ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠲᠤᠰᠬᠠᠢ ᠰᠡᠳᠤᠪᠳᠤ ᠬᠤᠷᠠᠯ ᠬᠢᠵᠤ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠴᠦᠯᠯᠡᠷᠭᠡᠭᠵᠢᠯ ᠢ ᠰᠡᠷᠭᠡᠶᠢᠯᠡᠬᠦ ᠨᠡᠶᠢᠲᠡ ᠶᠢᠨ ᠬᠡᠷ᠎ᠠ︾᠎ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠭᠡᠷ᠎ᠠ ᠲᠤᠭᠳᠠᠭᠰᠠᠨ ᠲᠠᠯ᠎ᠠ ᠶᠢᠨ ᠶᠡᠭᠡ ᠬᠤᠷᠠᠯ ᠤᠨ ᠪᠡᠯᠡᠳᠬᠡᠯ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2017/3/9
      3 ᠳ᠋ᠤᠭᠠᠷ ᠰᠠᠷ᠎ᠠ ᠶᠢᠨ 8᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠬᠢᠨ ᠲᠤᠰᠬᠠᠢ ᠰᠡᠳᠤᠪᠳᠤ ᠬᠤᠷᠠᠯ ᠬᠢᠵᠤ᠂ ᠤᠷᠳᠤᠰ ᠬᠤᠳᠠ ᠶᠢᠨ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠴᠦᠯᠯᠡᠷᠭᠡᠭᠵᠢᠯ ᠢ  ᠰᠡᠷᠭᠡᠶᠢᠯᠡᠬᠦ ᠨᠡᠶᠢᠲᠡ ᠶᠢᠨ ᠬᠡᠷ᠎ᠠ︾᠎ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠭᠡᠷ᠎ᠠ ᠲᠤᠭᠳᠠᠭᠰᠠᠨ ᠲᠠᠯ᠎ᠠ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠤᠯᠳᠠ ᠶᠢ ᠰᠤᠨᠤᠰᠴᠤ᠂ ᠤᠳᠤᠬᠠᠨ ᠳᠤ ᠲᠤᠯᠭᠠᠷᠠᠵᠤ ᠪᠠᠶᠢᠭ᠎ᠠ ᠬᠤᠯᠪᠤᠬᠳᠠᠯ ᠪᠦᠬᠦᠢ ᠠᠰᠠᠭᠤᠳᠠᠯ ᠤᠨ ᠲᠤᠬᠠᠢ ᠰᠤᠳᠤᠯᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠵᠢᠯᠤᠭᠤᠳᠬᠤ ᠰᠠᠨᠠᠯ ᠲᠤᠷᠠᠳᠴᠠᠢ᠃      ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠢᠤᠢ ᠮᠢᠩ ᠬᠤᠷᠠᠯ ᠢ ᠡᠷᠬᠢᠯᠠᠪᠠ᠃      ᠸᠠᠩ ᠢᠤᠢ ᠮᠢᠩ᠂ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠴᠦᠯᠯᠡᠷᠭᠡᠭᠵᠢᠯ ᠢ ᠰᠡᠷᠭᠡᠶᠢᠯᠡᠬᠦ ᠨᠡᠶᠢᠲᠡ ᠶᠢᠨ ᠬᠡᠷ᠎ᠠ︾᠎ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠭᠡᠷ᠎ᠠ ᠳᠤᠭᠳᠠᠭᠰᠠᠨ ᠲᠠᠯ᠎ᠠ ᠶᠢᠨ ᠶᠡᠭᠡ ᠬᠤᠷᠠᠯ ᠪᠤᠯ ᠤᠯᠤᠰ ᠠᠴᠠ ᠲᠤᠭᠳᠠᠭᠠᠬᠰᠠᠨ ᠤᠷᠳᠤᠰ ᠬᠤᠳᠠ ᠳᠤ ᠬᠤᠷᠠᠯᠳᠤᠭᠤᠯᠬᠤ ᠨᠢᠬᠡ ᠤᠳᠠᠭ᠎ᠠ ᠶᠢᠨ ᠴᠢᠬᠤᠯᠠ ᠪᠦᠬᠦᠢ ᠲᠡᠯᠡᠬᠡᠢ ᠶᠢᠨ ᠴᠢᠨᠠᠷᠳᠠᠢ ᠬᠤᠷᠠᠯ ᠪᠤᠯᠤᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠬᠢᠨ ᠡᠨᠡ ᠤᠳᠠᠭ᠎ᠠ ᠶᠢᠨ ᠬᠤᠷᠠᠯ ᠢ ᠰᠠᠶᠢᠲᠤᠷ ᠡᠷᠬᠢᠯᠡᠠ ᠬᠤᠷᠠᠯᠳᠤᠭᠤᠯᠬᠤ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠠᠴᠠ ᠲᠤᠰᠬᠠᠶᠢᠯᠠᠨ ᠰᠤᠳᠤᠯᠵᠤ᠂ ᠪᠡᠯᠡᠳᠬᠡᠯ ᠠᠵᠢᠯ ᠢ ᠰᠠᠶᠢᠲᠤᠷ ᠬᠢᠬᠦ ᠳᠤ ᠳᠤᠳᠤᠷᠬᠠᠢ ᠱᠠᠭᠠᠷᠳᠠᠯᠭ᠎ᠠ ᠲᠤᠷᠠᠳᠪᠠ᠃ ᠤᠷᠳᠤᠰ ᠬᠤᠳᠠ ᠪᠤᠯᠤᠨ ᠦᠪᠡᠷᠳᠡᠬᠡᠨ ᠵᠠᠰᠠᠬᠤ ᠤᠷᠤᠨ ᠤ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠡᠷᠬᠡᠪᠰᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠬᠠᠷᠢᠭᠤᠴᠠᠯᠭᠠᠳᠤ ᠰᠡᠳᠬᠢᠯᠬᠡ ᠪᠤᠯᠤᠨ ᠡᠬᠦᠷᠬᠡᠳᠤ ᠪᠤᠳᠤᠯ ᠢᠶᠠᠨ ᠦᠨᠡᠨᠬᠦ ᠴᠢᠩᠭᠠᠳᠬᠠᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠡᠬᠦᠷᠬᠡᠯᠠᠵᠤ ᠪᠠᠶᠢᠭ᠎ᠠ ᠡᠯ᠎ᠠ ᠵᠦᠢᠯ ᠤᠨ ᠠᠵᠢᠯ ᠢ ᠪᠦᠬᠦ ᠬᠦᠴᠤᠨ ᠢᠶᠠᠷ ᠢᠶᠠᠨ ᠰᠠᠶᠢᠲᠤᠷ ᠬᠢᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠸᠠᠩ ᠢᠤᠢ ᠮᠢᠩ᠂ ᠡᠨᠡ ᠵᠢᠯ ᠤᠨ ᠲᠤᠷᠰᠢ᠂ ᠤᠷᠳᠤᠰ ᠬᠤᠲᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠶᠡᠭᠡ ᠬᠡᠮᠵᠢᠶᠡᠨ ᠤ ᠠᠵᠢᠯ ᠬᠢᠵᠦ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠬᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠪᠤᠲᠠᠲᠠᠢ ᠪᠡᠯᠡᠳᠬᠡᠯ ᠠᠵᠢᠯ ᠡᠮᠬᠢ ᠵᠢᠷᠤᠮ ᠲᠠᠢ ᠪᠠᠷ ᠶᠠᠪᠤᠭᠳᠠᠵᠦ᠂ ᠳᠤᠪᠤᠶᠢᠮ᠎ᠠ ᠦᠷ᠎ᠡ ᠪᠦᠲᠦᠮᠵᠢ ᠤᠯᠵᠠᠢ᠃ ᠤᠷᠳᠤᠰ ᠬᠤᠲᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠤᠯᠠᠮ ᠴᠢᠨᠠᠬᠰᠢᠲᠠ ᠲᠤᠲᠤᠷᠬᠠᠶᠢᠯᠠᠵᠤ᠂ ᠨᠢᠭᠡᠨᠲᠡ ᠲᠤᠬᠲᠠᠬᠰᠠᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠡᠯ᠎ᠡ ᠲᠦᠷᠦᠯ ᠤᠨ ᠪᠡᠯᠡᠳᠬᠡᠯ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠢᠤᠢ ᠮᠢᠩ᠂ ᠦᠪᠡᠷᠲᠡᠭᠡᠨ ᠵᠠᠰᠠᠬᠤ ᠤᠷᠤᠨ ᠤ ᠱᠠᠳᠤᠨ ᠤ ᠪᠡᠯᠡᠳᠬᠡᠯ ᠠᠵᠢᠯ ᠤᠨ ᠪᠠᠶᠢᠭᠤᠯᠤᠮᠵᠢ ᠶᠢᠨ ᠡᠯ᠎ᠡ ᠠᠵᠢᠯ ᠤᠨ ᠳᠤᠭᠤᠶᠢᠯᠠᠩ ᠦᠪᠡᠷ ᠦᠪᠡᠷ ᠤᠨ ᠢᠶᠠᠨ ᠲᠤᠰᠢᠶᠠᠯ ᠬᠠᠷᠢᠭᠤᠴᠠᠯᠭ᠎ᠠ ᠡᠭᠦᠷᠭᠡ ᠪᠠᠨ ᠳᠠᠷᠤᠢ ᠲᠦᠷᠭᠡᠨ ᠰᠤᠳᠤᠯᠤᠨ ᠳᠤᠳᠤᠯᠠᠵᠤ᠂ ᠶᠠᠮᠠᠷ ᠠᠷᠭ᠎ᠠ ᠵᠠᠮ ᠢᠶᠠᠷ ᠳᠠᠮᠵᠢᠨ ᠡᠭᠦᠷᠭᠡᠯᠡᠬᠦ ᠪᠠ ᠪᠡᠶᠡᠯᠡᠭᠦᠯᠬᠦ ᠶᠢ ᠴᠦᠮ ᠲᠤᠲᠤᠷᠬᠠᠶᠢᠯᠠᠵᠤ᠂ ᠤᠷᠳᠤᠰ ᠬᠤᠲᠠ ᠯᠤᠭ᠎ᠠ ᠪᠤᠲᠠᠲᠠᠢ ᠪᠡᠯᠡᠳᠬᠡᠯ ᠠᠵᠢᠯ ᠤᠨ ᠵᠤᠯᠭᠠᠭᠤᠯᠭ᠎ᠠ ᠶᠢᠨ ᠤᠷᠤᠬᠰᠢᠲᠠᠢ ᠪᠦᠭᠡᠳ ᠡᠮᠬᠢ ᠲᠢᠭᠯᠢᠮ ᠲᠠᠢ ᠪᠠᠶᠢᠬᠤ ᠶᠢ ᠪᠠᠲᠤᠯᠠᠵᠤ᠂ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠳᠤᠬᠠᠨ ᠤ ᠬᠤᠷᠠᠯ ᠤᠨ ᠲᠠᠯᠠᠪᠤᠷ ᠤᠨ ᠳᠤᠬᠢᠷᠠᠭᠤᠯᠤᠯᠲᠠ᠂ ᠰᠠᠶᠢᠨ ᠳᠤᠷᠠᠴᠤᠤᠯ ᠢ ᠡᠯᠰᠡᠬᠦ᠂ ᠤᠯᠠᠨ ᠤᠯᠤᠰ ᠤᠨ ᠠᠶᠠᠯᠠᠯ ᠤᠨ ᠱᠤᠭᠤᠮ ᠢ ᠨᠢᠭᠤᠴᠠᠯᠠᠬᠤ ᠵᠡᠷᠭᠡ ᠲᠠᠯ᠎ᠠ ᠳᠤ ᠳᠤᠬᠢᠶᠠᠯᠳᠤᠬᠰᠠᠨ ᠠᠰᠠᠭᠤᠳᠠᠯ ᠳᠤ ᠬᠠᠨᠳᠤᠭᠤᠯᠤᠨ᠂ ᠤᠯᠤᠰ ᠤᠨ ᠶᠠᠮᠤᠨ ᠵᠦᠪᠯᠡᠯ ᠠᠴᠠ ᠬᠠᠮᠲᠤᠷᠠᠨ ᠵᠢᠯᠤᠭᠤᠳᠴᠤ ᠬᠠᠪᠰᠤᠷᠤᠨ ᠰᠢᠢᠳᠪᠦᠷᠢᠯᠡᠬᠦ ᠶᠢ ᠲᠦᠷᠭᠡᠨ ᠵᠤᠬᠢᠴᠠᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠲᠤᠰᠬᠠᠢ ᠬᠦᠮᠦᠨ ᠲᠤᠮᠢᠯᠠᠵᠤ ᠪᠡᠭᠡᠵᠢᠩ ᠳᠤ ᠬᠦᠷᠴᠤ ᠬᠤᠯᠪᠤᠬᠳᠠᠯ ᠪᠦᠬᠦᠢ ᠠᠰᠠᠭᠤᠳᠠᠯ ᠤᠨ ᠳᠤᠬᠠᠢ ᠤᠯᠤᠰ ᠤᠨ ᠤᠢ ᠰᠢᠭᠤᠢ ᠶᠢᠨ ᠲᠤᠪᠴᠢᠶ᠎ᠠ ᠵᠡᠷᠭᠡ ᠶᠠᠮᠤᠨ ᠵᠦᠪᠯᠡᠯ ᠲᠠᠢ ᠵᠤᠯᠭᠠᠭᠤᠯᠵᠡᠢ᠃      ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠠᠯᠪᠠᠨ ᠲᠢᠩᠬᠢᠮ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠪᠠ ᠤᠷᠳᠤᠰ ᠬᠤᠲᠠ ᠶᠢᠨ ᠵᠠᠰᠠᠬ ᠤᠨ ᠤᠷᠳᠤᠨ ᠤ ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号