3 ᠳ᠋ᠤᠭᠠᠷ ᠰᠠᠷ᠎ᠠ ᠶᠢᠨ 6 ᠤ ᠦᠳᠡ ᠶᠢᠨ ᠬᠤᠶᠢᠨ᠎ᠡ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠦᠪᠤᠷ ᠮᠤᠩᠭᠤᠯ ᠤᠨ | ᠲᠦᠯᠥᠬᠡᠯᠡᠭᠴᠢᠳ ᠤᠨ ᠪᠦᠯᠬᠦᠮ ᠪᠦᠬᠦᠳᠡ ᠬᠤᠷᠠᠯ ᠬᠢᠵᠥ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ | ᠵᠦᠪᠯᠡᠭᠰᠡᠡ ᠪᠦᠭᠡᠳ ᠲᠤᠳᠤᠭᠠᠳᠤ ᠭᠠᠳᠠᠭᠠᠳᠤ ᠶᠢᠨ ᠵᠠᠭᠤᠴᠢᠯᠠᠭᠤᠷ ᠲᠤ ᠨᠡᠬᠡᠬᠡᠯᠳᠡ ᠬᠢᠪᠡ᠃ ᠯᠢ ᠵᠢᠢ ᠡᡁᠧᠩ᠂ ᠪᠦ᠋ | ᠰᠢᠶᠤᠤ ᠯᠢᠨ ᠵᠡᠷᠬᠡ ᠲᠦᠯᠥᠬᠡᠯᠡᠭᠴᠢ ᠲᠤᠬᠠᠢ ᠶᠢᠨ ᠲᠠᠯᠠᠪᠠᠢ ᠳᠤ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢ ᠶᠢᠨ | ᠲᠤᠷᠠᠳᠤᠭᠰᠠᠠ ᠠᠰᠠᠭᠤᠯᠳᠠ ᠶᠢ ᠬᠠᠷᠢᠭᠤᠯᠵᠥ᠂ ᠲᠤᠳᠤᠭᠠᠳᠤ ᠭᠠᠳᠠᠭᠠᠳᠤ ᠶᠢᠨ ᠵᠠᠭᠤᠴᠢᠯᠠᠭᠤᠷ ᠤᠨ ᠬᠢᠨ ᠳᠤ ᠦᠪᠤᠷ | ᠮᠤᠩᠭᠤᠯ ᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠯᠤᠳᠤ ᠶᠡᠭᠡ ᠠᠮᠵᠢᠯᠳᠠ ᠶᠢ ᠦᠵᠡᠬᠦᠯᠵᠥ᠂ ᠲᠠᠯ᠎ᠠ | ᠨᠤᠳᠤᠭ ᠤᠨ ᠬᠦᠪᠡᠬᠦᠳ ᠦᠬᠢᠳ ᠤᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠥ᠂ | ᠴᠤᠴᠠᠯᠳᠠ ᠦᠭᠡᠢ ᠤᠷᠤᠭᠰᠢᠯᠠᠭᠰᠠᠠ ᠤᠶᠤᠨ ᠰᠠᠨᠠᠭᠠᠨ ᠤ ᠲᠦᠷᠰᠦ ᠪᠠᠶᠢᠳᠠᠯ ᠢ ᠦᠵᠡᠬᠦᠯᠵᠥ᠂ | ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠢᠢᠳᠪᠤᠷᠢᠳᠤ ᠱᠠᠳᠤᠨ ᠤ ᠠᠭᠤᠤ ᠶᠡᠭᠡ ᠢᠯᠠᠯᠳᠠ ᠶᠢ ᠲᠡᠮᠡᠴᠡᠨ ᠤᠯᠬᠤ᠂ ᠤᠳᠤᠬᠢᠴᠢᠯᠠᠭᠰᠠᠠ ᠦᠪᠤᠷ ᠮᠤᠩᠭᠤᠯ ᠢ | ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠬᠦᠯᠬᠦ ᠡᠷᠡᠰ ᠵᠤᠷᠢᠭ ᠢ ᠬᠠᠷᠠᠭᠤᠯᠤᠭᠰᠠᠠ ᠪᠠᠶᠢᠨ᠎ᠠ᠃ | ᠠᠷᠠᠳ ᠤᠨ ᠡᠳᠤᠷ ᠤᠨ ᠰᠤᠨᠢᠨ᠂ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠶᠡᠷᠤᠩᠬᠡᠢ ᠱᠦᠵᠢ | ᠰᠢ ᠶᠢᠨ ᠫᠢᠩ 2014 ᠤᠨ ᠤ 1 ᠳ᠋ᠣᠭᠡᠷ ᠰᠠᠷ᠎ᠠ ᠳᠤ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ | ᠦᠪᠤᠷ ᠮᠤᠩᠭᠤᠯ ᠤᠨ ᠬᠢᠨ ᠡᠬᠡ ᠤᠯᠤᠰ ᠤᠨ ᠤᠮᠠᠷᠠᠳᠤ ᠶᠢᠨ ᠡᠨᠡᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ | ᠰᠠᠶᠢᠬᠠᠨ ᠪᠤᠯᠭᠠᠨ ᠴᠤᠭᠴᠠᠯᠠᠬᠤ ᠬᠡᠷᠡᠭᠳᠡᠢ ᠬᠡᠵᠥ ᠱᠠᠭᠠᠷᠳᠠᠪᠠ᠃ ᠨᠢᠳᠤᠨᠤᠨ ᠤ 11 ᠳ᠋ᠣᠭᠡᠷ ᠰᠠᠷ᠎ᠠ ᠳᠤ | ᠬᠤᠷᠠᠯᠳᠤᠭᠰᠠᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ | ᠬᠤᠷᠠᠯ ᠠᠴᠠ ᠶᠡᠷᠤᠩᠬᠡᠢ ᠱᠦᠵᠢ ᠶᠢᠨ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠲᠠᠯ᠎ᠠ ᠪᠠᠷ ᠶᠠᠮᠠᠷ ᠶᠠᠮᠠᠷ ᠴᠢᠬᠤᠯᠠ ᠪᠠᠶᠢᠷᠢᠯᠠᠭᠤᠯᠤᠯᠳᠠ ᠪᠤᠯᠤᠨ ᠠᠷᠭ᠎ᠠ ᠬᠡᠮᠵᠢᠶ᠎ᠡ ᠠᠪᠤᠭᠰᠠᠠ ᠪᠤᠢ︖ ᠬᠤᠶᠢᠰᠢᠳᠠ | ᠪᠠᠰᠠ ᠶᠠᠮᠠᠷ ᠶᠠᠮᠠᠷ ᠰᠢᠨ᠎ᠡ ᠬᠦᠭᠵᠢᠯᠳᠡ ᠶᠢᠨ ᠰᠡᠳᠬᠢᠴᠡ ᠲᠠᠢ ᠪᠤᠢ︖ | ᠯᠢ ᠵᠢᠢ ᠡᡁᠧᠩ ᠲᠦᠯᠥᠬᠡᠯᠡᠭᠴᠢ᠄ ᠠᠷᠠᠳ ᠤᠨ ᠰᠦᠯᠵᠢᠶ᠎ᠡ ᠪᠤᠯ ᠡᠷᠬᠡ ᠰᠦᠷ ᠲᠠᠢ ᠪᠦᠭᠡᠳ ᠦᠨᠳᠦᠰᠦᠨ | ᠱᠠᠳᠤᠨ ᠳᠤ ᠤᠶᠢᠷᠠᠳᠤᠳᠠᠭ ᠵᠠᠭᠤᠴᠢᠯᠠᠭᠤᠷ ᠪᠤᠯᠤᠨ᠎ᠠ᠂ ᠪᠢ ᠠᠷᠠᠳ ᠤᠨ ᠰᠦᠯᠵᠢᠶ᠎ᠡ ᠶᠢ ᠡᠳᠤᠷ ᠪᠤᠯᠭᠠᠨ | ᠦᠵᠡᠳᠡᠭ᠃ | ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶ᠎ᠠ ᠪᠤᠯ ᠦᠪᠤᠷ ᠮᠤᠩᠭᠤᠯ ᠳᠤ ︽ᠲᠤᠭᠳᠠᠭᠠᠵᠥ ᠦᠭᠬᠦᠭᠰᠡᠡ︾ ᠠᠵᠢᠯᠯᠠᠭ᠎ᠠ ᠶᠢᠨ ᠬᠦᠳᠦᠯᠪᠤᠷᠢ ᠮᠥᠨ᠂ ᠪᠢᠳᠡ | ᠶᠠᠷᠢᠶᠠᠨ ᠤ ᠵᠤᠷᠢᠭ ᠰᠠᠨᠠᠭ᠎ᠠ ᠶᠢ ᠦᠪᠤᠷ ᠮᠤᠩᠭᠤᠯ ᠤᠨ ᠦᠭᠡᠷᠡᠴᠢᠯᠡᠯᠳᠡ ᠬᠦᠭᠵᠢᠯᠳᠡ ᠪᠤᠯᠤᠨ ᠤᠳᠤᠬᠢᠴᠢᠯᠠᠬᠤ | ᠪᠦᠳᠦᠭᠡᠨ ᠪᠠᠶᠢᠭᠤᠯᠤᠯᠳᠠ ᠶᠢᠨ ᠦᠨᠳᠦᠰᠦᠨ ᠴᠢᠭᠯᠡᠯ ᠪᠤᠯᠭᠠᠬᠤ ᠶᠢ ᠪᠠᠷᠢᠮᠳᠠᠯᠠᠵᠥ᠂ ᠦᠪᠡᠷᠳᠡᠭᠡᠨ ᠵᠠᠰᠠᠬᠤ ᠤᠷᠤᠨ ᠤ | ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠳᠤ ᠪᠦᠬᠦ ᠲᠠᠯ᠎ᠠ ᠪᠠᠷ᠂ ᠪᠤᠳᠠᠳᠠᠢ ᠪᠠᠷ᠂ | ᠬᠦᠨᠵᠡᠬᠡᠢ ᠲᠤᠤᠱᠯᠠᠭᠤᠯᠵᠥ᠂ ᠪᠦᠬᠦ ᠤᠷᠤᠨ ᠤ ᠠᠵᠥ ᠠᠬᠤᠢ ᠨᠡᠶᠢᠭᠡᠮ ᠤᠨ ᠬᠦᠭᠵᠢᠯᠳᠡ ᠪᠤᠯᠤᠨ ᠨᠠᠮ ᠤᠨ | ᠪᠠᠶᠢᠭᠤᠯᠤᠯᠳᠠ ᠶᠢᠨ ᠡᠯ᠎ᠡ ᠲᠠᠯ᠎ᠠ ᠳᠤ ᠲᠤᠤᠱᠯᠠᠭᠤᠯᠪᠠ᠃ | ᠶᠠᠭᠤᠨ ᠤ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠥᠬᠡᠯᠡᠭᠴᠢᠳ ᠤᠨ ᠶᠡᠭᠡ ᠬᠤᠷᠠᠯ ᠤᠨ ᠭᠤᠤᠯ ᠰᠡᠳᠤᠪ ᠲᠤ ᠶᠡᠷᠤᠩᠬᠡᠢ ᠱᠦᠵᠢ ᠰᠢ ᠶᠢᠨ ᠫᠢᠩ ᠤᠨ ᠦᠪᠤᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ ᠬᠡᠵᠥ ᠲᠤᠭ ᠲᠡᠮᠳᠡᠭ ᠲᠤᠳᠤᠷᠬᠠᠢ ᠪᠠᠷ ᠴᠢᠬᠤᠯᠠᠴᠢᠯᠠᠭᠰᠠᠠ ᠪᠠᠶᠢᠨ᠎ᠠ | ᠃ ᠡᠨᠡᠬᠦ ᠭᠤᠤᠯ ᠰᠡᠳᠤᠪ ᠪᠤᠯ᠄ ︽ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠦᠨᠳᠤᠷ ᠮᠠᠨᠳᠤᠭᠤᠯᠵᠥ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ | ᠲᠤᠭᠤᠷᠢᠨ ᠳᠤ ᠨᠢᠬᠳᠠᠷᠠᠨ ᠪᠦᠯᠬᠦᠮᠳᠡᠵᠥ᠂ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ | ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠥ ᠵᠠᠰᠠᠭ ᠢ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ | ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠬᠡᠢ ᠲᠤᠤᠱᠯᠠᠭᠤᠯᠵᠥ᠂ ᠶᠡᠷᠤᠩᠬᠡᠢ ᠱᠦᠵᠢ ᠰᠢ ᠶᠢᠨ ᠫᠢᠩ ᠤᠨ ᠦᠪᠤᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠥ᠂ ᠴᠤᠴᠠᠯᠳᠠ ᠦᠭᠡᠢ | ᠤᠷᠤᠭᠰᠢᠯᠠᠵᠥ᠂ ᠡᠬᠡ ᠤᠯᠤᠰ ᠤᠨ ᠤᠮᠠᠷᠠᠳᠤ ᠶᠢᠨ ᠡᠨᠡᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ | ᠪᠤᠯᠭᠠᠨ ᠴᠤᠭᠴᠠᠯᠠᠬᠤ ᠶᠠᠪᠤᠳᠠᠯ ᠪᠤᠯᠤᠨ᠎ᠠ︾᠃ | ᠳᠠᠷᠠᠭ᠎ᠠ ᠨᠢ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠬᠦᠭᠵᠢᠯᠲᠠ ᠶᠢᠨ | ᠶᠡᠷᠦᠩᠬᠡᠢ ᠬᠠᠷᠠᠯᠲᠠ ᠨᠢ ᠶᠡᠷᠤᠩᠬᠡᠢ ᠱᠦᠵᠢ ᠶᠢᠨ ᠮᠠᠨ ᠤ ᠤᠷᠤᠨ ᠳᠤ ᠲᠠᠯᠪᠢᠭᠰᠠᠨ ᠬᠦᠰᠡᠯ ᠪᠤᠯᠤᠨ | ᠱᠠᠭᠠᠷᠳᠠᠯᠭ᠎ᠠ ᠪᠠᠷ ᠦᠨᠳᠦᠰᠦᠯᠡᠯ ᠪᠤᠯᠭᠠᠪᠠ᠃ ᠳᠠᠷᠤᠢ᠄ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠳᠠᠶᠢᠨ ᠤ ᠢᠯᠠᠯᠲᠠ ᠶᠢ ᠤᠯᠵᠤ᠂ ᠤᠳᠤᠬᠢᠴᠢᠯᠠᠭᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ | ᠰᠢᠨ᠎ᠠ ᠠᠶᠠᠨ ᠵᠠᠮ ᠢ ᠡᠬᠢᠯᠡᠭᠦᠯᠵᠤ᠂ ᠡᠬᠡ ᠤᠯᠤᠰ ᠤᠨ ᠤᠮᠠᠷᠠᠲᠦ ᠶᠢᠨ ᠡᠨᠡᠬᠦ ᠦᠵᠡᠮᠵᠢ ᠶᠢᠨ ᠤᠷᠤᠨ ᠢ ᠨᠡᠩ | ᠦᠵᠡᠰᠭᠦᠯᠡᠩᠳᠤ ᠰᠠᠶᠢᠬᠠᠨ ᠪᠤᠯᠭᠠᠨ ᠴᠤᠭᠴᠠᠯᠠᠨ᠎ᠠ᠃ | ᠭᠤᠷᠪᠠᠳᠤᠭᠠᠷ ᠲᠤ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠭᠳᠠᠭᠠᠭᠰᠠᠨ ᠬᠠᠷᠠᠯᠲᠠ | ᠡᠭᠦᠷᠭᠡ᠂ ᠬᠦᠭᠵᠢᠯᠲᠠ ᠶᠢᠨ ᠪᠠᠶᠢᠷᠢ ᠲᠤᠭᠳᠠᠭᠠᠯᠲᠠ᠂ ᠦᠵᠡᠯ ᠰᠠᠨᠠᠭ᠎ᠠ ᠠᠷᠭ᠎ᠠ ᠬᠡᠮᠵᠢᠶ᠎ᠠ ᠵᠡᠷᠭᠡ ᠨᠢ ᠪᠦᠷ ᠶᠡᠷᠤᠩᠬᠡᠢ | ᠱᠦᠵᠢ ᠶᠢᠨ ᠴᠢᠬᠤᠯᠠ ᠶᠠᠷᠢᠶ᠎ᠠ ᠪᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠢᠴᠡᠳ ᠢᠯᠡᠷᠡᠭᠦᠯᠵᠠᠢ᠃ ᠡᠨᠡ ᠨᠢ | ᠭᠤᠤᠯᠳᠠᠭᠤ᠄ ᠡᠬᠡ ᠤᠯᠤᠰ ᠤᠨ ᠤᠮᠠᠷᠠᠲᠦ ᠬᠢᠯᠢ ᠶᠢᠨ ᠠᠮᠤᠷ ᠲᠦᠪᠰᠢᠨ ᠤ ᠬᠠᠯᠬᠠᠪᠴᠢ ᠪᠤᠯᠤᠨ ᠮᠠᠨ ᠤ ᠤᠯᠤᠰ ᠤᠨ | ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ | ᠦᠨᠡᠨᠬᠦ ᠰᠠᠶᠢᠲᠤᠷ ᠠᠳᠬᠤᠨ᠎ᠠ︔ ᠬᠦᠭᠵᠢᠯᠲᠠ᠂ ᠠᠮᠢ ᠠᠬᠤᠢ᠂ ᠠᠷᠠᠳ ᠤᠨ ᠠᠮᠢᠳᠤᠷᠠᠯ ᠤᠨ ᠭᠤᠷᠪᠠᠨ ᠬᠤᠷᠢᠭ᠎ᠠ | ᠱᠤᠭᠤᠮ ᠢ ᠡᠷᠡᠰ ᠰᠠᠬᠢᠨ᠎ᠠ︔ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ᠂ ᠲᠤᠭᠳᠠᠮᠠᠯ | ᠬᠦᠷᠦᠩᠭᠡ ᠶᠢᠨ ᠪᠡᠯᠡ ᠤᠷᠤᠭᠤᠯᠤᠯᠲᠠ᠂ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ᠂ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠪᠦᠬᠦ ᠤᠯᠤᠰ ᠤᠨ ᠳᠤᠮᠳᠠᠴᠢ ᠲᠦᠪᠰᠢᠨ ᠠᠴᠠ | ᠦᠨᠳᠦᠷ ᠪᠠᠶᠢᠯᠭᠠᠬᠤ ᠶᠢ ᠴᠢᠷᠮᠠᠶᠢᠨ ᠪᠡᠶᠡᠯᠡᠬᠦᠯᠦᠨ᠎ᠠ︔ ᠤᠯᠠᠨ ᠡᠰᠢᠴᠢᠯᠡᠭᠰᠡᠨ ᠬᠦᠭᠵᠢᠯᠲᠠ᠂ ᠤᠯᠠᠨ ᠲᠦᠢᠯ ᠢᠶᠠᠷ | ᠲᠤᠯᠭᠠᠭᠤᠷᠢᠯᠠᠭᠰᠠᠨ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮᠵᠢ᠂ ᠨᠢᠭᠡ ᠭᠤᠤᠯ ᠤᠯᠠᠨ ᠲᠦᠪ᠂ ᠨᠢᠭᠡ | ᠪᠦᠰᠡ ᠤᠯᠠᠨ ᠲᠡᠩᠭᠡᠯᠢᠭᠲᠦ ᠰᠢᠨ᠎ᠠ ᠬᠡᠯᠪᠡᠷᠢ ᠶᠢᠨ ᠬᠤᠲᠠ ᠪᠠᠯᠭᠠᠰᠤ ᠶᠢᠨ ᠰᠢᠰᠲ᠋ᠧᠮᠵᠢ᠂ ᠦᠪᠡᠷᠮᠢᠴᠠ | ᠤᠨᠴᠠᠯᠢᠭ ᠲᠠᠢ ᠳᠠᠪᠠᠭᠤᠯᠢᠭᠳᠤ ᠤᠷᠤᠨ ᠪᠦᠰᠡ ᠶᠢᠨ ᠰᠢᠨ᠎ᠠ ᠶᠢ ᠡᠭᠦᠳᠬᠦ ᠰᠢᠰᠲ᠋ᠧᠮᠵᠢ᠂ ᠬᠦᠭᠵᠢᠯᠲᠠ ᠳᠤ | ᠵᠤᠬᠢᠴᠠᠭᠰᠠᠨ᠂ ᠵᠤᠬᠢᠬᠤ ᠬᠡᠮᠵᠢᠶᠠᠨ ᠤ ᠳᠠᠪᠰᠢᠩᠭᠤᠢ ᠴᠢᠨᠠᠷ ᠲᠠᠢ ᠰᠠᠭᠤᠷᠢ ᠪᠡᠯᠡᠳᠬᠡᠮᠵᠢ ᠶᠢᠨ ᠲᠤᠤᠷᠵᠢᠯ ᠤᠨ | ᠰᠢᠰᠲ᠋ᠧᠮᠵᠢ ᠶᠢ ᠢᠳᠡᠪᠬᠢᠲᠠᠢ ᠪᠦᠳᠦᠬᠡᠨ ᠪᠠᠶᠢᠭᠤᠯᠤᠨ᠎ᠠ︔ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠯᠲᠡ᠂ | ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠲᠠ ᠪᠤᠯᠤᠨ | ᠪᠤᠬᠢᠷᠳᠤᠯ ᠦᠭᠡᠢ ᠬᠦᠭᠵᠢᠬᠦᠯᠦᠯᠳᠡ ᠶᠢ ᠵᠤᠬᠢᠴᠠᠭᠤᠯᠤᠨ ᠬᠦᠭᠵᠢᠬᠦᠯᠬᠦ ᠶᠢ ᠬᠦᠴᠦᠳᠠᠢ ᠠᠬᠢᠭᠤᠯᠤᠨ᠎ᠠ︔ ᠤᠯᠤᠰ ᠤᠨ | ᠴᠢᠬᠤᠯᠠ ᠡᠨᠧᠷᠭᠢ ᠶᠢᠨ ᠰᠠᠭᠤᠷᠢᠨ᠂ ᠰᠢᠨ᠎ᠠ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ᠂ | ᠦᠩᠭᠡᠲᠦ ᠲᠡᠮᠦᠷᠯᠢᠭ ᠦᠢᠯᠡᠳᠪᠦᠷᠢᠯᠡᠨ ᠪᠤᠯᠪᠠᠰᠤᠷᠠᠭᠤᠯᠬᠤ ᠰᠠᠭᠤᠷᠢᠨ᠂ ᠪᠤᠬᠢᠷᠳᠤᠯ ᠦᠭᠡᠢ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠲᠦᠭᠡᠭᠳᠡᠭᠦᠨ ᠢ ᠦᠢᠯᠡᠳᠪᠦᠷᠢᠯᠡᠨ ᠡᠳ᠋ᠰᠢᠬᠦᠯᠬᠦ ᠰᠠᠭᠤᠷᠢᠨ᠂ ᠪᠠᠶᠢᠯᠳᠤᠬᠤ ᠪᠤᠳᠤᠯᠭ᠎ᠠ ᠶᠢᠨ | ᠴᠢᠨᠠᠷᠲᠠᠢ ᠰᠢᠨ᠎ᠠ ᠪᠠᠷ ᠮᠠᠨᠳᠤᠭᠰᠠᠨ ᠠᠵᠤ ᠦᠢᠯᠡᠰ ᠤᠨ ᠰᠠᠭᠤᠷᠢᠨ ᠪᠤᠯᠤᠨ ᠤᠯᠤᠰ ᠤᠨ ᠳᠤᠳᠤᠭᠠᠳᠦ | ᠭᠠᠳᠠᠭᠠᠳᠦ ᠳᠤ ᠠᠯᠳᠠᠷᠲᠠᠢ ᠵᠤᠭᠠᠴᠠᠯ ᠤᠨ ᠬᠠᠷᠠᠯᠳᠠᠳᠤ ᠭᠠᠵᠠᠷ ᠢ ᠬᠦᠴᠦᠯᠡᠨ ᠪᠦᠲᠦᠭᠡᠨ ᠪᠠᠶᠢᠭᠤᠯᠤᠨ᠎ᠠ︔ ᠲᠡᠮᠦᠷ | ᠵᠠᠮ ᠤᠨ ᠲᠤᠤᠷᠵᠢᠯ᠂ ᠵᠠᠰᠠᠮᠠᠯ ᠵᠠᠮ ᠤᠨ ᠲᠤᠤᠷᠵᠢᠯ᠂ ᠠᠭᠠᠷ ᠤᠨ ᠠᠶᠠᠯᠠᠯ ᠤᠨ ᠲᠤᠤᠷᠵᠢᠯ᠂ ᠤᠰᠤᠨ | ᠠᠰᠢᠭᠯᠠᠯᠲᠠ ᠶᠢᠨ ᠲᠤᠤᠷᠵᠢᠯ᠂ ᠬᠤᠲᠠ ᠶᠢᠨ ᠶᠠᠪᠤᠳᠠᠯ ᠤᠨ ᠲᠤᠤᠷᠵᠢᠯ᠂ ᠡᠨᠧᠷᠭᠢ ᠶᠢᠨ ᠲᠤᠤᠷᠵᠢᠯ᠂ ᠮᠡᠳᠡᠭᠡ ᠵᠠᠩᠭᠢ | ᠴᠢᠮᠡᠭᠡ ᠬᠤᠯᠪᠤᠭ᠎ᠠ ᠶᠢᠨ ᠲᠤᠤᠷᠵᠢᠯ ᠵᠡᠷᠭᠡ ᠳᠤᠯᠤᠭᠠᠨ ᠲᠤᠤᠷᠵᠢᠯ ᠤᠨ ᠰᠢᠰᠲ᠋ᠧᠮ ᠢ ᠪᠦᠲᠦᠭᠡᠨ ᠪᠠᠶᠢᠭᠤᠯᠤᠨ᠎ᠠ︔ | ᠰᠢᠨ᠎ᠠ ᠡᠨᠧᠷᠭᠢ᠂ ᠰᠢᠨ᠎ᠠ ᠮᠠᠲ᠋ᠧᠷᠢᠶᠠᠯ᠂ ᠡᠨᠧᠷᠭᠢ ᠠᠷᠪᠢᠯᠠᠬᠤ ᠤᠷᠴᠢᠨ ᠲᠤᠭᠤᠷᠢᠨ ᠤ ᠬᠠᠮᠠᠭᠠᠯᠠᠯᠲᠠ᠂ ᠳᠡᠭᠡᠳᠦ | ᠮᠡᠷᠭᠡᠵᠢᠯ ᠤᠨ ᠲᠦᠬᠦᠭᠡᠷᠤᠮᠵᠢ᠂ ᠲᠤᠮᠤ ᠳ᠋ᠠᠶᠢᠲ᠋ᠠ ᠡᠭᠦᠯᠡᠨ ᠪᠤᠳᠤᠯᠲᠠ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ | ᠮᠡᠷᠭᠡᠵᠢᠯ᠂ ᠮᠤᠩᠭᠤᠯ ᠬᠢᠲᠠᠳ ᠡᠮ ᠡᠮᠨᠡᠯᠭᠡ ᠵᠡᠷᠭᠡ ᠳᠤᠯᠤᠭᠠᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠠ ᠪᠠᠷ | ᠮᠠᠨᠳᠤᠭᠰᠠᠨ ᠠᠵᠤ ᠦᠢᠯᠡᠰ ᠢ ᠶᠡᠬᠡᠪᠡᠷ ᠪᠤᠶᠢᠵᠢᠭᠤᠯᠤᠨ᠎ᠠ︔ ᠶᠡᠷᠤᠩᠬᠡᠶᠢᠯᠡᠭᠰᠡᠨ ᠠᠵᠤ ᠠᠬᠤᠢ ᠶᠢᠨ ᠪᠤᠳᠠᠳᠤ | ᠬᠦᠴᠦᠨ ᠤ ᠰᠢᠨ᠎ᠠ ᠳᠠᠪᠠᠯᠲᠠ ᠶᠢ ᠪᠡᠶᠡᠯᠡᠭᠦᠯᠬᠦ᠂ ᠦᠭᠡᠷᠡᠴᠢᠯᠡᠯᠲᠡ ᠨᠡᠬᠡᠬᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ | ᠰᠢᠨ᠎ᠠ ᠰᠢᠪᠲᠤᠯᠤᠯᠲᠠ ᠭᠠᠷᠭᠠᠬᠤ᠂ ᠠᠵᠤ ᠠᠬᠤᠢ ᠶᠢᠨ ᠬᠦᠭᠵᠢᠯᠲᠠ ᠶᠢᠨ ᠠᠷᠭ᠎ᠠ ᠬᠡᠯᠪᠡᠷᠢ ᠶᠢᠨ ᠰᠢᠨ᠎ᠠ | ᠬᠤᠪᠢᠷᠠᠯᠲᠠ ᠶᠢ ᠪᠡᠶᠡᠯᠡᠭᠦᠯᠬᠦ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠳᠤ ᠰᠢᠨ᠎ᠠ ᠠᠬᠢᠴᠠ ᠲᠠᠢ ᠪᠤᠯᠬᠤ᠂ | ᠪᠤᠯᠪᠠᠰᠤᠨ ᠵᠤᠬᠢᠴᠠᠩᠭᠤᠢ ᠪᠠᠶᠢᠬᠤ ᠲᠦᠪᠰᠢᠨ ᠰᠢᠨ᠎ᠠ ᠳᠡᠭᠡᠭᠰᠢᠯᠡᠯᠲᠡ ᠲᠠᠢ ᠪᠤᠯᠬᠤ᠂ ᠠᠷᠠᠳ ᠲᠦᠮᠡᠨ ᠤ | ᠠᠮᠢᠳᠤᠷᠠᠯ ᠤᠨ ᠲᠦᠪᠰᠢᠨ ᠤ ᠰᠢᠨ᠎ᠠ ᠳᠡᠭᠡᠭᠰᠢᠯᠡᠯᠲᠡ ᠶᠢ ᠪᠡᠶᠡᠯᠡᠭᠦᠯᠬᠦ᠂ ᠠᠮᠢ ᠠᠬᠤᠢ ᠤᠷᠴᠢᠨ ᠲᠤᠭᠤᠷᠢᠨ ᠤ ᠶᠠᠰᠤ | ᠴᠢᠨᠠᠷ ᠤᠨ ᠰᠢᠨ᠎ᠠ ᠰᠠᠶᠢᠵᠢᠷᠠᠯᠲᠠ ᠶᠢ ᠪᠡᠶᠡᠯᠡᠭᠦᠯᠬᠦ ᠠᠵᠢᠯ ᠢ ᠦᠨᠡᠨᠬᠦ ᠠᠬᠢᠭᠤᠯᠤᠨ᠎ᠠ᠃ | ᠶᠡᠷᠤᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ | ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠡᠷᠬᠡᠪᠰᠢ ᠦᠢᠯᠡᠳᠦᠯᠭᠡ ᠶᠢᠨ ᠳᠤᠮᠳᠠ | ᠦᠷᠭᠦᠯᠵᠢᠯᠡᠨ ᠠᠬᠢᠭᠤᠯᠵᠤ᠂ ᠰᠢᠨᠳᠡᠷᠡᠰᠢ ᠦᠭᠡᠢ ᠴᠢᠷᠮᠠᠶᠢᠵᠤ᠂ ᠴᠦᠬᠦᠷᠡᠰᠢ ᠦᠭᠡᠢ ᠠᠵᠢᠯᠯᠠᠬᠤ ᠬᠡᠷᠡᠭᠲᠡᠢ ᠭᠡᠳᠡᠭ ᠢ | ᠪᠢᠳᠡ ᠭᠦᠨᠵᠡᠭᠡᠢ ᠲᠠᠨᠢᠵᠠᠢ᠃ ᠡᠨᠡ ᠵᠢᠯ ᠤᠨ 1 ᠳ᠋ᠤᠭᠡᠷ ᠰᠠᠷ᠎ᠠ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠳᠤ ᠶᠡᠷᠤᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠰᠠᠭᠤᠳᠠᠯ ᠤᠨ ᠲᠤᠬᠠᠢ ᠲᠤᠰᠬᠠᠶᠢᠯᠠᠨ | ᠰᠤᠳᠤᠯᠤᠨ ᠪᠠᠶᠢᠷᠢᠯᠠᠭᠤᠯᠤᠯᠲᠠ ᠬᠢᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠨᠤᠯ | ᠰᠤᠷᠤᠯᠴᠠᠬᠤ ᠭᠤᠤᠯ ᠳᠤᠭᠤᠶᠢᠯᠠᠩ ᠤᠯᠠᠮ ᠴᠢᠨᠠᠭᠰᠢᠳᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠬᠠᠢ ᠲᠤᠰᠬᠠᠢ ᠰᠡᠳᠦᠪ ᠢᠶᠠᠷ ᠬᠠᠮᠲᠦᠪᠡᠷ ᠶᠠᠷᠢᠯᠴᠠᠨ ᠰᠤᠳᠤᠯᠵᠤ᠂ ᠳᠠᠬᠢᠨ ᠰᠤᠷᠤᠯᠴᠠᠨ ᠳᠠᠬᠢᠨ | ᠰᠤᠳᠤᠯᠵᠤ᠂ ᠳᠠᠬᠢᠨ ᠳᠠᠶᠢᠴᠢᠯᠠᠨ ᠳᠠᠬᠢᠨ ᠪᠠᠶᠢᠷᠢᠯᠠᠭᠤᠯᠵᠤ᠂ ᠳᠠᠬᠢᠨ ᠬᠦᠴᠦᠯᠡᠵᠤ ᠳᠠᠬᠢᠨ ᠡᠬᠢᠯᠡᠭᠦᠯᠬᠦ ᠪᠠᠷ ᠲᠠᠮᠵᠢᠨ | ᠶᠡᠷᠤᠩᠬᠡᠢ ᠱᠦᠵᠢ ᠶᠢᠨ ᠶᠠᠷᠢᠶᠠᠨ ᠤ ᠵᠤᠷᠢᠭ ᠰᠠᠨᠠᠭ᠎ᠠ ᠮᠠᠨ ᠤ ᠤᠷᠤᠨ ᠳᠤ ᠨᠡᠩ ᠭᠦᠨᠵᠡᠭᠡᠢ ᠦᠨᠳᠦᠰᠦᠯᠡᠨ ᠤᠷᠭᠤᠵᠤ | ᠦᠷᠡᠯᠡᠨ ᠵᠢᠮᠢᠰᠯᠡᠬᠦ ᠶᠢ ᠠᠬᠢᠭᠤᠯᠵᠠᠢ᠃ ᠪᠤᠲᠠᠲᠠᠢ ᠠᠵᠢᠯ ᠳᠤᠮᠳᠠ᠂ ᠪᠢᠳᠠ ᠠᠬᠢᠭᠤᠯᠤᠯᠲᠠ | ᠨᠠᠶᠢᠳᠠᠪᠤᠷᠢᠵᠢᠭᠤᠯᠤᠯᠲᠠ ᠶᠢ ᠨᠢᠭᠡ ᠲᠦᠷᠦᠯ ᠨᠢᠭᠡ ᠲᠦᠷᠦᠯ ᠢᠶᠠᠷ ᠰᠠᠶᠢᠳᠤᠷ ᠠᠳᠬᠤᠨ᠎ᠠ᠃ ᠵᠢᠱᠢᠶᠡᠯᠡᠪᠡᠯ᠂ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠬᠦ | ᠠᠰᠠᠭᠤᠳᠠᠯ ᠲᠠᠬᠡᠷ᠎ᠠ᠂ ᠨᠢᠳᠦᠨᠤᠨ ᠤ 11 ᠳ᠋ᠤᠭᠡᠷ ᠰᠠᠷ᠎ᠠ ᠶᠢᠨ 7 ᠤ ᠡᠳᠦᠷ᠂ ᠪᠢᠳᠠ ᠪᠡᠭᠡᠵᠢᠩ ᠳᠤ ᠲᠤᠮᠤ | ᠳ᠋ᠠᠶᠢᠲ᠋ᠠ ᠶᠢᠨ ᠠᠵᠤ ᠦᠢᠯᠡᠰ ᠢᠶᠠᠨ ᠲᠠᠨᠢᠯᠴᠠᠭᠤᠯᠬᠤ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠤᠯᠤᠰ ᠤᠨ | ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠵᠢᠩᠬᠢᠨᠢ ᠪᠠᠷ | ᠡᠬᠢᠯᠡᠭᠦᠯᠵᠡᠢ᠃ ᠲᠤᠬᠠᠢ ᠶᠢᠨ ᠲᠠᠯᠠᠪᠠᠢ ᠳᠤ ᠨᠡᠶᠢᠲᠡ 1000 ᠭᠠᠷᠤᠢ ᠠᠷᠠᠯᠵᠢᠶᠡᠴᠢᠨ ᠤᠷᠤᠯᠴᠠᠵᠤ᠂ ᠶᠡᠷᠦᠩᠬᠡᠢ | ᠪᠡᠯᠡ ᠤᠷᠤᠭᠤᠯᠤᠯᠲᠠ ᠶᠢᠨ ᠬᠡᠮᠵᠢᠶ᠎ᠡ ᠨᠢ 800 ᠭᠠᠷᠤᠢ ᠳ᠋ᠦᠩᠰᠢᠭᠤᠷ ᠬᠦᠷᠬᠦ ᠬᠠᠮᠲᠤᠷᠠᠯᠴᠠᠭᠠᠨ ᠤ ᠬᠡᠯᠡᠯᠴᠡᠭᠡᠷ | ᠳᠤᠬᠲᠠᠵᠤ᠂ ᠤᠳᠤ ᠪᠦᠬᠦ ᠤᠷᠤᠨ ᠤ ᠲᠤᠮᠤ ᠬᠡᠯᠪᠡᠷᠢ ᠶᠢᠨ ᠳ᠋ᠠᠶᠢᠲ᠋ᠠ ᠶᠢᠨ ᠲᠦᠪ ᠦᠢᠯᠡᠴᠢᠯᠡᠭᠦᠷ ᠤᠨ ᠮᠠᠰᠢᠨ | ᠴᠤᠭᠴᠠᠯᠠᠪᠤᠷᠢ ᠶᠢᠨ ᠪᠠᠭᠳᠠᠭᠠᠮᠵᠢ ᠶᠢᠨ ᠬᠡᠮᠵᠢᠶ᠎ᠠ 90 ᠭᠠᠷᠤᠢ ᠲᠦᠮᠡᠨ ᠰᠠᠤᠷᠢ ᠳᠤ ᠬᠦᠷᠴᠦ᠂ 2020 ᠤᠨ | ᠪᠤᠯᠬᠤ ᠳᠤ 300 ᠲᠦᠮᠡᠨ ᠰᠠᠤᠷᠢ ᠶᠢ ᠲᠠᠪᠠᠭᠤᠯᠬᠤ ᠪᠠᠷ ᠴᠢᠷᠮᠠᠶᠢᠵᠤ ᠪᠤᠢ︔ ᠵᠢᠱᠢᠶᠡᠯᠡᠪᠡᠯ᠂ ᠲᠤᠳᠤᠭᠠᠳᠤ | ᠭᠠᠳᠠᠭᠠᠳᠤ ᠨᠡᠭᠡᠭᠡᠯᠲᠡ ᠶᠢ ᠲᠦᠷᠭᠡᠳᠬᠡᠵᠦ᠂ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ ᠠᠰᠠᠭᠤᠳᠠᠯ ᠲᠠᠬᠡᠷ᠎ᠠ᠂ ᠡᠨᠡ ᠵᠢᠯ ᠤᠨ 2 ᠰᠠᠷ᠎ᠠ ᠶᠢᠨ 27 ᠤ ᠡᠳᠦᠷ᠂ ᠪᠢᠳᠠ ᠪᠡᠭᠡᠵᠢᠩ ᠳᠤ | ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠬᠢᠬᠡᠳ ᠲᠦᠪ ᠤᠨ ᠠᠵᠤ ᠠᠬᠤᠶᠢᠯᠠᠯ ᠪᠠ ᠮᠦᠩᠭᠦᠨ | ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠬᠤ ᠶᠠᠷᠢᠯᠴᠠᠬᠤ ᠬᠤᠷᠠᠯ ᠬᠤᠷᠠᠯᠳᠤᠭᠤᠯᠵᠤ᠂ 1000 | ᠰᠢᠬᠠᠮ ᠠᠷᠠᠯᠵᠢᠶᠡᠴᠢᠨ ᠪᠤᠯᠤᠨ 160 ᠭᠠᠷᠤᠢ ᠠᠵᠤ ᠠᠬᠤᠶᠢᠯᠠᠯ ᠤᠷᠤᠯᠴᠠᠵᠤ᠂ ᠲᠤᠬᠠᠢ ᠶᠢᠨ ᠡᠳᠦᠷ ᠤᠨ | ᠦᠳᠡ ᠶᠢᠨ ᠡᠮᠦᠨ᠎ᠡ ᠳᠠᠷᠤᠢ 88 ᠬᠠᠮᠲᠤᠷᠠᠯᠴᠠᠭᠠᠨ ᠤ ᠬᠡᠯᠡᠯᠴᠡᠭᠡᠷ ᠳᠤᠬᠲᠠᠵᠤ᠂ ᠪᠡᠯᠡ ᠤᠷᠤᠭᠤᠯᠤᠯᠳᠠ ᠶᠢᠨ | ᠬᠡᠮᠵᠢᠶ᠎ᠠ 4020 ᠳ᠋ᠦᠩᠰᠢᠭᠤᠷ ᠲᠦᠭᠦᠷᠢᠭ ᠲᠤ ᠬᠦᠷᠴᠦ᠂ ᠴᠢᠬᠤᠯᠠ ᠶᠡᠭᠡ ᠰᠠᠭᠤᠷᠢ ᠳᠦᠬᠦᠭᠡᠷᠦᠮᠵᠢ ᠪᠠ ᠴᠢᠬᠤᠯᠠ | ᠶᠡᠭᠡ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢᠶᠠᠷ ᠭᠤᠤᠯᠳᠠᠵᠠᠢ᠃ ᠤᠳᠤ ᠪᠢᠳᠠ | ᠬᠤᠷᠢᠨᠬᠡᠷ ᠰᠢᠨ᠎ᠡ ᠲᠤᠭᠤᠷᠢᠭ ᠢ ᠡᠬᠢᠯᠡᠨ ᠪᠠᠶᠢᠭᠤᠯᠵᠤ᠂ ᠶᠠᠭ ᠤᠯᠠᠨ ᠤᠯᠤᠰ ᠤᠨ ᠬᠤᠯᠪᠤᠭᠠᠲᠤ ᠪᠠᠶᠢᠭᠤᠯᠤᠯᠭ᠎ᠠ ᠶᠢᠨ | ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢᠨ ᠠᠷᠪᠠᠨ ᠭᠤᠷᠪᠠᠳᠤᠭᠠᠷ ᠤᠳᠠᠭᠠᠨ ᠤ ᠭᠡᠷᠡᠲᠤ | ᠲᠠᠯ᠎ᠠ ᠶᠢᠨ ᠶᠡᠭᠡ ᠬᠤᠷᠠᠯ ᠪᠤᠯᠤᠨ ᠬᠤᠶᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠬᠦᠯᠡᠩ ᠤᠨ | ᠴᠤᠬᠯᠠᠭᠠᠨ ᠢ ᠢᠳᠡᠪᠬᠢᠲᠡᠢ ᠪᠡᠯᠡᠳᠬᠡᠵᠦ ᠪᠤᠢ︔ ︽ᠤᠮᠠᠷᠠᠰᠢ ᠮᠤᠷᠲᠠᠨ ᠡᠮᠦᠨᠡᠰᠢ ᠪᠠᠭᠤᠵᠤ᠂ ᠵᠡᠭᠦᠨᠰᠢ ᠤᠷᠤᠬᠰᠢᠯᠠᠨ | ᠪᠠᠷᠠᠭᠤᠨᠰᠢ ᠵᠤᠷᠴᠢᠵᠤ᠂ ᠲᠤᠳᠤᠷ᠎ᠠ ᠭᠠᠳᠠᠨᠠᠬᠢ ᠲᠠᠢ ᠬᠤᠯᠪᠤᠭᠠᠯᠠᠨ ᠬᠦᠳᠡᠯᠦᠯᠴᠡᠵᠦ᠂ ᠤᠯᠠᠨ ᠲᠠᠯᠠᠲᠤ︾ ᠶᠢᠨ | ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠶᠠᠭ ᠲᠦᠷᠭᠡᠳᠬᠡᠨ ᠪᠦᠷᠢᠯᠳᠦᠬᠦᠯᠵᠦ ᠪᠠᠶᠢᠨ᠎ᠠ᠃ ᠵᠢᠱᠢᠶᠡᠯᠡᠪᠡᠯ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠨ ᠳᠤ ᠡᠷᠡᠰ ᠢᠯᠠᠯᠳᠠ ᠶᠢ ᠤᠯᠬᠤ ᠠᠰᠠᠭᠤᠳᠠᠯ ᠲᠠᠬᠡᠷ᠎ᠠ᠂ ᠪᠦᠬᠦ | ᠤᠷᠤᠨ ᠤ ᠡᠯ᠎ᠠ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠰᠢᠨᠳᠠᠰᠤ ᠡᠷᠴᠢᠯᠡᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠺᠠᠳ᠋ᠷᠴᠤᠳ ᠤᠨ ᠶᠠᠳᠠᠷᠠᠵᠤ ᠵᠦᠳᠡᠷᠡᠭᠰᠡᠨ ᠵᠢᠭᠠᠯᠳᠠ ᠲᠤᠭ᠎ᠠ ᠪᠠᠷ ᠤᠯᠠᠨ | ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ ᠰᠤᠯᠢᠵᠤ᠂ ᠵᠤᠪᠠᠭᠤᠷᠢ ᠶᠢ ᠡᠳ᠋ᠯᠡᠵᠦ ᠵᠦᠳᠡᠭᠦᠷᠢ ᠶᠢ ᠲᠡᠰᠪᠦᠷᠢᠯᠡᠬᠦ | ᠂ ᠴᠤᠴᠠᠯᠲᠠ ᠦᠭᠡᠢ ᠤᠷᠤᠬᠰᠢᠯᠠᠬᠤ ᠮᠤᠩᠭᠤᠯ ᠮᠤᠷᠢ ᠶᠢᠨ ᠵᠤᠷᠢᠭ ᠰᠠᠨᠠᠭ᠎ᠠ ᠪᠠᠷ ᠬᠠᠷᠠᠯᠲᠠ ᠳᠠᠭᠠᠨ ᠬᠦᠷᠬᠦ ᠦᠭᠡᠢ | ᠪᠤᠯ ᠡᠴᠦᠰ ᠲᠤᠨᠢ ᠲᠤᠯᠲᠠᠯ᠎ᠠ ᠲᠡᠮᠡᠴᠡᠵᠤ᠂ 2020 ᠤᠨ ᠳᠤ ᠬᠤᠭᠤᠴᠠᠭ᠎ᠠ ᠶᠤᠰᠤᠭᠠᠷ ᠶᠠᠳᠠᠭᠤ ᠬᠦᠴᠢᠷᠳᠡᠯᠳᠡᠢ | ᠬᠦᠮᠦᠰ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠪᠤᠯᠤᠨ ᠬᠤᠰᠢᠭᠤ | ᠰᠢᠶᠠᠨ ᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠦᠨ᠎ᠠ᠃ ᠪᠢᠳᠠ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠴᠢᠬᠠᠪᠠᠯ᠂ ᠮᠦᠪᠦᠷ | ᠮᠤᠩᠭᠤᠯ ᠤᠨ ᠮᠠᠷᠭᠠᠰᠢ ᠨᠡᠩ ᠰᠠᠶᠢᠨ ᠰᠠᠶᠢᠬᠠᠨ ᠪᠤᠯᠤᠨ᠎ᠠ ᠭᠡᠰᠡᠨ ᠢ ᠪᠠᠲᠤ ᠢᠲᠡᠭᠡᠵᠦ ᠪᠠᠶᠢᠨ᠎ᠠ᠃ ᠡᠨᠡ ᠵᠢᠯ ᠤᠨ 1 | — 2 ᠰᠠᠷ᠎ᠠ ᠳᠤ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ | ᠡᠷᠡᠬᠦᠯ ᠳᠤᠬᠲᠠᠭᠤᠨ ᠮᠦᠷᠲᠡᠭᠡᠨ ᠰᠠᠶᠢᠵᠢᠷᠠᠯᠳᠠ ᠲᠠᠢ ᠪᠠᠶᠢᠵᠤ᠂ ᠪᠦᠬᠦ ᠤᠷᠤᠨ ᠤ ᠡᠩ ᠤᠨ ᠤᠯᠠᠨ ᠨᠡᠶᠢᠲᠡ ᠶᠢᠨ | ᠲᠦᠰᠦᠪ ᠤᠨ ᠤᠷᠤᠯᠭ᠎ᠠ 318.1 ᠳ᠋ᠦᠩᠰᠢᠭᠤᠷ ᠲᠦᠭᠦᠷᠢᠭ ᠲᠤ ᠬᠦᠷᠦᠬᠡᠳ 7.5% ᠢᠶᠠᠷ ᠨᠡᠮᠡᠭᠳᠡᠵᠡᠢ᠃ | ᠡᠭᠦᠨ ᠳᠤ ᠭᠠᠶᠢᠯᠢ ᠶᠢᠨ ᠤᠷᠤᠯᠭ᠎ᠠ 239.2 ᠳ᠋ᠦᠩᠰᠢᠭᠤᠷ ᠲᠦᠭᠦᠷᠢᠭ ᠲᠤ ᠬᠦᠷᠦᠬᠡᠳ 24.0% ᠢᠶᠠᠷ | ᠨᠡᠮᠡᠭᠳᠡᠵᠤ᠂ ᠭᠠᠶᠢᠯᠢ ᠶᠢᠨ ᠪᠤᠰᠤ ᠤᠷᠤᠯᠭ᠎ᠠ 78.9 ᠳ᠋ᠦᠩᠰᠢᠭᠤᠷ ᠲᠦᠭᠦᠷᠢᠭ ᠲᠤ ᠬᠦᠷᠦᠬᠡᠳ 23.4% ᠢᠶᠠᠷ | ᠪᠠᠭᠤᠷᠠᠪᠠ᠃ | ᠲᠦᠪ ᠤᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢᠨ ᠰᠤᠷᠪᠤᠯᠵᠢᠯᠠᠬᠴᠢ᠄ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠬᠡᠷᠬᠢᠨ | ᠨᠠᠶᠢᠳᠠᠪᠤᠷᠢᠵᠢᠭᠤᠯᠵᠤ᠂ ᠰᠤᠷᠲᠠᠯ ᠴᠢᠭᠡᠴᠢ ᠤᠪᠤᠷ ᠲᠦᠪ ᠤᠯᠤᠰ ᠲᠦᠷᠦ ᠶᠢᠨ ᠠᠮᠢ ᠠᠬᠤᠢ ᠶᠢ ᠭᠡᠷᠬᠢᠨ ᠡᠭᠦᠳᠦᠨ | ᠪᠠᠶᠢᠭᠤᠯᠬᠤ ᠪᠠᠷ ᠲᠦᠯᠦᠪᠯᠡᠵᠦ ᠪᠠᠶᠢᠬᠤ ᠪᠤᠢ︖ | ᠯᠢ ᠵᠢᠢ ᠾᠧᠩ ᠲᠦᠯᠦᠭᠡᠯᠡᠭᠴᠢ᠄ ᠦᠪᠦᠷ ᠮᠤᠩᠭᠤᠯ ᠤᠨ ᠠᠵᠢᠯ ᠢ ᠰᠠᠶᠢᠳᠤᠷ ᠬᠢᠬᠦ ᠵᠠᠩᠭᠢᠯᠠᠭ᠎ᠠ ᠪᠤᠯ ᠨᠠᠮ ᠢ | ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠪᠤᠯᠤᠨ᠎ᠠ᠃ ᠪᠢᠳᠠ ᠨᠠᠮ ᠤᠨ ᠪᠠᠶᠢᠭᠤᠯᠤᠯᠲᠠ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢ ᠰᠠᠶᠢᠳᠤᠷ | ᠠᠳᠬᠤᠬᠤ ᠶᠢ ᠵᠠᠰᠠᠬ ᠤᠨ ᠠᠵᠢᠯ ᠤᠨ ᠬᠠᠮᠤᠭ ᠤᠨ ᠶᠡᠭᠡ ᠪᠦᠲᠦᠮᠵᠢ ᠪᠤᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠡᠯ᠎ᠡ ᠲᠦᠷᠦᠯ ᠤᠨ ᠠᠵᠢᠯ ᠢ ᠬᠦᠨᠵᠡᠭᠡᠢ ᠠᠬᠢᠭᠤᠯᠵᠤ ᠪᠤᠢ᠃ ᠨᠢᠬᠡ ᠳᠤ᠂ ᠦᠵᠡᠯ ᠰᠠᠨᠠᠭ᠎ᠠ | ᠤᠨᠤᠯ ᠤᠨ ᠪᠠᠶᠢᠭᠤᠯᠤᠯᠳᠠ ᠶᠢᠨ ᠡᠨᠡᠬᠦ ᠦᠨᠳᠤᠰᠤᠨ ᠵᠦᠢᠯ ᠢ ᠰᠠᠶᠢᠳᠤᠷ ᠠᠳᠬᠤᠵᠤ᠂ ᠶᠠᠷᠤᠩᠬᠡᠢ ᠱᠦᠵᠢ ᠰᠢ ᠶᠢᠨ | ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠬ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠬ ᠢ ᠡᠷᠬᠢᠯᠡᠬᠦ ᠰᠢᠨ᠎ᠠ | ᠤᠶᠢᠯᠠᠭᠠᠭᠳᠠᠭᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠬᠡᠢ ᠰᠤᠷᠤᠯᠴᠠᠨ | ᠲᠤᠤᠱᠯᠠᠭᠤᠯᠬᠤ ᠶᠢ ᠤᠷᠳᠤ ᠬᠤᠭᠤᠴᠠᠭᠠᠨ ᠤ ᠴᠢᠬᠤᠯᠠ ᠶᠡᠭᠡ ᠤᠯᠤᠰ ᠲᠦᠷᠤ ᠶᠢᠨ ᠡᠬᠦᠷᠬᠡ ᠪᠤᠯᠭᠠᠨ ᠦᠨᠡᠨ | ᠰᠤᠷᠤᠯᠴᠠᠵᠤ᠂ ᠦᠨᠡᠨ ᠤᠶᠢᠯᠠᠭᠠᠵᠤ᠂ ᠦᠨᠡᠨ ᠢᠳᠡᠬᠡᠵᠤ᠂ ᠦᠨᠡᠨ ᠭᠡᠷᠡᠭᠯᠡᠬᠦ ᠶᠢ ᠪᠡᠶᠡᠯᠡᠬᠦᠯᠤᠨ᠎ᠠ᠃ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠤᠵᠢᠯ ᠢ ᠪᠠᠶᠢᠩᠭᠤᠵᠢᠭᠤᠯᠵᠤ | ᠲᠦᠷᠢᠮᠵᠢᠬᠦᠯᠬᠦ ᠶᠢ ᠲᠦᠷᠬᠡᠳᠬᠡᠨ ᠠᠬᠢᠭᠤᠯᠵᠤ᠂ ᠦᠷᠬᠡᠨ ᠤᠯᠠᠨ ᠨᠠᠮ ᠤᠨ ᠬᠡᠰᠢᠬᠦᠨ᠂ ᠺᠠᠳ᠋ᠷ ᠤᠨ ᠤᠯᠤᠰ | ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠳᠠᠢ ᠪᠠᠶᠢᠬᠤ | ᠤᠬᠠᠮᠰᠠᠷ ᠢᠶᠠᠨ ᠦᠨᠡᠨᠬᠦ ᠲᠡᠭᠡᠭᠰᠢᠯᠡᠬᠦᠯᠬᠦ ᠶᠢ ᠠᠬᠢᠭᠤᠯᠵᠤ᠂ ᠲᠤᠬ ᠲᠡᠮᠳᠡᠭ ᠳᠤᠳᠤᠷᠬᠠᠢ ᠪᠠᠷ ᠤᠯᠤᠰ ᠲᠦᠷᠤ ᠶᠢ | ᠡᠷᠬᠢᠮᠯᠠᠵᠤ᠂ ᠤᠯᠤᠰ ᠲᠦᠷᠤ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠤ ᠶᠢᠨ ᠶᠤᠰᠤ ᠵᠢᠷᠤᠮ ᠢ ᠴᠢᠩᠭ᠎ᠠ | ᠰᠠᠬᠢᠵᠤ᠂ ᠶᠠᠷᠤᠩᠬᠡᠢ ᠱᠦᠵᠢ ᠰᠢ ᠶᠢᠨ ᠫᠢᠩ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠦᠷᠢᠶᠠᠯᠠᠵᠤ᠂ | ᠨᠠᠮ ᠤᠨ ᠲᠦᠪ ᠬᠤᠷᠢᠶᠠᠨ ᠤ ᠡᠷᠬᠡ ᠰᠦᠷ ᠢ ᠡᠷᠡᠰ ᠬᠦᠷᠢᠶᠠᠯᠠᠵᠤ᠂ ᠤᠯᠤᠰ ᠲᠦᠷᠤ ᠦᠵᠡᠯ ᠰᠠᠨᠠᠭ᠎ᠠ ᠦᠢᠯᠡ | ᠠᠵᠢᠯᠯᠠᠭ᠎ᠠ ᠲᠡᠭᠡᠷ᠎ᠠ ᠪᠠᠨ ᠢᠮᠠᠬᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠬᠡᠳᠤᠯᠳᠠᠢ ᠪᠠᠶᠢᠯᠭᠠᠨ᠎ᠠ᠃ ᠬᠤᠶᠠᠷ ᠲᠤ᠂ ᠰᠢᠨ᠎ᠠ ᠪᠠᠶᠢᠳᠠᠯ ᠲᠤᠤᠷᠠᠬᠢ | ᠨᠠᠮ ᠤᠨ ᠳᠤᠳᠤᠭᠠᠳᠤ ᠶᠢᠨ ᠤᠯᠤᠰ ᠲᠦᠷᠤ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ ᠪᠤᠯᠤᠨ ᠨᠠᠮ ᠤᠨ | ᠳᠤᠳᠤᠭᠠᠳᠤ ᠳᠤ ᠬᠢᠨᠠᠯᠳᠠ ᠲᠠᠯᠪᠢᠬᠤ ᠲᠦᠷᠢᠮ ᠢ ᠪᠦᠬᠦ ᠲᠠᠯ᠎ᠠ ᠪᠠᠷ ᠨᠠᠶᠢᠳᠠᠠᠪᠤᠷᠢᠵᠢᠭᠤᠯᠵᠤ᠂ ᠡᠯ᠎ᠠ ᠱᠠᠳᠤᠨ ᠤ | ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠡᠮ ᠤᠨ ᠬᠡᠰᠢᠬᠦᠨ ᠺᠠᠳ᠋ᠷ ᠤᠨ ᠲᠤᠰ ᠪᠠᠶ᠎ᠠ ᠶᠢᠨ ᠠᠰᠠᠭᠤᠳᠠᠯ ᠢᠶᠠᠨ | ᠢᠯᠡᠷᠡᠬᠦᠯᠵᠤ ᠰᠢᠢᠳᠪᠤᠷᠢᠯᠡᠬᠦ ᠴᠢᠳᠠᠪᠤᠷᠢ ᠶᠢ ᠲᠡᠭᠡᠭᠰᠢᠯᠡᠬᠦᠯᠤᠨ᠎ᠠ᠃ ᠭᠤᠷᠪᠠ ᠳᠤ᠂ ᠺᠠᠳ᠋ᠷ ᠢ ᠰᠤᠩᠭᠤᠨ ᠭᠡᠷᠡᠭᠯᠡᠬᠦ᠂ | ᠬᠢᠨᠠᠨ ᠬᠠᠮᠢᠶᠠᠷᠬᠤ ᠶᠢ ᠴᠢᠩᠭᠠᠳᠬᠠᠵᠤ᠂ ᠲᠦᠪ ᠭᠤᠤᠯᠴᠢ ᠠᠷᠢᠭᠤᠨ ᠴᠢᠬᠡᠴᠢ ᠵᠤᠷᠢᠬᠳᠠᠢ ᠡᠬᠦᠷᠬᠡᠯᠡᠳᠡᠭ ᠲᠡᠭᠡᠳᠤ | ᠮᠡᠳᠡᠯᠬᠡ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ᠂ ᠺᠠᠳ᠋ᠷ ᠢ ᠭᠡᠷᠡᠭᠯᠡᠬᠦ ᠳᠤ ︽ᠮᠤᠷᠠᠯ ᠡᠷᠳᠡᠮ | ᠬᠤᠤᠰᠠᠯᠠᠬᠰᠠᠨ ᠮᠤᠷᠠᠯ ᠢ ᠲᠡᠷᠢᠬᠦᠨ ᠳᠤ ᠲᠠᠯᠪᠢᠬᠰᠠᠨ︾᠂ ︽ᠠᠭᠤᠳᠠᠮ ᠪᠠᠭᠳᠠᠭᠠᠮᠵᠢᠳᠠᠢ᠂ ᠰᠤᠷᠳᠠᠯ ᠴᠢᠬᠡᠴᠢ | ᠤᠪᠤᠷ ᠲᠦᠪ︾ ᠪᠠᠶᠢᠬᠤ ᠶᠢ ᠪᠠᠳᠤᠯᠠᠨ᠎ᠠ᠃ ᠲᠦᠷᠪᠡ ᠳᠤ᠂ ᠦᠨᠳᠤᠰᠤᠨ ᠱᠠᠳᠤ ᠶᠢ ᠶᠡᠬᠡᠪᠡᠷ ᠠᠳᠬᠤᠬᠤ ᠢᠯᠡ | ᠳᠤᠳᠤᠷᠬᠠᠢ ᠤᠳᠤᠷᠢᠳᠤᠮᠵᠢ ᠶᠢ ᠪᠠᠳᠤ ᠪᠤᠢ ᠪᠤᠯᠭᠠᠵᠤ᠂ ︽ᠤᠮᠠᠷᠠᠳᠤ ᠬᠢᠯᠢ ᠶᠢᠨ ᠬᠤᠰᠢᠭᠤᠴᠢ︾ ᠢᠨᠵᠧᠨᠧᠷᠢᠩ ᠢ | ᠭᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠤᠷᠤᠨ᠂ ᠬᠤᠳᠠ ᠪᠠᠯᠭᠠᠰᠤ ᠨᠡᠶᠢᠬᠡᠮ ᠲᠤᠭᠤᠷᠢᠬ᠂ ᠪᠠᠶᠢᠭᠤᠯᠤᠯᠭ᠎ᠠ᠂ | ᠤᠯᠤᠰ ᠤᠨ ᠦᠮᠴᠢᠯᠡᠯ ᠤᠨ ᠠᠵᠤ ᠠᠬᠤᠶᠢᠯᠠᠯ᠂ ᠶᠡᠭᠡ ᠲᠡᠭᠡᠳᠤ ᠰᠤᠷᠭᠠᠭᠤᠯᠢ ᠪᠤᠯᠤᠨ ᠨᠡᠶᠢᠳᠠ ᠶᠢᠨ ᠦᠮᠴᠢᠯᠠᠯ ᠤᠨ | ᠪᠤᠰᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠵᠡᠷᠬᠡ ᠬᠦᠷᠢᠶᠠᠨ ᠤ | ᠨᠠᠮ ᠤᠨ ᠪᠠᠶᠢᠭᠤᠯᠤᠯᠳᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠨᠠᠮ ᠤᠨ ᠪᠠᠶᠢᠭᠤᠯᠤᠯᠳᠠ ᠶᠢᠨ ᠠᠵᠢᠯ ᠤᠨ | ᠲᠡᠭᠡᠷ᠎ᠠ ᠱᠠᠳᠤ ᠲᠠᠢ ᠤᠶᠢᠷᠠᠳᠴᠤ ᠪᠦᠬᠦᠨ ᠢ ᠪᠦᠷᠬᠦᠬᠦᠯᠬᠦ᠂ ᠦᠨᠳᠤᠰᠤᠨ ᠱᠠᠳᠤ ᠲᠠᠢ ᠤᠶᠢᠷᠠᠳᠴᠤ ᠬᠦᠨ | ᠦᠨᠳᠤᠰᠤᠯᠡᠬᠦ ᠶᠢ ᠪᠠᠳᠤᠯᠠᠵᠤ᠂ ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠲᠦᠪᠰᠢᠨ ᠢ | ᠪᠦᠬᠦ ᠲᠠᠯ᠎ᠠ ᠪᠠᠷ ᠲᠡᠭᠡᠭᠰᠢᠯᠡᠬᠦᠯᠤᠨ᠎ᠠ᠃ ᠲᠠᠪᠤ ᠳᠤ᠂ ︽ᠨᠠᠮ ᠤᠨ ᠲᠦᠪ ᠬᠤᠷᠢᠶ᠎ᠠ ᠶᠢᠨ ᠨᠠᠢᠮᠠᠨ ᠲᠤᠭᠳᠠᠭᠠᠯ ᠤᠨ | ᠵᠤᠷᠢᠬ ᠰᠠᠨᠠᠭ᠎ᠠ ᠶᠢ ᠴᠢᠨᠠᠬᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ ᠰᠤᠷᠳᠠᠯ ᠤᠨ ᠪᠠᠶᠢᠭᠤᠯᠤᠯᠳᠠ ᠶᠢ | ᠦᠷᠬᠦᠯᠵᠢᠯᠠᠨ ᠬᠦᠨᠵᠡᠬᠡᠶᠢᠷᠡᠬᠦᠯᠬᠦ ᠲᠤᠬᠠᠢ ᠰᠠᠨᠠᠯ︾ ᠢ ᠰᠤᠳᠤᠯᠤᠨ ᠲᠤᠭᠳᠠᠭᠠᠵᠤ ᠪᠤᠢ᠃ ᠡᠬᠦᠨ ᠢ ᠨᠡᠩ ᠴᠢᠩᠭ᠎ᠠ᠂ | ᠨᠡᠩ ᠬᠢᠵᠠᠭᠠᠷᠯᠠᠬᠤ ᠴᠢᠨᠠᠷᠳᠠᠢ ᠪᠠ ᠠᠵᠢᠯᠯᠠᠬᠤ ᠴᠢᠨᠠᠷᠳᠠᠢ ᠪᠤᠯᠭᠠᠵᠤ᠂ ᠰᠤᠷᠳᠠᠯ ᠤᠨ ᠪᠠᠶᠢᠭᠤᠯᠤᠯᠳᠠ ᠶᠢ ᠦᠴᠦᠬᠡᠨ | ᠴᠤ ᠰᠤᠯᠠᠷᠠᠭᠤᠯᠬᠤ ᠪᠠᠷ ᠰᠠᠶᠢᠳᠤᠷ ᠠᠳᠬᠤᠨ᠎ᠠ᠃ ᠵᠢᠷᠭᠤᠭ᠎ᠠ ᠳᠤ᠂ ᠨᠠᠮ ᠤᠨ ᠰᠤᠷᠳᠠᠯ ᠴᠢᠬᠡᠴᠢ ᠵᠠᠰᠠᠬ ᠤᠨ | ᠪᠠᠶᠢᠭᠤᠯᠤᠯᠳᠠ ᠪᠤᠯᠤᠨ ᠢᠯᠵᠢᠷᠠᠯ ᠢ ᠡᠰᠡᠷᠬᠦᠴᠡᠬᠦ ᠲᠡᠮᠡᠴᠡᠯ ᠢ ᠡᠷᠡᠰ ᠭᠤᠶᠢᠪᠢᠰᠢ ᠦᠬᠡᠢ ᠠᠬᠢᠭᠤᠯᠵᠤ᠂ ᠰᠠᠬᠢᠯᠭ᠎ᠠ | ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ | ᠲᠤᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ ᠠᠶᠢᠮᠠᠬ ᠬᠤᠳᠠ᠂ ᠬᠤᠰᠢᠭᠤ ᠰᠢᠶᠠᠨ ᠤ ᠲᠤᠭᠤᠷᠢᠨ | ᠪᠠᠶᠢᠴᠠᠭᠠᠬᠤ ᠲᠦᠷᠢᠮ ᠢ ᠪᠦᠬᠦ ᠲᠠᠯ᠎ᠠ ᠪᠠᠷ ᠠᠬᠢᠭᠤᠯᠤᠨ᠎ᠠ᠃ ᠭᠡᠷᠡᠭ ᠪᠠᠶᠢᠪᠠᠯ ᠵᠠᠪᠠᠯ ᠪᠠᠶᠢᠴᠠᠭᠠᠬᠤ᠂ ᠭᠡᠷᠡᠭ ᠪᠠᠶᠢᠪᠠᠯ | ᠲᠦᠢᠯᠪᠤᠷᠢᠳᠠᠢ ᠪᠠᠶᠢᠴᠠᠭᠠᠬᠤ ᠶᠢ ᠪᠡᠶᠡᠯᠡᠬᠦᠯᠵᠤ᠂ ︽ᠪᠠᠷᠰ︾ ︽ᠢᠯᠠᠭ᠎ᠠ︾ ᠶᠢ ᠵᠡᠷᠬᠡᠪᠡᠷ ᠴᠤᠬᠢᠵᠤ᠂ ᠱᠠᠮᠰᠢᠬᠤ ᠶᠢ | ᠵᠠᠯᠬᠠᠭᠠᠨ ᠰᠢᠳᠬᠡᠵᠤ ᠢᠯᠵᠢᠷᠠᠯ ᠢ ᠡᠰᠡᠷᠬᠦᠴᠡᠬᠦ ᠰᠦᠷ ᠬᠦᠴᠤᠳᠤ ᠪᠠᠶᠢᠳᠠᠯ ᠢ ᠪᠠᠳᠤᠯᠠᠨ ᠢᠯᠵᠢᠷᠠᠬᠤ ᠠᠴᠠ | ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠭᠤᠯᠤᠮᠵᠢ ᠲᠤᠭᠳᠠᠴᠠ ᠶᠢ | ᠬᠦᠴᠤᠯᠨᠨ ᠪᠠᠶᠢᠭᠤᠯᠤᠨ᠎ᠠ᠃ ᠰᠢᠨ᠎ᠠ ᠨᠢᠬᠡ ᠬᠤᠭᠤᠴᠠᠭᠠᠨ ᠤ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠬᠢᠨ ᠰᠢᠨ᠎ᠠ ᠨᠢᠬᠡᠨ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠡᠬᠢᠯᠠᠬᠦᠯᠵᠤ᠂ | ᠠᠶᠢᠮᠠᠬ ᠬᠤᠳᠠ᠂ ᠬᠤᠰᠢᠭᠤ ᠰᠢᠶᠠᠨ᠂ ᠤᠷᠤᠨ ᠤ ᠰᠢᠭᠤᠳ ᠬᠠᠷᠢᠶ᠎ᠠ ᠡᠯ᠎ᠠ ᠵᠦᠪᠯᠡᠯ ᠠᠯᠪᠠᠨ ᠭᠡᠷ ᠲᠢᠩᠬᠢᠮ | ᠲᠤᠪᠴᠢᠶ᠎ᠠ ᠵᠢᠴᠢ ᠠᠵᠤ ᠠᠬᠤᠶᠢᠯᠠᠯ ᠠᠵᠢᠯ ᠤᠶᠢᠯᠡᠰ ᠤᠨ ᠨᠢᠬᠡᠴᠠ ᠳᠤ ᠲᠦᠯᠤᠪᠯᠡᠭᠡ ᠲᠠᠢ᠂ ᠪᠦᠬᠦᠨ ᠢ ᠪᠦᠷᠬᠦᠬᠦᠯᠬᠦ | ᠲᠤᠭᠤᠷᠢᠨ ᠪᠠᠶᠢᠴᠠᠭᠠᠬᠤ ᠠᠵᠢᠯ ᠢ ᠦᠷᠨᠢᠬᠦᠯᠵᠤ᠂ ᠡᠬᠦᠨ ᠤ ᠬᠠᠮᠳᠤ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ | ᠭᠠᠴᠠᠭ᠎ᠠ ᠲᠤᠰᠬᠤᠨ ᠵᠢᠴᠢ ᠦᠨᠳᠤᠰᠤᠨ ᠱᠠᠳᠤᠨ ᠤ ᠨᠢᠬᠡᠴᠠ ᠳᠤ ᠲᠤᠭᠤᠷᠢᠨ ᠪᠠᠶᠢᠴᠠᠭᠠᠬᠤ ᠠᠵᠢᠯ ᠢ | ᠡᠬᠢᠯᠡᠬᠦᠯᠤᠨ᠎ᠠ᠃ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠶᠠᠭ ᠮᠠᠨ ᠤ ᠤᠷᠤᠨ ᠳᠤ | ᠲᠤᠭᠤᠷᠢᠨ ᠪᠠᠶᠢᠴᠠᠭᠠᠵᠤ ︽ᠡᠷᠬᠢᠵᠤ ᠬᠠᠷᠠᠬᠤ︾ ᠠᠵᠢᠯ ᠦᠷᠨᠢᠬᠦᠯᠵᠤ ᠪᠤᠢ᠃ ᠪᠢᠳᠠ ᠲᠤᠭᠤᠷᠢᠨ ᠪᠠᠶᠢᠴᠠᠭᠠᠬᠤ | ᠲᠤᠭᠤᠶᠢᠯᠠᠩ ᠯᠤᠭ᠎ᠠ ᠪᠦᠬᠦ ᠬᠦᠴᠤ ᠪᠠᠷ ᠢᠶᠠᠨ ᠬᠠᠮᠵᠢᠯᠴᠠᠨ ᠠᠵᠢᠯ ᠢᠶᠠᠨ ᠰᠠᠶᠢᠳᠤᠷ ᠬᠢᠵᠤ᠂ ᠠᠰᠠᠭᠤᠳᠠᠯ ᠢ ᠨᠡᠩ | ᠰᠠᠶᠢᠨ ᠢᠯᠡᠷᠡᠬᠦᠯᠬᠦ ᠪᠠ ᠰᠢᠢᠳᠪᠤᠷᠢᠯᠠᠵᠤ᠂ ᠠᠵᠢᠯ ᠢᠶᠠᠨ ᠴᠢᠨᠠᠬᠰᠢᠳᠠ ᠴᠢᠩᠭᠠᠳᠬᠠᠬᠤ ᠪᠠ ᠰᠠᠶᠢᠵᠢᠷᠠᠭᠤᠯᠤᠨ᠎ᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠢᠨ ᠲᠡᠭᠡᠷ᠎ᠠ ᠱᠠᠳᠤ ᠨᠢ ᠲᠤᠤᠷ᠎ᠠ ᠱᠠᠳᠤ ᠪᠠᠨ | ᠲᠠᠶᠢᠴᠢᠯᠠᠬᠤ ᠶᠢ ᠪᠠᠷᠢᠮᠳᠠᠯᠠᠵᠤ᠂ ᠠᠷᠢᠭᠤᠨ ᠴᠢᠬᠡᠴᠢ ᠪᠠᠷ ᠪᠠᠶ᠎ᠠ ᠪᠠᠨ ᠴᠢᠩᠭ᠎ᠠ ᠱᠠᠭᠠᠷᠳᠠᠨ ︽ᠲᠡᠷᠬᠡᠳᠡᠬᠢ ᠪᠠᠨ ᠦᠯᠤ | ᠤᠶᠢᠯᠠᠭᠠᠬᠤ︾ ᠦᠵᠡᠭᠳᠠᠯ ᠢ ᠦᠨᠡᠨᠬᠦ ᠰᠡᠷᠬᠡᠶᠢᠯᠠᠨ᠎ᠠ᠃ |