| | | ᠤᠰᠤ ᠲᠠᠲᠠᠵᠤ ᠡᠨᠧᠷᠭᠢ ᠬᠠᠳᠠᠭᠠᠯᠠᠬᠤ ᡁᠢ ᠷᠦᠢ ᠴᠠᠬᠢᠯᠭᠠᠨ ᠦᠷᠳᠡᠭᠡ | | 3 ᠳ᠋ᠤᠭᠠᠷ ᠰᠠᠷ᠎ᠠ ᠶᠢᠨ 8 ᠤ ᠡᠳᠦᠷ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 4 ᠵᠢᠯ ᠤᠨ ᠴᠥᠬᠦᠷᠡᠰᠢ ᠦᠭᠡᠢ | ᠴᠢᠷᠮᠠᠶᠢᠯᠭ᠎ᠠ ᠪᠠᠷ ᠳᠠᠮᠵᠢᠭᠠᠳ᠂ ᠣᠷᠴᠢᠮᠬᠠᠨ ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠶᠢᠨ | ᠴᠣᠬᠤᠯᠠᠪᠤᠷᠢᠯᠠᠨ ᠨᠡᠶᠢᠲᠡᠯᠡᠭᠰᠡᠨ 2017 ᠣᠨ ᠤ ᠡᠨᠧᠷᠭᠢ ᠶᠢᠨ ᠴᠢᠬᠤᠯᠠ ᠶᠡᠭᠡ ᠪᠠᠷᠢᠯᠭ᠎ᠠ ᠶᠢᠨ | ᠲᠥᠯᠥᠪᠯᠡᠭᠡ ᠶᠢᠨ ᠠᠵᠢᠯ ᠡᠬᠢᠯᠡᠭᠦᠯᠦᠨ ᠪᠦᠳᠦᠬᠡᠨ ᠪᠠᠶᠢᠭᠤᠯᠬᠤ 3 ᠴᠠᠬᠢᠯᠭᠠᠨ ᠦᠷᠳᠡᠭᠡ ᠳᠤ ᠬᠡᠰᠢᠭᠲᠡᠨ | ᠬᠤᠰᠢᠭᠤᠨ ᠤ ᠤᠰᠤ ᠲᠠᠲᠠᠬᠤ ᠡᠨᠧᠷᠭᠢ ᠬᠠᠳᠠᠭᠠᠯᠠᠬᠤ ᡁᠢ ᠷᠦᠢ ᠴᠠᠬᠢᠯᠭᠠᠨ ᠦᠷᠳᠡᠭᠡ ᠵᠢᠭᠰᠠᠭᠠᠭᠳᠠᠪᠠ᠃ ᠨᠥᠭᠦᠭᠡ | 2 ᠨᠢ ᠵᠧᠵᠢᠶᠠᠩ ᠤᠨ ᠨᠢᠩ ᠬᠠᠶ᠂ ᠬᠤᠨᠠᠨ ᠤ ᠫᠢᠩᠵᠢᠶᠠᠩ ᠪᠣᠯᠣᠨ᠎ᠠ᠃ ᠲᠤᠰ ᠴᠠᠬᠢᠯᠭᠠᠨ ᠦᠷᠳᠡᠭᠡ ᠳᠤ | 89.3 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠲᠡᠩ ᠮᠠᠰᠢᠨ ᠤ ᠪᠠᠭᠲᠠᠭᠠᠮᠵᠢ ᠨᠢ 30 ᠲᠦᠮᠡᠨ | ᠺᠢᠯᠣᠸᠠᠲ ᠤᠨ ᠰᠥᠷᠭᠡᠦ ᠬᠤᠯᠢᠮᠠᠭ ᠤᠷᠤᠰᠬᠠᠯᠲᠤ ᠤᠰᠤᠨ ᠬᠥᠭᠡᠷᠭᠡ ᠶᠢᠨ ᠤᠰᠤᠨ ᠲᠦᠷᠪᠢᠨ ᠪᠣᠯᠣᠨ ᠴᠠᠬᠢᠯᠭᠠᠨ | ᠭᠠᠷᠭᠠᠬᠤ ᠴᠠᠬᠢᠯᠭᠠᠨ ᠬᠥᠳᠡᠯᠭᠡᠭᠦᠷ ᠤᠨ ᠪᠦᠯᠦᠭ ᠢ 4 ᠤᠭᠰᠠᠷᠠᠨ ᠲᠣᠨᠣᠭᠯᠠᠵᠤ᠂ ᠶᠡᠷᠦᠩᠬᠡᠶ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 120 ᠲᠦᠮᠡᠨ ᠺᠢᠯᠣᠸᠠᠲ ᠬᠦᠷᠬᠦ ᠪᠣᠯᠣᠨ᠎ᠠ︔ ᠴᠠᠬᠢᠯᠭᠠᠨ ᠦᠷᠳᠡᠭᠡ ᠶᠢᠨ | ᠶᠡᠷᠦᠩᠬᠡᠶ ᠪᠠᠭᠲᠠᠭᠠᠮᠵᠢ ᠨᠢ 1160 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠵᠢᠯ ᠤᠨ ᠴᠠᠬᠢᠯᠭᠠᠨ | ᠭᠠᠷᠭᠠᠬᠤ ᠬᠡᠮᠵᠢᠶ᠎ᠡ ᠶᠢ ᠴᠠᠭ ᠪᠦᠷᠢ 20.08 ᠳ᠋ᠦᠩᠰᠢᠭᠤᠷ ᠺᠢᠯᠣᠸᠠᠲ ᠢᠶᠠᠷ ᠲᠥᠰᠥᠪᠯᠡᠪᠡ᠃ ᠴᠠᠬᠢᠯᠭᠠᠨ ᠦᠷᠳᠡᠭᠡ | ᠶᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠴᠠᠬᠢᠯᠭᠠᠨ ᠤ ᠣᠷᠭᠢᠯ ᠬᠡᠷᠡᠭᠯᠡᠯᠲᠡ ᠶᠢ ᠲᠣᠬᠢᠷᠠᠭᠤᠯᠬᠤ᠂ ᠪᠥᠭᠯᠡᠬᠦ᠂ | ᠹᠠᠰ ᠰᠡᠯᠭᠦᠯᠲᠡ᠂ ᠳᠠᠪᠲᠠᠮᠵᠢ ᠠᠴᠢᠶ᠎ᠠ ᠶᠢ ᠪᠡᠯᠡᠳᠬᠡᠬᠦ᠂ ᠪᠠᠴᠢᠮ ᠠᠳᠡᠯ ᠳᠤ ᠪᠡᠯᠡᠳᠬᠡᠬᠦ ᠪᠠ ᠠᠳᠡᠯ ᠤᠨ ᠳᠠᠷᠠᠭ᠎ᠠ | ᠠᠦ᠋ᠲ ᠰᠢᠰᠲ᠋ᠧᠮ ᠢ ᠰᠡᠷᠭᠦᠭᠡᠬᠦ ᠵᠡᠷᠭᠡ ᠡᠭᠦᠷᠭᠡ ᠶᠢ ᠡᠭᠦᠷᠭᠡᠯᠡᠬᠦ ᠪᠣᠯᠣᠨ᠎ᠠ᠃ ᠥᠪᠥᠷ ᠮᠣᠩᠭᠤᠯ ᠤᠨ ᠵᠡᠭᠦᠨ ᠬᠡᠰᠡᠭ | ᠤᠨ ᠴᠠᠬᠢᠯᠭᠠᠨ ᠲᠣᠣᠷ ᠤᠨ ᠴᠠᠬᠢᠯᠭᠠᠨ ᠤ ᠣᠷᠭᠢᠯ ᠬᠡᠷᠡᠭᠯᠡᠯᠲᠡ ᠶᠢ ᠲᠣᠬᠢᠷᠠᠭᠤᠯᠬᠤ ᠴᠢᠬᠤᠯᠠ ᠪᠦᠬᠦᠢ ᠴᠠᠬᠢᠯᠭᠠᠨ | ᠡᠭᠦᠰᠭᠡᠭᠴᠢ ᠪᠣᠯᠤᠭᠰᠠᠨ ᠤ ᠬᠤᠪᠢ ᠳᠤ᠂ ᠴᠠᠬᠢᠯᠭᠠᠨ ᠥᠷᠲᠡᠭᠡ ᠶᠢᠨ ᠴᠠᠬᠢᠯᠭᠠᠨ ᠡᠨᠧᠷᠭᠢ ᠬᠠᠳᠠᠭᠠᠯᠠᠬᠤ ᠰᠢᠰᠲ᠋ᠧᠮ | ᠪᠣᠯᠤᠨ ᠰᠠᠯᠬᠢᠨ ᠬᠦᠴᠦᠨ ᠤ ᠴᠠᠬᠢᠯᠭᠠᠨ ᠰᠢᠰᠲ᠋ᠧᠮ ᠤᠨ ᠵᠣᠬᠢᠴᠠᠯᠲᠠ ᠠᠵᠢᠯᠯᠠᠭᠠᠨ ᠢᠶᠠᠷ ᠳᠠᠮᠵᠢᠭᠤᠯᠤᠨ᠂ ᠴᠠᠬᠢᠯᠭᠠᠨ | ᠡᠭᠦᠰᠭᠡᠭᠴᠢ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠨᠠᠶᠢᠳᠠᠪᠤᠷᠢᠲᠤ ᠴᠢᠨᠠᠷ ᠢ ᠪᠠᠲᠤᠯᠠᠵᠤ᠂ ᠴᠠᠬᠢᠯᠭᠠᠨ | ᠬᠦᠴᠦᠨ ᠤ ᠰᠢᠰᠲ᠋ᠧᠮ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠶ ᠶᠢᠨ ᠴᠠᠬᠢᠯᠭᠠᠨ ᠭᠠᠷᠭᠠᠬᠤ | ᠴᠢᠳᠠᠪᠤᠷᠢ ᠶᠢ ᠬᠦᠯᠢᠶᠡᠨ ᠠᠪᠬᠤ ᠶᠢ ᠳᠡᠭᠡᠭᠰᠢᠯᠡᠭᠦᠯᠵᠦ᠂ ᠰᠠᠯᠬᠢᠨ ᠬᠦᠴᠦᠨ ᠤ ᠴᠠᠬᠢᠯᠭᠠᠨ ᠤ ᠰᠠᠯᠬᠢᠳᠠᠬᠦᠢ ᠶᠢ | ᠪᠠᠭᠠᠰᠬᠠᠵᠤ᠂ ᠰᠠᠯᠬᠢᠨ ᠤ ᠡᠨᠧᠷᠭᠢ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠶᠢ ᠪᠡᠶᠡᠯᠡᠭᠦᠯᠬᠦ ᠪᠣᠯᠣᠨ᠎ᠠ᠃ | ᠬᠡᠰᠢᠭᠲᠡᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢ | ᠭᠦᠸᠧ ᠳ᠋ᠦᠩ ᠤᠨ ᠲᠠᠨᠢᠯᠴᠠᠭᠤᠯᠤᠭᠰᠠᠨ ᠢᠶᠠᠷ᠂ ᠲᠤᠰ ᠴᠠᠬᠢᠯᠭᠠᠨ ᠥᠷᠲᠡᠭᠡ ᠶᠢᠨ ᠴᠢᠭ᠋ ᠰᠣᠩᠭᠤᠬᠤ | ᠲᠥᠯᠥᠪᠵᠢᠭᠦᠯᠭᠡ ᠶᠢ 2012 ᠣᠨ ᠤ 10 ᠳ᠋ᠤᠭᠠᠷ ᠰᠠᠷ᠎ᠠ ᠳᠤ ᠤᠯᠤᠰ ᠤᠨ ᠡᠨᠧᠷᠭᠢ ᠶᠢᠨ ᠰᠤᠷᠪᠤᠯᠵᠢ ᠶᠢᠨ | ᠲᠣᠪᠴᠢᠶ᠎ᠠ ᠴᠣᠬᠤᠯᠠᠪᠤᠷᠢᠯᠠᠵᠤ ᠵᠥᠪᠰᠢᠶᠡᠷᠡᠪᠡ᠃ 2014 ᠣᠨ ᠤ 9 ᠳ᠋ᠦ᠋ᠭᠡᠷ ᠰᠠᠷ᠎ᠠ ᠳᠤ ᠳᠤᠮᠳᠠᠳᠤ ᠤᠯᠤᠰ ᠤᠨ | ᠴᠠᠬᠢᠯᠭᠠᠨ ᠬᠦᠴᠦᠨ ᠤ ᠪᠦᠳᠤᠭᠡᠨ ᠪᠠᠶᠢᠭᠤᠯᠤᠯᠲᠠ ᠶᠢᠨ ᠪᠦᠯᠦᠭᠯᠡᠯ ᠤᠨ ᠪᠡᠭᠡᠵᠢᠩ ᠤᠨ ᠬᠠᠶᠢᠨ ᠬᠡᠮᠵᠢᠨ ᠵᠢᠷᠤᠵᠤ | ᠲᠥᠯᠥᠪᠯᠡᠬᠦ ᠰᠤᠳᠤᠯᠬᠤ ᠬᠦᠷᠢᠶᠡᠯᠡᠩ ᠠᠴᠠ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠶᠢ ᠪᠡᠶᠡᠯᠡᠭᠦᠯᠦᠭᠰᠡᠨ ᠤ | ᠬᠠᠮᠲᠤ ᠤᠰᠤᠨ ᠴᠠᠬᠢᠯᠭᠠᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠶᠡᠷᠦᠩᠬᠡᠶ | ᠬᠦᠷᠢᠶᠡᠯᠡᠩ ᠤᠨ ᠬᠢᠨᠠᠨ ᠪᠠᠶᠢᠴᠠᠭᠠᠭᠰᠠᠨ ᠰᠠᠨᠠᠯ ᠢ ᠣᠯᠪᠠ᠃ 2015 ᠣᠨ ᠤ 9 ᠳ᠋ᠦ᠋ᠭᠡᠷ ᠰᠠᠷ᠎ᠠ ᠠᠴᠠ ᠪᠣᠯᠣᠮᠵᠢᠲᠤ | ᠰᠤᠳᠤᠯᠭᠠᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ᠣᠳᠣᠬᠠᠨ ᠳᠤ ᠲᠥᠷᠥᠯ | ᠵᠦᠢᠯ ᠤᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ᠂ ᠴᠥᠭᠦᠷᠥᠮ ᠤᠨ ᠣᠷᠣᠨ ᠤ ᠠᠷᠠᠳ ᠢ ᠨᠡᠭᠦᠯᠭᠡᠬᠦ | ᠲᠥᠯᠥᠪᠵᠢᠭᠦᠯᠭᠡ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠬᠤᠷᠠᠯ ᠬᠢᠵᠦ᠂ ᠬᠤᠶᠠᠷ ᠮᠡᠳᠡᠭᠦᠯᠦᠯᠲᠡ ᠨᠢ ᠬᠢᠨᠠᠨ | ᠲᠣᠭᠲᠠᠭᠠᠬᠤ ᠳᠤᠭᠤᠶᠢᠯᠠᠩ ᠳᠤ ᠪᠠᠲᠤᠯᠠᠭᠳᠠᠪᠠ᠃ ᠲᠥᠷᠥᠯ ᠵᠦᠢᠯ ᠢ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ᠂ | ᠣᠷᠴᠢᠨ ᠲᠤᠭᠤᠷᠢᠨ ᠢ ᠦᠨᠡᠯᠡᠬᠦ᠂ ᠤᠰᠤᠨ ᠤ ᠡᠬᠢ ᠪᠠᠶᠠᠯᠢᠭ᠂ ᠤᠰᠤ ᠬᠠᠮᠠᠭᠠᠯᠠᠬᠤ᠂ ᠦᠶᠡᠷ ᠢ ᠰᠡᠷᠭᠡᠶᠢᠯᠡᠬᠦ | ᠪᠢᠴᠢᠭ ᠮᠠᠲ᠋ᠧᠷᠢᠶᠠᠯ ᠨᠢᠭᠡᠨᠲᠠ ᠪᠣᠢ ᠪᠣᠯᠪᠠ᠃ ᠲᠥᠯᠥᠪᠵᠢᠭᠦᠯᠭᠡ ᠶᠢᠨ ᠭᠠᠵᠠᠷ ᠰᠣᠩᠭᠤᠬᠤ ᠪᠠ ᠡᠨᠧᠷᠭᠢ ᠠᠷᠪᠢᠯᠠᠬᠤ | ᠬᠢᠨᠠᠨ ᠪᠠᠶᠢᠴᠠᠭᠠᠯᠲᠠ ᠵᠡᠷᠭᠡ ᠭᠠᠷ ᠭᠦᠢᠴᠡᠳᠬᠡᠯ ᠢ ᠶᠠᠭ ᠭᠦᠢᠴᠡᠳᠬᠡᠵᠦ ᠪᠣᠢ᠂ ᠵᠢᠱᠢᠯᠲᠡ ᠪᠠᠷ 2017 ᠣᠨ ᠤ 5 | ᠳ᠋ᠤᠭᠠᠷ ᠰᠠᠷ᠎ᠠ ᠳᠤ ᠲᠦᠷᠦᠯ ᠵᠦᠢᠯ ᠢ ᠬᠢᠨᠠᠨ ᠵᠥᠪᠰᠢᠶᠡᠷᠡᠵᠦ᠂ 2017 ᠣᠨ ᠤ ᠵᠢᠯ ᠤᠨ ᠡᠴᠦᠰ ᠲᠤ ᠵᠢᠩᠬᠢᠨᠢ ᠪᠠᠷ | ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ 75 ᠰᠠᠷ᠎ᠠ ᠶᠢᠨ ᠠᠵᠢᠯ ᠤᠨ ᠬᠤᠭᠤᠴᠠᠭ᠎ᠠ ᠬᠡᠷᠡᠭᠰᠡᠵᠦ᠂ ᠵᠢᠱᠢᠯᠲᠡ ᠪᠠᠷ | 2024 ᠣᠨ ᠳᠤ ᠨᠢᠭᠡᠳᠦᠭᠡᠷ ᠮᠠᠰᠢᠨ ᠴᠣᠭᠴᠠᠯᠠᠪᠤᠷᠢ ᠶᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ | ᠪᠠᠶᠢᠨ᠎ᠠ ᠭᠡᠵᠡᠢ᠃ |