ᠣᠷᠴᠢᠮᠬᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ 2016 — 2020 ᠣᠨ ᠤ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾ ᠶᠢ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠵᠢᠩᠬᠢᠨᠢ ᠪᠠᠷ ᠳᠠᠷᠤᠮᠠᠯᠯᠠᠨ | ᠲᠠᠷᠬᠠᠭᠠᠪᠠ᠃ | ︽ᠠᠵᠢᠯᠯᠠᠭᠠᠨ ᠤ ᠲᠥᠯᠥᠪᠯᠡᠭᠡ︾ ᠳᠤ ᠳᠤᠷᠠᠳᠤᠭᠰᠠᠨ ᠨᠢ᠂ ᠤᠯᠤᠰ ᠤᠨ ︽3 ᠳ᠋ᠦᠩᠰᠢᠭᠤᠷ ᠬᠥᠮᠦᠨ ᠢ | ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶ᠎ᠠ ᠶᠢ ᠢᠳᠡᠪᠬᠢᠲᠡᠶ | ᠴᠤᠤᠷᠢᠶᠠᠲᠤᠨ ᠳᠠᠭᠠᠵᠤ᠂ ᠮᠥᠰᠥ ᠴᠠᠰᠤᠨ ᠤ ᠡᠬᠢ ᠪᠠᠶᠠᠯᠢᠭ ᠲᠤ ᠲᠦᠰᠢᠭᠯᠡᠨ᠂ ︽ᠵᠠᠭᠤᠨ ᠲᠦᠮᠡᠨ ᠵᠠᠯᠠᠭᠤᠴᠤᠳ | ᠪᠠᠭᠠᠴᠤᠳ ᠢ ᠮᠥᠰᠥ ᠴᠠᠰᠤᠨ ᠤ ᠬᠥᠳᠡᠯᠭᠡᠭᠡᠨ ᠳᠤ ᠣᠷᠣᠯᠴᠠᠭᠤᠯᠬᠤ︾᠂ ︽ᠮᠥᠰᠥ ᠴᠠᠰᠤᠨ ᠤ ᠪᠠᠶᠠᠰᠤᠯ︾᠂ ︽ | ᠳᠡᠯᠡᠬᠡᠶ ᠶᠢᠨ ᠴᠠᠰᠤᠨ ᠤ ᠡᠳᠦᠷ︾ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠨᠡᠷᠡᠨ ᠭᠡᠷᠡᠯᠲᠦ ᠪᠡᠶ᠎ᠡ ᠶᠢᠨ ᠲᠠᠮᠢᠷ ᠤᠨ | ᠡᠪᠦᠯ ᠤᠨ ᠠᠮᠠᠷᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ ᠭᠡᠵᠡᠢ᠃ | ︽ᠠᠵᠢᠯᠯᠠᠭᠠᠨ ᠤ ᠲᠥᠯᠥᠪᠯᠡᠭᠡ︾ ᠳᠤ ᠳᠤᠷᠠᠳᠤᠭᠰᠠᠨ ᠨᠢ᠂ ᠵᠠᠰᠠᠭ ᠤᠨ ᠣᠷᠳᠣᠨ ᠢᠶᠠᠷ ᠤᠳᠤᠷᠢᠳᠤᠮᠵᠢ | ᠪᠣᠯᠭᠠᠵᠤ᠂ ᠰᠠᠯᠠᠭ᠎ᠠ ᠮᠥᠴᠢᠷ ᠬᠠᠮᠵᠢᠯᠴᠠᠨ᠂ ᠨᠡᠶᠢᠭᠡᠮ ᠤᠨ ᠬᠢᠨ ᠣᠷᠣᠯᠴᠠᠬᠤ ᠠᠵᠢᠯ ᠤᠨ ᠲᠣᠭᠲᠠᠴᠠ ᠶᠢ | ᠪᠠᠷᠢᠮᠲᠠᠯᠠᠵᠤ᠂ ᠡᠯᠪᠡᠭ ᠪᠠᠶᠠᠯᠢᠭ ᠠᠭᠤᠯᠭ᠎ᠠ ᠲᠠᠢ ᠵᠠᠯᠠᠭᠤᠴᠤᠳ ᠪᠠᠭᠠᠴᠤᠳ ᠤᠨ ᠨᠠᠷᠠᠨ ᠭᠡᠷᠡᠯᠲᠦ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠠᠯᠠᠭᠤᠴᠤᠳ | ᠪᠠᠭᠠᠴᠤᠳ ᠤᠨ ᠵᠤᠨ ︵ᠡᠪᠦᠯ︶ ᠤ ᠠᠮᠠᠷᠠᠯᠲᠠ︾᠂ ︽ᠵᠠᠭᠤᠨ ᠲᠦᠮᠡᠨ ᠵᠠᠯᠠᠭᠤᠴᠤᠳ ᠪᠠᠭᠠᠴᠤᠳ ᠢ ᠮᠥᠰᠥ | ᠴᠠᠰᠤᠨ ᠤ ᠬᠥᠳᠡᠯᠭᠡᠭᠡᠨ ᠳᠤ ᠣᠷᠣᠯᠴᠠᠭᠤᠯᠬᠤ︾᠂ ︽ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠰᠤᠷᠭᠠᠭᠤᠯᠢ ᠶᠢᠨ ᠬᠦᠷᠢᠶᠡᠨ ᠤ ᠠᠶᠠᠯᠠᠯ︾᠂ ︽ᠵᠠᠯᠠᠭᠤᠴᠤᠳ ᠪᠠᠭᠠᠴᠤᠳ ᠤᠨ ᠺᠯᠦ᠋ᠪ ᠤᠨ | ᠠᠵᠢᠯᠯᠠᠭ᠎ᠠ ᠶᠢᠨ ᠰᠠᠷ᠎ᠠ︾ ᠵᠡᠷᠭᠡ ᠲᠥᠷᠥᠯ ᠲᠡᠮᠳᠡᠭᠲᠦ ᠠᠵᠢᠯᠯᠠᠭ᠎ᠠ ᠶᠢᠨ ᠨᠡᠶᠢᠭᠡᠮ ᠨᠡᠶᠢᠲᠡ ᠳᠠᠬᠢ ᠨᠥᠯᠥᠭᠡᠯᠡᠬᠦ | ᠬᠦᠴᠦᠨ ᠢ ᠲᠠᠰᠤᠷᠠᠯᠲᠠ ᠦᠭᠡᠢ ᠥᠷᠭᠡᠳᠬᠡᠨ᠎ᠡ ᠭᠡᠵᠡᠢ᠃ | ︽ᠠᠵᠢᠯᠯᠠᠭᠠᠨ ᠤ ᠲᠥᠯᠥᠪᠯᠡᠭᠡ︾ ᠳᠤ ᠲᠣᠳᠣᠷᠬᠠᠶᠢᠯᠠᠭᠰᠠᠨ ᠨᠢ᠂ 2020 ᠣᠨ ᠪᠣᠯᠬᠤ ᠳᠤ ᠪᠥᠬᠦ | ᠣᠷᠣᠨ ᠤ ᠡᠯ᠎ᠡ ᠱᠠᠲᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠢ 300 ᠳᠤ ᠬᠦᠷᠦᠭᠦᠯᠵᠦ᠂ | ᠵᠢᠱᠢᠶ᠎ᠡ ᠦᠵᠡᠭᠦᠯᠬᠦ ᠴᠢᠨᠠᠷᠲᠠᠶ ᠵᠠᠯᠠᠭᠤᠴᠤᠳ ᠪᠠᠭᠠᠴᠤᠳ ᠤᠨ ᠺᠯᠦ᠋ᠪ ᠢ 30 ᠳᠤ ᠬᠦᠷᠦᠭᠦᠯᠦᠨ᠎ᠡ᠃ ᠪᠦᠬᠦ | ᠣᠷᠣᠨ ᠤ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢ 170 ᠳᠤ ᠬᠦᠷᠦᠭᠦᠯᠵᠦ᠂ | ᠣᠨᠴᠠᠯᠢᠭ ᠪᠦᠬᠦᠢ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠰᠤᠷᠭᠠᠭᠤᠯᠢ ᠶᠢ 200 ᠳᠤ ᠬᠦᠷᠲᠡᠯ᠎ᠡ | ᠬᠦᠷᠦᠭᠦᠯᠦᠨ᠎ᠡ᠃ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠪᠥᠬᠦ | ᠣᠷᠣᠨ ᠤ ᠦᠨᠳᠦᠰᠦᠲᠡᠨ ᠤ ᠰᠤᠷᠭᠠᠭᠤᠯᠢ ᠳᠤ ᠦᠨᠳᠦᠰᠦᠨ ᠳᠡᠭᠡᠨ ᠪᠦᠷᠬᠦᠭᠦᠯᠬᠦ ᠪᠠᠷ ᠬᠦᠴᠦᠯᠡᠨ ᠴᠢᠷᠮᠠᠶᠢᠨ᠎ᠠ ᠭᠡᠵᠡᠢ᠃ | |