠩᠭᠦᠢ | ᠪᠠ ᠲᠠᠷᠠᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ ᠳᠡᠭᠡᠭᠰᠢᠯᠡᠭᠦᠯᠬᠦ ᠶᠢᠨ ᠬᠠᠮᠲᠤ ᠥᠨᠥᠴᠢᠨ ᠬᠡᠦᠬᠡᠳ᠂ ᠬᠤᠳᠠ ᠶᠢᠨ | ᠣᠨᠴᠠ ᠬᠦᠴᠢᠷᠳᠡᠯᠲᠡᠶ ᠬᠥᠮᠦᠰ᠂ ᠬᠦᠴᠢᠷᠳᠡᠯᠲᠡᠶ ᠵᠡᠮᠳᠡᠭᠴᠦᠳ ᠵᠡᠷᠭᠡ ᠬᠦᠴᠢᠷᠳᠡᠯᠲᠡᠶ ᠪᠦᠯᠦᠭᠯᠡᠯ ᠢ ᠲᠡᠩᠬᠡᠷᠡᠭᠦᠯᠦᠨ | ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠵᠦ᠂ ᠬᠦᠴᠢᠷᠳᠡᠯᠲᠡᠶ ᠤᠯᠠᠨ ᠲᠦᠮᠡᠨ ᠤ | ᠠᠮᠢᠳᠤᠷᠠᠯ ᠳᠤ ᠨᠡᠩ ᠰᠠᠶᠢᠨ ᠪᠠᠲᠤᠯᠠᠭ᠎ᠠ ᠤᠯᠭᠤᠨ᠎ᠠ᠃ |