ᠥᠪᠥᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠲᠤᠭᠤᠶᠢᠯᠠᠩ ᠬᠤᠪᠢᠶᠠᠵᠦ ᠲᠦᠯᠦᠪᠯᠡᠭᠡ ᠶᠢᠨ ᠮᠡᠳᠡᠭᠦᠯᠦᠯᠳᠡ ᠶᠢ ᠬᠢᠨᠠᠨ ᠪᠠᠶᠢᠴᠠᠭᠠᠪᠡ      ᠯᠢ ᠵᠢᠢ ᠾᠸᠡᠭ ᠪᠦ᠋ ᠰᠢᠶᠤᠤ ᠯᠢᠨ ᠬᠢᠨᠠᠨ ᠪᠠᠶᠢᠴᠠᠭᠠᠬᠤ ᠳᠤ ᠤᠷᠤᠯᠴᠠᠵᠠᠢ
ᠨᠡᠶᠢᠲᠡᠯᠡᠭᠰᠡᠨ ᠴᠠᠭ᠄
2017/3/8
     3 ᠳ᠋ᠤᠭᠠᠷ ᠰᠠᠷ᠎ᠠ ᠶᠢᠨ 7᠎ ᠤ ᠦᠳᠡ ᠶᠢᠨ ᠬᠤᠶᠢᠨ᠎ᠠ᠂ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠳᠣᠭᠤᠢᠢᠯᠠᠩ ᠬᠤᠪᠢᠶᠠᠵᠣ 2016 ᠣᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠤᠯᠤᠨ 2017 ᠣᠨ ᠤ ᠤᠯᠤᠰ ᠠᠷᠠᠳ ᠤᠨ ᠠᠵᠦ ᠠᠬᠤᠢ ᠪᠡ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢᠨ ᠲᠦᠰᠦᠯ ᠤᠨ ᠲᠤᠬᠠᠢ ᠮᠡᠳᠡᠭᠦᠯᠦᠯᠳᠡ ᠶᠢ ᠬᠢᠨᠠᠨ ᠪᠠᠶᠢᠴᠠᠭᠠᠪᠡ᠃ ᠲᠦᠯᠦᠭᠡᠯᠡᠭᠴᠢᠳ ᠤᠨ ᠪᠦᠯᠭᠦᠮ ᠤᠨ ᠲᠠᠷᠤᠭ᠎ᠠ ᠯᠢ ᠵᠢᠢ ᠾᠸᠡᠭ᠂ ᠲᠡᠳ᠋ ᠪᠦᠯᠭᠦᠮ ᠤᠨ ᠲᠠᠷᠤᠭ᠎ᠠ ᠪᠦ᠋ ᠰᠢᠶᠤᠤ ᠯᠢᠨ ᠲᠤᠰ ᠲᠤᠰ ᠲᠤᠭᠤᠢᠢᠯᠠᠩ ᠬᠤᠪᠢᠶᠠᠨ ᠬᠢᠨᠠᠨ ᠪᠠᠶᠢᠴᠠᠭᠠᠬᠤ ᠳᠤ ᠤᠷᠤᠯᠴᠠᠵᠠᠢ᠃      ᠲᠦᠯᠦᠭᠡᠯᠡᠭᠴᠢᠳ ᠤᠨ ᠪᠦᠯᠭᠦᠮ ᠤᠨ ᠴᠤᠬᠯᠠᠭᠤᠯᠤᠬᠴᠢ ᠯᠢᠶᠠᠨ ᠰᠤ᠋᠂ ᠯᠢᠶᠠᠩ ᠲᠢᠸ᠋ ᠴᠸᠡᠭ ᠳᠣᠰ ᠳᠣᠰ ᠲᠤᠭᠤᠢᠢᠯᠠᠩ ᠬᠤᠪᠢᠶᠠᠨ ᠬᠢᠨᠠᠨ ᠪᠠᠶᠢᠴᠠᠭᠠᠬᠤ ᠬᠤᠷᠠᠯ ᠢ ᠡᠷᠬᠢᠯᠡᠵᠠᠢ᠃      ᠲᠦᠯᠦᠭᠡᠯᠡᠭᠴᠢᠳ ᠰᠠᠨᠠᠯ ᠨᠢᠭᠡᠳᠡᠢ ᠦᠵᠡᠵᠡᠭᠡᠭᠰᠡᠨ ᠨᠢ᠂ ᠲᠦᠯᠦᠪᠯᠡᠭᠡ ᠶᠢᠨ ᠮᠡᠳᠡᠭᠦᠯᠦᠯᠳᠡ ᠳᠤ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠣᠯᠣᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ᠂ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠵᠡᠷᠭᠡ ᠲᠦᠪ ᠤᠨ ᠠᠯᠢ ᠤᠯᠠᠨ ᠴᠢᠬᠤᠯᠠ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠤᠨ ᠡᠯ᠎ᠠ ᠵᠦᠢᠯ ᠤᠨ ᠪᠠᠶᠢᠷᠢᠯᠠᠭᠤᠯᠤᠯᠳᠠ ᠶᠢ ᠨᠠᠷᠢᠯᠢᠭᠵᠢᠭᠤᠯᠣᠨ ᠨᠠᠶᠢᠳᠠᠪᠤᠷᠢᠵᠢᠭᠤᠯᠵᠦ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠪᠤᠯᠤᠨ ︽ᠲᠦᠷᠪᠡᠨ ᠪᠦᠭᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠦᠨᠳᠦᠰᠦᠯᠡᠵᠦ᠂ ᠠᠵᠦ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠢᠳᠡᠪᠭᠢᠳᠠᠢ ᠵᠤᠬᠢᠴᠠᠵᠣ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠢ ᠬᠦᠳᠦᠯᠦᠨ ᠲᠠᠭᠠᠭᠤᠯᠬᠤ ᠰᠢᠨ᠎ᠠ ᠱᠠᠭᠠᠷᠳᠠᠯᠭ᠎ᠠ ᠶᠢ ᠢᠯᠡᠷᠡᠭᠦᠯᠪᠡ᠃ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠦᠪ ᠢ ᠡᠷᠢᠵᠦ᠂ ᠠᠵᠢᠯ ᠢᠶᠠᠨ ᠪᠠᠶᠢᠷᠢᠯᠠᠭᠤᠯᠬᠤ ᠳᠠᠭᠠᠨ ᠪᠦᠭᠦ ᠲᠠᠯ᠎ᠠ ᠶᠢ ᠪᠤᠳᠤᠯᠬᠢᠯᠠᠨ᠂ ᠲᠤᠬᠳᠠᠭᠠᠬᠰᠠᠨ ᠬᠠᠷᠠᠯᠳᠠ ᠨᠢ ᠢᠳᠡᠪᠭᠢᠳᠠᠢ ᠮᠦᠷᠳᠡᠬᠡᠨ ᠪᠠᠰᠠ ᠵᠤᠬᠢᠬᠤ ᠤᠷᠤᠨ ᠵᠠᠢ ᠦᠯᠡᠳᠡᠭᠡᠵᠦ᠂ ᠬᠦᠭᠵᠢᠯᠳᠠ ᠶᠢᠨ ᠪᠤᠳᠠᠳᠤ ᠪᠠᠶᠢᠳᠠᠯ ᠪᠠ ᠪᠦᠲᠦᠴᠡ ᠶᠢᠨ ᠲᠤᠬᠢᠷᠠᠭᠤᠯᠤᠯᠳᠠ ᠶᠢᠨ ᠠᠯᠤᠰ ᠬᠡᠲᠦ ᠶᠢᠨ ᠱᠠᠭᠠᠷᠳᠠᠯᠭ᠎ᠠ ᠲᠠᠢ ᠨᠡᠶᠢᠴᠡᠵᠦ᠂ ᠡᠯ᠎ᠠ ᠭᠠᠵᠠᠷ ᠤᠨ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠠᠵᠢᠯ ᠢ ᠰᠠᠶᠢᠳᠤᠷ ᠬᠢᠭᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠭᠡᠵᠡᠢ᠃      ᠬᠤᠷᠴᠠ᠂ ᠴᠠᠩ ᠵᠢᠶᠦ᠋ᠨ ᠵᠸᠡᠭ᠂ ᠮᠠ ᠶᠦᠡᠭ ᠱᠸᠡᠭ᠂ ᠹᠸᠡᠭ ᠢᠤᠢ ᠵᠧᠨ᠂ ᠪᠤᠤ ᠮᠠᠨᠳᠠ᠂ ᠳ᠋ᠸᠡᠭ ᠶᠤᠸᠠᠢ ᠯᠸᠤ᠂ ᠳ᠋ᠸᠡᠭ ᠸᠧᠢ᠂ ᠡᠷᠳᠡᠨᠢᠭᠡᠷᠡᠯ᠂ ᠯᠢ ᠢ ᠹᠸᠢ᠂ ᠸᠠᠩ ᠹᠸᠡᠭ ᠴᠤᠤ᠂ ᠯᠦᠸᠧ ᠬᠠᠶᠢᠳᠠᠩ ᠵᠡᠷᠭᠡ ᠲᠦᠯᠦᠭᠡᠯᠡᠭᠴᠢ ᠲᠤᠰ ᠲᠤᠰ ᠬᠢᠨᠠᠨ ᠪᠠᠶᠢᠴᠠᠭᠠᠬᠤ ᠰᠠᠨᠠᠯ ᠢᠶᠠᠨ ᠬᠡᠯᠡᠵᠦ᠂ ᠲᠦᠯᠦᠪᠯᠡᠭᠡ ᠶᠢᠨ ᠮᠡᠳᠡᠭᠦᠯᠦᠯᠳᠡ ᠶᠢ ᠬᠦᠨᠵᠡᠭᠡᠢ ᠬᠢᠨᠠᠨ ᠵᠦᠪᠯᠡᠭᠰᠡᠨ ᠪᠦᠭᠡᠳ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠪᠠ ᠦᠪᠡᠷᠰᠡᠳ ᠤᠨ ᠠᠵᠢᠯ ᠎ ᠤᠨ ᠪᠤᠳᠠᠳᠠᠢ ᠲᠠᠢ ᠪᠠᠨ ᠤᠶᠠᠯᠳᠤᠭᠤᠯᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠡᠯᠡ ᠤᠷᠤᠭᠤᠯᠤᠯᠳᠠ ᠶᠢ ᠨᠡᠮᠡᠭᠳᠡᠭᠦᠯᠬᠦ᠂ ᠡᠳ᠋ ᠤᠨ ᠵᠠᠰᠠᠬ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠦᠷᠭᠦᠯᠵᠢᠯᠠᠨ ᠬᠦᠨᠵᠡᠭᠡᠶᠢᠷᠡᠭᠦᠯᠭᠦ᠂ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢ ᠲᠦᠷᠭᠡᠳᠭᠡᠨ ᠬᠡᠷᠡᠭᠵᠢᠭᠦᠯᠭᠦ᠂ ᠮᠠᠯᠴᠢᠳ ᠤᠨ ᠨᠤᠳᠤᠬ ᠪᠡᠯᠴᠢᠭᠡᠷ ᠤᠨ ᠨᠦᠭᠦᠪᠦᠷᠢ ᠶᠢ ᠲᠡᠭᠡᠭᠰᠢᠯᠡᠭᠦᠯᠬᠦ ᠵᠡᠷᠭᠡ ᠠᠰᠠᠭᠤᠳᠠᠯ ᠤᠨ ᠲᠤᠭᠤᠷᠢᠨ ᠳᠤ ᠰᠠᠨᠠᠯ ᠰᠠᠨᠠᠭᠤᠯᠭ᠎ᠠ ᠲᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号