ᠥᠪᠥᠷ ᠵᠠᠰᠠᠭ ᠲᠠᠷᠬᠠᠭᠠᠭᠰᠠᠨ ﹇2016﹈ 132 ᠳ᠋ᠤᠭᠠᠷ ᠲᠤᠭᠠᠳᠤ | 11 ᠳ᠋ᠦ᠋ᠭᠡᠷ ᠰᠠᠷ᠎ᠠ ᠶᠢᠨ 28 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠬᠡᠴᠡ ᠳᠤ᠄ | ᠬᠡᠤᠬᠡᠳ ᠪᠤᠯ ᠬᠡᠷ ᠪᠦᠯᠢ ᠶᠢᠨ ᠭᠦᠰᠡᠯ᠂ ᠤᠯᠤᠰ ᠪᠠ ᠦᠨᠳᠦᠰᠦᠳᠡᠨ ᠤ ᠢᠷᠡᠬᠡᠳᠦᠢ ᠪᠣᠯᠬᠤ ᠶᠤᠮ᠃ ᠮᠠᠨ ᠤ | ᠤᠷᠤᠨ ᠤ ᠬᠡᠤᠬᠡᠳ ᠤᠨ ᠠᠰᠠᠷᠠᠮᠵᠢ ᠶᠢᠨ ᠠᠵᠢᠯ ᠦᠢᠯᠡᠰ ᠤᠨ ᠭᠦᠭᠵᠢᠯᠳᠡ ᠶᠢ ᠤᠯᠠᠮ ᠨᠢᠬᠡ ᠠᠯᠬᠤᠮ ᠠᠬᠢᠭᠤᠯᠵᠦ᠂ | ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠡᠷᠡᠭᠦᠯ ᠡᠩᠬᠡ ᠪᠠᠷ ᠦᠰᠦᠨ ᠪᠤᠶᠢᠵᠢᠬᠤ ᠶᠢ ᠠᠬᠢᠭᠤᠯᠬᠤ ᠶᠢᠨ | ᠲᠤᠰᠠᠳᠠ᠂ ︽ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠠᠵᠢᠯ ᠢ ᠴᠢᠩᠭᠠᠳᠬᠠᠬᠤ ᠲᠤᠬᠠᠢ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠦᠷᠦ ᠲᠠᠷᠬᠠᠭᠠᠨᠨᠰᠠᠨ ﹇2016﹈ 36 ᠳ᠋ᠤᠭᠠᠷ | ᠲᠤᠭᠠᠳᠤ︶ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ | ᠡᠳᠦᠬᠡ ᠲᠤᠤᠷᠠᠬᠢ ᠮᠡᠳᠦ ᠰᠠᠨᠠᠯ ᠢ ᠲᠤᠷᠠᠳᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ | ︽ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠲᠦᠷᠢᠮ ᠢ ᠪᠦᠷᠢᠨᠰᠢᠬᠦᠯᠬᠦ︾ ᠲᠤᠬᠠᠢ ᠵᠤᠷᠢᠭ | ᠰᠠᠨᠠᠭ᠎ᠠ ᠶᠢ ᠭᠦᠨᠵᠡᠬᠡᠢ ᠲᠤᠤᠱᠯᠠᠭᠤᠯᠵᠦ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠬᠦᠯᠬᠦ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ | ᠬᠡᠤᠬᠡᠳ ᠤᠨ ᠪᠦᠭᠦ ᠲᠠᠯ᠎ᠠ ᠶᠢᠨ ᠭᠦᠭᠵᠢᠯᠳᠡ ᠶᠢ ᠠᠬᠢᠭᠤᠯᠬᠤ ᠪᠠᠷ ᠡᠭᠦᠰᠦᠴᠡ ᠪᠠ ᠲᠤᠰᠤᠯᠲᠠ ᠪᠤᠯᠭᠠᠵᠦ᠂ ᠬᠡᠷ | ᠪᠦᠯᠢ ᠶᠢᠨ ᠠᠰᠠᠷᠠᠨ ᠲᠡᠵᠢᠬᠡᠬᠦ ᠡᠭᠦᠷᠬᠡ ᠪᠠ ᠬᠠᠷᠠᠭᠠᠯᠵᠠᠵᠦ ᠬᠠᠮᠠᠭᠠᠯᠠᠬᠤ ᠡᠭᠦᠷᠬᠡ ᠬᠠᠷᠢᠭᠤᠴᠠᠯᠭ᠎ᠠ ᠪᠠᠨ | ᠭᠦᠢᠴᠡᠳᠬᠡᠬᠦ ᠦᠵᠡᠯ ᠤᠬᠠᠮᠰᠠᠷ ᠪᠠ ᠴᠢᠳᠠᠪᠤᠷᠢ ᠶᠢ ᠴᠢᠩᠭᠠᠷᠠᠭᠤᠯᠵᠦ᠂ ᠭᠦᠴᠢᠷᠳᠡᠯ ᠳᠤ ᠲᠤᠯᠭᠠᠷᠬᠠᠰᠠᠨ | ᠬᠡᠤᠬᠡᠳ ᠤᠨ ᠠᠮᠢᠳᠤᠷᠠᠯ᠂ ᠡᠮᠴᠢᠯᠡᠭᠡ᠂ ᠰᠤᠷᠭᠠᠨ ᠭᠦᠮᠦᠵᠢᠯ᠂ ᠬᠠᠷᠠᠭᠠᠯᠵᠠᠵᠦ ᠬᠠᠮᠠᠭᠠᠯᠠᠬᠤ᠂ ᠠᠪᠤᠷᠠᠨ ᠲᠤᠰᠠᠯᠠᠬᠤ | ᠵᠡᠷᠬᠡ ᠲᠠᠯ᠎ᠠ ᠪᠠᠷ᠂ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠳᠤ ᠰᠢᠨ᠎ᠠ ᠶᠢ ᠡᠭᠦᠳᠴᠤ᠂ ᠠᠵᠢᠯ ᠤᠨ | ᠲᠤᠨᠨᠳᠠᠴᠠ ᠶᠢ ᠲᠡᠭᠦᠯᠳᠡᠷᠵᠢᠬᠦᠯᠦᠨ᠂ ᠪᠦᠳᠦᠮᠵᠢᠳᠡᠢ ᠤᠷᠤᠭᠤᠯᠤᠯᠳᠠ ᠶᠢ ᠨᠡᠮᠡᠭᠳᠡᠬᠦᠯᠵᠦ᠂ ᠮᠠᠨ ᠤ ᠤᠷᠤᠨ ᠤ | ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠳᠤᠯᠠᠬᠤ ᠦᠢᠯᠡᠴᠢᠯᠡᠬᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠬᠡᠢ | ᠲᠡᠬᠡᠭᠰᠢᠯᠡᠬᠦᠯᠦᠨ᠂ ᠬᠡᠤᠬᠡᠳ ᠤᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠤᠯᠠᠬᠤ ᠶᠢ | ᠪᠡᠶᠡᠯᠡᠬᠦᠯᠦᠨ᠎ᠠ᠃ | ︵ᠬᠤᠶᠠᠷ︶ ᠦᠨᠳᠦᠰᠦᠨ ᠵᠠᠷᠴᠢᠮ᠃ | ᠤᠨᠴᠤᠭᠤᠢ ᠬᠠᠮᠠᠭᠠᠯᠠᠬᠤ᠂ ᠤᠷᠢᠳᠠᠪᠡᠷ ᠬᠠᠮᠠᠭᠠᠯᠠᠬᠤ ᠶᠢ ᠪᠠᠷᠢᠮᠳᠠᠯᠠᠵᠦ᠂ ᠲᠦᠷᠦ ᠶᠢᠨ ᠪᠤᠳᠤᠯᠭ᠎ᠠ | ᠲᠤᠨᠨᠳᠠᠭᠠᠬᠤ᠂ ᠠᠰᠠᠷᠠᠮᠵᠢ ᠬᠠᠩᠭᠠᠬᠤ ᠵᠡᠷᠬᠡ ᠲᠠᠯ᠎ᠠ ᠪᠠᠷ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠰᠢᠭ | ᠲᠤᠰᠠ ᠪᠠ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠬᠦᠨ ᠳᠤ ᠪᠤᠳᠤᠯᠬᠢᠯᠠᠬᠤ ᠬᠡᠷᠡᠭᠳᠡᠢ᠃ ᠲᠦᠷᠦᠯ ᠬᠤᠪᠢᠶᠠᠵᠦ | ᠪᠠᠳᠤᠯᠠᠬᠤ᠂ ᠵᠤᠬᠢᠬᠤ ᠬᠡᠮᠵᠢᠶ᠎ᠡ ᠪᠠᠷ ᠨᠡᠶᠢᠳᠡᠮ ᠳᠤᠨᠢ ᠬᠠᠷᠠᠭᠠᠯᠵᠠᠬᠤ ᠶᠢ ᠪᠠᠷᠢᠮᠳᠠᠯᠠᠵᠦ᠂ ᠬᠡᠤᠬᠡᠳ ᠤᠨ ᠠᠳᠠᠯᠢ ᠪᠤᠰᠤ | ᠨᠡᠶᠢᠲᠡ ᠴᠤᠬᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠤᠨᠴᠠᠯᠢᠭ ᠢ ᠦᠨᠳᠦᠰᠦᠯᠡᠨ᠂ ᠲᠡᠰ ᠲᠠᠪᠬᠤᠷᠭ᠎ᠠ ᠬᠤᠪᠢᠶᠠᠵᠦ | ᠨᠢᠬᠡᠳᠦᠯᠳᠡᠢ ᠲᠦᠯᠦᠪᠵᠢᠬᠦᠯᠦᠨ ᠠᠬᠢᠭᠤᠯᠵᠦ᠂ ᠲᠦᠷᠦᠯ ᠬᠡᠯᠪᠡᠷᠢ ᠠᠩᠭᠢᠯᠠᠨ ᠬᠤᠪᠢᠶᠠᠵᠦ ᠪᠠᠷᠢᠮᠵᠢᠶ᠎ᠠ ᠲᠤᠬᠢᠷᠠᠭᠤᠯᠤᠨ᠂ | ᠪᠠᠷᠢᠮᠵᠢᠶ᠎ᠠ ᠬᠤᠪᠢᠶᠠᠵᠦ ᠬᠡᠷᠡᠭᠵᠢᠬᠦᠯᠦᠨ ᠪᠠᠳᠤᠯᠠᠬᠤ ᠬᠡᠷᠡᠭᠳᠡᠢ᠃ ᠵᠠᠰᠠᠭ ᠤᠨ ᠤᠷᠳᠤᠨ ᠠᠴᠠ ᠭᠤᠤᠯ ᠵᠢᠯᠤᠭᠤᠳᠴᠤ᠂ | ᠨᠡᠶᠢᠬᠡᠮ ᠨᠡᠶᠢᠳᠡ ᠪᠠᠷ ᠤᠷᠤᠯᠴᠠᠬᠤ ᠶᠢ ᠪᠠᠷᠢᠮᠳᠠᠯᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠲᠤᠯᠠᠬᠤ | ᠲᠠᠯ᠎ᠠ ᠪᠠᠷ ᠬᠢ ᠵᠠᠰᠠᠭ ᠤᠨ ᠤᠷᠳᠤᠨ ᠤ ᠭᠤᠤᠯ ᠵᠢᠯᠤᠭᠤᠳᠬᠤ ᠦᠢᠯᠡᠳᠦᠯ ᠢ ᠢᠳᠡᠪᠬᠢᠳᠡᠢ ᠪᠠᠳᠠᠷᠠᠭᠤᠯᠤᠨ᠂ ᠬᠡᠷ | ᠪᠦᠯᠢ ᠪᠤᠯ ᠬᠡᠤᠬᠡᠳ ᠢ ᠠᠰᠠᠷᠠᠨ ᠲᠡᠵᠢᠬᠡᠵᠦ᠂ ᠰᠤᠷᠭᠠᠨ ᠭᠦᠮᠦᠵᠢᠬᠦᠯᠵᠦ᠂ ᠬᠡᠤᠬᠡᠳ ᠤᠨ ᠪᠤᠶᠢᠵᠢᠯᠲᠠ ᠶᠢ | ᠬᠠᠮᠠᠭᠠᠯᠠᠬᠤ ᠶᠢᠨ ᠨᠢᠬᠡᠳᠦᠬᠡᠷ ᠬᠠᠷᠢᠭᠤᠴᠠᠯᠭ᠎ᠠ ᠶᠢᠨ ᠭᠤᠤᠯ ᠴᠤᠨᠨᠴᠠ ᠪᠤᠯᠬᠤ ᠤᠬᠠᠮᠰᠠᠷ ᠢ ᠴᠢᠩᠭᠠᠷᠠᠭᠤᠯᠵᠦ᠂ ᠬᠡᠷ | ᠪᠦᠯᠢ ᠶᠢᠨ ᠠᠰᠠᠷᠠᠨ ᠲᠡᠵᠢᠬᠡᠵᠦ ᠬᠠᠷᠠᠭᠠᠯᠵᠠᠵᠦ ᠬᠠᠮᠠᠭᠠᠯᠠᠬᠤ ᠴᠢᠳᠠᠪᠤᠷᠢ ᠪᠠᠨ ᠲᠡᠬᠡᠭᠰᠢᠯᠡᠬᠦᠯᠬᠦ ᠶᠢ ᠶᠡᠬᠡᠪᠡᠷ ᠲᠡᠮᠵᠢᠵᠦ᠂ | ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠡᠷᠡᠭᠦᠯ ᠡᠩᠬᠡ ᠦᠰᠦᠨ ᠪᠤᠶᠢᠵᠢᠬᠤ ᠳᠤ ᠠᠰᠢᠨᠨᠳᠠᠢ ᠬᠡᠷ ᠪᠦᠯᠢ ᠶᠢᠨ | ᠤᠷᠴᠢᠨ ᠨᠦᠭᠦᠴᠡᠯ ᠢ ᠪᠤᠢ ᠪᠤᠯᠭᠠᠨ᠂ ᠨᠡᠶᠢᠬᠡᠮ ᠤᠨ ᠭᠦᠴᠦᠨ ᠢ ᠭᠦᠳᠦᠯᠦᠨ ᠵᠢᠯᠤᠭᠤᠳᠴᠤ ᠪᠠᠶᠢᠭᠠᠳ ᠦᠷᠬᠡᠨ ᠢᠶᠠᠷ | ᠤᠷᠤᠯᠴᠠᠭᠤᠯᠬᠤ ᠶᠢ ᠵᠤᠷᠢᠨᠨᠵᠢᠭᠤᠯᠵᠦ᠂ ᠬᠡᠤᠬᠡᠳ ᠤᠨ ᠠᠰᠠᠷᠠᠮᠵᠢ ᠶᠢᠨ ᠠᠵᠢᠯ ᠦᠢᠯᠡᠰ ᠤᠨ ᠭᠦᠭᠵᠢᠯᠳᠡ ᠶᠢ | ᠬᠠᠮᠳᠤᠪᠠᠷ ᠠᠬᠢᠭᠤᠯᠬᠤ ᠬᠡᠷᠡᠭᠳᠡᠢ᠃ | ︵ᠭᠤᠷᠪᠠ︶ ᠠᠵᠢᠯ ᠤᠨ ᠬᠠᠷᠠᠯᠳᠠ᠃ | ᠵᠠᠰᠠᠭ ᠤᠨ ᠤᠷᠳᠤᠨ ᠠᠴᠠ ᠭᠤᠤᠯ ᠵᠢᠯᠤᠭᠤᠳᠴᠤ᠂ ᠬᠡᠷ ᠪᠦᠯᠢ ᠠᠴᠠ ᠬᠠᠷᠢᠭᠤᠴᠠᠯᠭ᠎ᠠ ᠪᠠᠨ ᠭᠦᠢᠴᠡᠳᠬᠡᠵᠦ᠂ | ᠨᠡᠶᠢᠬᠡᠮ ᠨᠡᠶᠢᠳᠡ ᠪᠠᠷ ᠤᠷᠤᠯᠴᠬᠠᠰᠠᠨ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠳᠤᠯᠠᠭ᠎ᠠ ᠶᠢᠨ ᠠᠵᠢᠯ ᠤᠨ | ᠪᠠᠶᠢᠷᠢᠰᠢᠯ ᠢ ᠲᠦᠷᠬᠡᠳᠬᠡᠨ ᠪᠤᠢ ᠪᠤᠯᠭᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠲᠦᠷᠦᠯ ᠬᠤᠪᠢᠶᠠᠨ | ᠪᠠᠳᠤᠯᠠᠬᠤ ᠲᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠮᠠᠨ ᠤ ᠤᠷᠤᠨ ᠤ ᠠᠵᠦ ᠠᠬᠤᠢ ᠨᠡᠶᠢᠬᠡᠮ ᠤᠨ | ᠭᠦᠭᠵᠢᠯᠳᠡ ᠶᠢᠨ ᠬᠢᠷᠢ ᠬᠡᠮᠵᠢᠶ᠎ᠡ ᠲᠠᠢ ᠬᠠᠷᠢᠯᠴᠠᠨ ᠲᠤᠬᠢᠷᠠᠬᠤ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠲᠦᠷᠦᠯ | ᠬᠤᠪᠢᠶᠠᠨ ᠪᠠᠳᠤᠯᠠᠬᠤ ᠰᠢᠰᠲ᠋ᠧᠮᠵᠢ ᠶᠢ ᠪᠦᠷᠢᠯᠳᠦᠬᠦᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ | ᠠᠮᠢᠳᠤᠷᠠᠯ ᠤᠨ ᠪᠠᠳᠤᠯᠠᠭ᠎ᠠ ᠶᠢ ᠤᠯᠠᠮ ᠡᠷᠴᠢᠮᠲᠠᠢ ᠪᠤᠯᠭᠠᠵᠦ᠂ ᠡᠮᠴᠢᠯᠡᠬᠡᠨ ᠡᠷᠡᠭᠦᠯᠵᠢᠯ ᠤᠨ ᠪᠠᠳᠤᠯᠠᠭ᠎ᠠ ᠶᠢ ᠨᠡᠩ | ᠢᠯᠡᠬᠦᠦ ᠪᠦᠷᠢᠨᠰᠢᠬᠦᠯᠵᠦ᠂ ᠰᠤᠷᠭᠠᠨ ᠭᠦᠮᠦᠵᠢᠯ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠡᠩ ᠢᠯᠡᠬᠦᠦ | ᠲᠡᠭᠦᠯᠳᠡᠷᠵᠢᠬᠦᠯᠵᠦ᠂ ᠬᠢᠨᠠᠯᠳᠠ ᠲᠠᠯᠪᠢᠵᠦ ᠬᠠᠮᠠᠭᠠᠯᠠᠬᠤ ᠲᠦᠷᠢᠮ ᠢ ᠨᠡᠩ ᠢᠯᠡᠬᠦᠦ ᠰᠢᠨᠵᠢᠯᠡᠬᠦ ᠤᠬᠠᠭᠠᠨᠴᠢ ᠪᠤᠯᠭᠠᠵᠦ᠂ | ᠬᠡᠤᠬᠡᠳ ᠢ ᠬᠠᠶᠢᠷᠠᠯᠠᠵᠦ ᠬᠠᠷᠠᠭᠠᠯᠵᠠᠬᠤ ᠲᠤᠨᠨᠳᠠᠴᠠ ᠶᠢ ᠨᠡᠩ ᠢᠯᠡᠬᠦᠦ ᠰᠢᠯᠢᠳᠡᠭᠵᠢᠬᠦᠯᠵᠦ᠂ ᠭᠦᠴᠢᠷᠳᠡᠯ ᠳᠤ | ᠲᠤᠯᠭᠠᠷᠬᠠᠰᠠᠨ ᠬᠡᠤᠬᠡᠳ ᠤᠨ ᠠᠮᠢᠳᠤᠷᠠᠯ ᠢ ᠨᠡᠩ ᠢᠯᠡᠬᠦᠦ ᠵᠢᠷᠭᠠᠯᠳᠠᠢ ᠪᠤᠯᠭᠠᠨ᠎ᠠ᠃ | ᠬᠤᠶᠠᠷ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠩᠭᠢᠯᠠᠯ ᠢ ᠲᠤᠳᠤᠷᠬᠠᠶᠢᠯᠠᠬᠤ ᠬᠡᠷᠡᠭᠲᠡᠢ | ︵ᠨᠢᠬᠡ︶ ᠦᠨᠦᠴᠢᠨ ᠬᠡᠤᠬᠡᠳ᠃ ᠡᠴᠢᠬᠡ ᠡᠬᠡ ᠪᠠᠨ ᠠᠯᠳ᠋ᠬᠠᠰᠠᠨ ᠪᠤᠶᠤ ᠲᠦᠷᠦᠭᠰᠡᠨ ᠡᠴᠢᠬᠡ ᠡᠬᠡ ᠪᠠᠨ | ᠡᠷᠢᠵᠦ ᠤᠯᠬᠤ ᠦᠬᠡᠢ ᠪᠦᠭᠦᠯᠢ 18 ᠨᠠᠰᠤ ᠭᠦᠷᠦᠬᠡᠳᠦᠢ ᠪᠠᠶᠢᠭ᠎ᠠ ᠨᠠᠰᠤᠨ ᠳᠤ ᠦᠯᠦ ᠭᠦᠷᠦᠭᠰᠡᠳ ᠢ ᠵᠢᠭᠠᠨ᠎ᠠ᠃ | ︵ᠬᠤᠶᠠᠷ︶ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠬᠠᠳ᠋ᠬᠠᠰᠠᠨ ᠬᠡᠤᠬᠡᠳ᠃ | ︵ᠭᠤᠷᠪᠠ︶ ᠪᠤᠳᠠᠳᠠᠢ ᠠᠰᠠᠷᠠᠵᠦ ᠲᠡᠵᠢᠬᠡᠬᠦ ᠭᠦᠮᠦᠨ ᠦᠬᠡᠢ ᠪᠤᠯᠤᠨᠨᠰᠠᠨ ᠬᠡᠤᠬᠡᠳ᠃ ᠡᠴᠢᠬᠡ ᠡᠬᠡ ᠶᠢᠨ | ᠬᠢᠨᠢ ᠨᠢᠬᠡ ᠨᠢ ᠨᠠᠰᠤ ᠪᠠᠷᠠᠵᠦ᠂ ᠨᠦᠭᠦᠬᠡ ᠨᠢ ᠰᠤᠷᠠᠭ ᠲᠠᠰᠤᠷᠬᠠᠰᠠᠨ ᠪᠤᠶᠤ ᠤᠶᠤᠨ ᠮᠡᠳᠡᠷᠡᠯ ᠤᠨ ᠡᠪᠡᠳᠴᠢᠨ ᠳᠤ | ᠨᠠᠷᠪᠡᠭᠳᠡᠭᠰᠡᠨ᠂ ᠡᠷᠡᠭᠦᠦ ᠰᠢᠢᠳᠬᠡᠯ ᠭᠦᠢᠴᠡᠳᠬᠡᠬᠦ ᠪᠠ ᠬᠤᠤᠷ ᠲᠠᠳᠠᠬᠤ ᠶᠢ ᠨᠢ ᠠᠯᠪᠠᠳᠠᠯᠭ᠎ᠠ ᠪᠠᠷ ᠵᠤᠨᠨᠰᠤᠭᠠᠬᠤ ᠠᠴᠠ | ᠪᠤᠯᠵᠦ ᠪᠤᠳᠠᠳᠠᠢ ᠠᠰᠠᠷᠠᠵᠦ ᠲᠡᠵᠢᠬᠡᠬᠦ ᠭᠦᠮᠦᠨ ᠦᠬᠡᠢ ᠪᠤᠯᠤᠨᠨᠰᠠᠨ ᠬᠡᠤᠬᠡᠳ︔ ᠡᠴᠢᠬᠡ ᠡᠬᠡ ᠨᠢ ᠬᠤᠶᠠᠭᠤᠯᠠ ᠪᠠᠨ | ᠰᠤᠷᠠᠭ ᠲᠠᠰᠤᠷᠠᠵᠦ᠂ ᠭᠦᠨᠳᠦ ᠵᠡᠮᠳᠡᠭ ︵2 ᠳ᠋ᠤᠭᠠᠷ ᠲᠡᠰ ᠠᠴᠠ ᠲᠡᠬᠡᠭᠰᠢᠬᠢ ᠵᠡᠮᠳᠡᠭ︶᠂ ᠭᠦᠨᠳᠦ ᠡᠪᠡᠳᠴᠢᠨ ︵ | ᠡᠯ᠎ᠡ ᠭᠠᠵᠠᠷ ᠤᠨ ᠭᠦᠨᠳᠦ ᠶᠡᠭᠡ ᠤᠨᠴᠠ ᠶᠡᠭᠡ ᠡᠪᠡᠳᠴᠢᠨ ᠡᠮᠬᠡᠭ ᠢ ᠠᠪᠤᠷᠠᠨ ᠲᠤᠰᠠᠯᠠᠬᠤ ᠠᠷᠭ᠎ᠠ ᠶᠢᠨ | ᠲᠤᠨᠨᠳᠠᠭᠠᠯ ᠢᠶᠠᠷ ᠯᠠᠪᠯᠠᠯᠳᠠ ᠪᠤᠯᠭᠠᠨ᠎ᠠ︶ ᠪᠤᠶᠤ ᠤᠶᠤᠨ ᠮᠡᠳᠡᠷᠡᠯ ᠤᠨ ᠡᠪᠡᠳᠴᠢᠨ ᠳᠤ ᠨᠡᠷᠪᠡᠭᠳᠡᠭᠰᠡᠨ᠂ ᠡᠷᠡᠭᠦᠦ | ᠰᠢᠢᠳᠬᠡᠯ ᠭᠦᠢᠴᠡᠳᠬᠡᠬᠦ ᠪᠠ ᠬᠤᠤᠷ ᠲᠠᠳᠠᠬᠤ ᠶᠢ ᠨᠢ ᠠᠯᠪᠠᠳᠠᠯᠭ᠎ᠠ ᠪᠠᠷ ᠵᠤᠨᠨᠰᠤᠭᠠᠬᠤ ᠠᠴᠠ ᠪᠤᠯᠵᠦ ᠪᠤᠳᠠᠳᠠᠢ | ᠠᠰᠠᠷᠠᠵᠦ ᠲᠡᠵᠢᠬᠡᠬᠦ ᠭᠦᠮᠦᠨ ᠦᠬᠡᠢ ᠪᠤᠯᠤᠨᠨᠰᠠᠨ ᠬᠡᠤᠬᠡᠳ᠃ | ︵ᠲᠦᠷᠪᠡ︶ ᠭᠦᠳᠡᠯᠮᠦᠷᠢᠯᠡᠬᠦ ᠴᠢᠳᠠᠪᠤᠷᠢ ᠦᠬᠡᠢ᠂ ᠠᠮᠢᠳᠤᠷᠠᠯ ᠤᠨ ᠢᠷᠡᠯᠳᠡ ᠦᠬᠡᠢ᠂ ᠬᠠᠤᠯᠢ ᠳᠤ | ᠲᠤᠨᠨᠳ᠋ᠬᠠᠰᠠᠨ ᠠᠰᠠᠷᠠᠨ ᠲᠡᠵᠢᠬᠡᠬᠦ ᠭᠦᠮᠦᠨ ᠨᠢ ᠠᠰᠠᠷᠠᠵᠦ ᠲᠡᠵᠢᠬᠡᠬᠦ ᠴᠢᠳᠠᠪᠤᠷᠢ ᠦᠬᠡᠢ ᠪᠤᠯᠤᠨᠨᠰᠠᠨ ᠪᠦᠭᠦᠯᠢ 16 | ᠨᠠᠰᠤ ᠭᠦᠷᠦᠬᠡᠳᠦᠢ ᠪᠠᠶᠢᠭ᠎ᠠ ᠬᠡᠤᠬᠡᠳ᠃ | ︵ᠲᠠᠪᠤ︶ ᠬᠠᠤᠯᠢ ᠳᠤ ᠲᠤᠨᠨᠳ᠋ᠬᠠᠰᠠᠨ ᠠᠰᠠᠷᠠᠵᠦ ᠲᠡᠵᠢᠬᠡᠬᠦ ᠭᠦᠮᠦᠨ ᠨᠢ ᠠᠰᠠᠷᠠᠵᠦ ᠲᠡᠵᠢᠬᠡᠬᠦ ᠴᠢᠳᠠᠪᠤᠷᠢ ᠲᠠᠢ | ᠪᠤᠯᠪᠠᠴᠤ ᠬᠡᠷ ᠪᠦᠯᠢ ᠶᠢᠨ ᠠᠵᠦ ᠠᠬᠤᠢ ᠶᠢᠨ ᠭᠦᠴᠢᠷᠳᠡᠯᠳᠡᠢ ᠪᠠᠶᠢᠭ᠎ᠠ ᠪᠠᠶᠢᠳᠠᠯ ᠨᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠳᠤᠯᠠᠭ᠎ᠠ ᠶᠢᠨ ᠨᠦᠭᠦᠴᠡᠯ ᠳᠤ ᠨᠡᠶᠢᠴᠡᠭᠰᠡᠨ ᠬᠡᠤᠬᠡᠳ᠃ | ︵ᠵᠢᠷᠭᠤᠭ᠎ᠠ︶ ᠦᠨᠳᠦᠰᠦᠨ ᠠᠮᠢᠳᠤᠷᠠᠯ ᠨᠢ ᠬᠡᠨᠡᠳᠳᠡ ᠶᠢᠨ ᠴᠢᠨᠠᠷᠳᠠᠢ᠂ ᠲᠤᠯᠭᠠᠮ᠎ᠠ ᠴᠢᠨᠠᠷᠳᠠᠢ᠂ ᠲᠦᠷ | ᠴᠠᠭ ᠤᠨ ᠴᠢᠨᠠᠷᠳᠠᠢ ᠭᠦᠴᠢᠷᠳᠡᠯ ᠳᠤ ᠲᠤᠯᠭᠠᠷᠬᠠᠰᠠᠨ ᠬᠡᠷ ᠪᠦᠯᠢ ᠶᠢᠨ ᠬᠡᠤᠬᠡᠳ᠃ | ︵ᠲᠤᠯᠤᠭ᠎ᠠ︶ ᠭᠦᠨᠦᠬᠡᠯ ᠪᠠ ᠬᠠᠷᠠᠳᠠᠯ ᠠᠮᠰᠬᠠᠰᠠᠨ ᠬᠡᠤᠬᠡᠳ᠂ ᠠᠮᠢᠳᠤᠷᠠᠯ ᠨᠢ ᠭᠦᠴᠢᠷᠳᠡᠯᠳᠡᠢ ᠦᠨᠦᠴᠢᠨ | ᠦᠷᠦᠬᠡᠰᠦᠨ ᠬᠡᠷ ᠪᠦᠯᠢ᠂ ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ᠂ ᠬᠡᠷ ᠪᠦᠯᠢ ᠶᠢᠨ ᠠᠮᠢᠳᠤᠷᠠᠯ ᠨᠢ | ᠭᠦᠴᠢᠷᠳᠡᠯᠳᠡᠢ ᠬᠡᠷ ᠢᠶᠠᠨ ᠰᠠᠬᠢᠨᠨᠰᠠᠨ ᠪᠤᠶᠤ ᠨᠡᠭᠦᠳᠡᠯᠯᠡᠵᠦ ᠶᠠᠪᠤᠭ᠎ᠠ ᠬᠡᠤᠬᠡᠳ ᠵᠡᠷᠬᠡ ᠪᠤᠰᠤᠳ ᠭᠦᠴᠢᠷᠳᠡᠯ ᠳᠤ | ᠲᠤᠯᠭᠠᠷᠬᠠᠰᠠᠨ ᠬᠡᠤᠬᠡᠳ᠃ | ᠭᠤᠷᠪᠠ᠂ ᠠᠩᠭᠢᠯᠠᠵᠦ ᠪᠠᠳᠤᠯᠠᠬᠤ ᠶᠢ ᠦᠨᠡᠨᠬᠦ ᠰᠠᠶᠢᠳᠤᠷ ᠬᠢᠬᠦ ᠬᠡᠷᠡᠭᠳᠡᠢ | ︵ᠨᠢᠬᠡ︶ ᠦᠨᠳᠦᠰᠦᠨ ᠠᠮᠢᠳᠤᠷᠠᠯ ᠤᠨ ᠪᠠᠳᠤᠯᠠᠭ᠎ᠠ ᠶᠢ ᠴᠢᠩᠭᠠᠷᠠᠭᠤᠯᠬᠤ ᠬᠡᠷᠡᠭᠳᠡᠢ᠃ | ᠦᠨᠦᠴᠢᠨ ᠬᠡᠤᠬᠡᠳ ᠤᠨ ᠦᠨᠳᠦᠰᠦᠨ ᠠᠮᠢᠳᠤᠷᠠᠯ ᠢ ᠭᠦᠴᠦᠯᠡᠨ ᠪᠠᠳᠤᠯᠠᠵᠦ᠂ ︽ᠦᠨᠦᠴᠢᠨ ᠬᠡᠤᠬᠡᠳ ᠤᠨ | ᠪᠠᠳᠤᠯᠠᠭ᠎ᠠ ᠶᠢᠨ ᠠᠵᠢᠯ ᠢ ᠴᠢᠩᠭᠠᠳᠬᠠᠬᠤ ᠲᠤᠬᠠᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ | ᠲᠢᠩᠬᠢᠮ ᠤᠨ ᠬᠡᠷᠡᠭᠵᠢᠬᠦᠯᠬᠦ ᠰᠠᠨᠠᠯ ᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠦᠪᠦᠷ ᠵᠠᠰᠠᠭ ᠠᠯᠪᠠᠨ | ᠲᠠᠷᠬᠠᠭᠠᠨᠨᠰᠠᠨ ﹇2011﹈ 35 ᠳ᠋ᠤᠭᠠᠷ ᠲᠤᠭᠠᠳᠤ︶ ᠪᠠ ︽ᠪᠤᠳᠠᠳᠠᠢ ᠠᠰᠠᠷᠠᠵᠦ ᠲᠡᠵᠢᠬᠡᠬᠦ ᠭᠦᠮᠦᠨ ᠦᠬᠡᠢ ᠪᠠ | ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠪᠠᠳᠤᠯᠠᠬᠤ ᠲᠤᠬᠠᠢ | ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠳᠡᠯ︾ ︵ᠦᠪᠦᠷ ᠠᠷᠠᠳ ᠶᠠᠪᠤᠳᠠᠯ | ᠨᠡᠶᠢᠬᠡᠮ ᠠᠰᠠᠷᠠᠮᠵᠢ ﹇2015﹈ 9 ᠳ᠋ᠤᠬᠡᠷ ᠲᠤᠭᠠᠳᠤ︶ ᠤᠨ ᠲᠤᠨᠨᠳᠠᠭᠠᠯ ᠶᠤᠰᠤᠭᠠᠷ᠂ ᠦᠨᠦᠴᠢᠨ ᠬᠡᠤᠬᠡᠳ ᠤᠨ | ᠦᠨᠳᠦᠰᠦᠨ ᠠᠮᠢᠳᠤᠷᠠᠯ ᠤᠨ ᠪᠠᠳᠤᠯᠠᠭ᠎ᠠ ᠶᠢᠨ ᠲᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠢᠽ | ᠡᠪᠡᠳᠴᠢᠨ ᠤ ᠸᠢᠷᠦ᠋ᠰ ᠲᠤ ᠬᠠᠯᠳᠠᠪᠤᠷᠢᠯᠬᠠᠳ᠋ᠬᠠᠰᠠᠨ ᠬᠡᠤᠬᠡᠳ ᠪᠠ ᠪᠤᠳᠠᠳᠠᠢ ᠠᠰᠠᠷᠠᠵᠦ ᠲᠡᠵᠢᠬᠡᠬᠦ ᠭᠦᠮᠦᠨ ᠦᠬᠡᠢ | ᠪᠤᠯᠤᠨᠨᠰᠠᠨ ᠬᠡᠤᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠦᠨᠦᠴᠢᠨ ᠬᠡᠤᠬᠡᠳ ᠤᠨ ᠪᠠᠷᠢᠮᠵᠢᠶ᠎ᠠ ᠪᠠᠷ | ᠯᠠᠪᠯᠠᠯᠳᠠ ᠪᠤᠯᠭᠠᠨ ᠨᠠᠶᠢᠳᠠᠪᠤᠷᠢᠵᠢᠭᠤᠯᠵᠦ᠂ ᠠᠰᠠᠷᠠᠨ ᠪᠤᠶᠢᠵᠢᠭᠤᠯᠬᠤ ᠪᠠᠷᠢᠮᠵᠢᠶ᠎ᠠ ᠶᠢᠨ ᠠᠶᠠᠨᠳᠠᠭᠠᠨ ᠦᠰᠬᠦ | ᠲᠤᠨᠨᠳᠠᠴᠠ ᠶᠢ ᠲᠡᠭᠦᠯᠳᠡᠷᠵᠢᠬᠦᠯᠬᠦ ᠬᠡᠷᠡᠭᠳᠡᠢ᠃ ᠦᠨᠦᠴᠢᠨ ᠬᠡᠤᠬᠡᠳ ᠢ ᠪᠠᠳᠤᠯᠠᠬᠤ ᠬᠡᠪᠴᠢᠶᠡᠨ ᠳᠤ ᠦᠯᠦ | ᠤᠷᠤᠭᠤᠯᠤᠨᠨᠰᠠᠨ ᠪᠠᠶᠢᠳᠠᠯ᠂ ᠭᠦᠴᠢᠷᠳᠡᠯᠳᠡᠢ ᠭᠦᠮᠦᠰ ᠢ ᠠᠪᠤᠷᠠᠨ ᠲᠤᠰᠠᠯᠠᠬᠤ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠳᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠵᠡᠷᠬᠡ ᠪᠠᠳᠤᠯᠠᠭ᠎ᠠ ᠶᠢᠨ ᠬᠡᠪᠴᠢᠶᠡᠨ ᠳᠤ ᠤᠷᠤᠭᠤᠯᠬᠤ | ᠬᠡᠷᠡᠭᠳᠡᠢ᠃ | ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠭᠦᠳᠡᠯᠦᠩᠭᠦᠢ ᠬᠠᠮᠢᠶᠠᠷᠤᠯᠳᠠ ᠶᠢ ᠬᠡᠷᠡᠭᠵᠢᠬᠦᠯᠦᠨ᠎ᠠ᠃ | ᠲᠤᠤᠷᠠᠬᠢ ᠪᠠᠶᠢᠳᠠᠯ ᠤᠨ ᠨᠢᠬᠡ ᠨᠢ ᠪᠠᠶᠢᠪᠠᠯ ᠪᠠᠳᠤᠯᠠᠬᠤ ᠬᠡᠪᠴᠢᠶᠡᠨ ᠠᠴᠠ ᠪᠤᠴᠠᠭᠠᠨ ᠭᠠᠷᠭᠠᠬᠤ ᠬᠡᠷᠡᠭᠳᠡᠢ᠃ | 1. ᠪᠦᠭᠦᠯᠢ 18 ᠨᠠᠰᠤ ᠭᠦᠷᠦᠭᠰᠡᠨ ᠦᠨᠦᠴᠢᠨ ᠬᠡᠤᠬᠡᠳ ︵ᠪᠦᠭᠦᠯᠢ 18 ᠨᠠᠰᠤ ᠭᠦᠷᠬᠦ ᠠᠴᠠ ᠡᠮᠤᠨ᠎ᠠ | ᠪᠠᠳᠤᠯᠠᠭ᠎ᠠ ᠶᠢᠨ ᠬᠡᠪᠴᠢᠶᠡᠨ ᠳᠤ ᠤᠷᠤᠨᠨᠰᠠᠨ᠂ ᠪᠦᠭᠦᠯᠢ 18 ᠨᠠᠰᠤ ᠭᠦᠷᠦᠭᠰᠡᠨ ᠤ ᠲᠠᠷᠠᠭ᠎ᠠ ᠮᠦᠨ ᠭᠦ ᠦᠨᠳᠦᠷ | ᠲᠤᠮᠳᠠᠳᠤ᠂ ᠲᠡᠬᠡᠳᠦ ᠵᠡᠷᠬᠡ ᠶᠢᠨ ᠠᠵᠢᠯ ᠮᠡᠷᠬᠡᠵᠢᠯ᠂ ᠲᠤᠮᠳᠠ ᠵᠡᠷᠬᠡ ᠶᠢᠨ ᠲᠤᠰᠬᠠᠢ ᠮᠡᠷᠬᠡᠵᠢᠯ᠂ ᠲᠡᠬᠡᠳᠦ ᠵᠡᠷᠬᠡ ᠶᠢᠨ | ᠲᠤᠰᠬᠠᠢ ᠮᠡᠷᠬᠡᠵᠢᠯ ᠵᠢᠴᠢ ᠵᠢᠩᠬᠢᠨᠢ ᠠᠩᠬᠢ ᠳᠤ ᠰᠤᠷᠤᠯᠴᠠᠵᠦ ᠪᠠᠶᠢᠭ᠎ᠠ ᠦᠨᠦᠴᠢᠨ ᠬᠡᠤᠬᠡᠳ᠂ ᠭᠦᠴᠢᠷᠳᠡᠯ ᠳᠤ | ᠲᠤᠯᠭᠠᠷᠬᠠᠰᠠᠨ ᠬᠡᠤᠬᠡᠳ ᠲᠤ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠶᠢ ᠰᠤᠷᠤᠯᠭ᠎ᠠ ᠲᠡᠭᠦᠰᠳᠡᠯ᠎ᠡ ᠨᠢ | ᠦᠷᠭᠦᠯᠵᠢᠯᠡᠨ ᠭᠦᠷᠳᠡᠬᠡᠨ᠎ᠠ︶᠃ | 2. ᠪᠦᠭᠦᠯᠢ 16 ᠨᠠᠰᠤ ᠭᠦᠷᠦᠭᠰᠡᠨ ᠤᠨᠴᠠ ᠭᠦᠴᠢᠷᠳᠡᠯᠳᠡᠢ ᠬᠡᠤᠬᠡᠳ ︵ᠪᠦᠭᠦᠯᠢ 16 ᠨᠠᠰᠤ ᠭᠦᠷᠬᠦ ᠠᠴᠠ | ᠡᠮᠤᠨ᠎ᠠ ᠪᠠᠳᠤᠯᠠᠭ᠎ᠠ ᠶᠢᠨ ᠬᠡᠪᠴᠢᠶᠡᠨ ᠳᠤ ᠤᠷᠤᠨᠨᠰᠠᠨ᠂ ᠪᠦᠭᠦᠯᠢ 16 ᠨᠠᠰᠤ ᠭᠦᠷᠦᠭᠰᠡᠨ ᠤ ᠲᠠᠷᠠᠭ᠎ᠠ ᠮᠦᠨ ᠭᠦ | ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠵᠦ ᠪᠠᠶᠢᠭ᠎ᠠ ᠪᠤᠶᠤ ᠡᠩ ᠤᠨ ᠦᠨᠳᠦᠷ ᠲᠤᠮᠳᠠᠳᠤ᠂ ᠲᠤᠮᠳᠠ | ᠵᠡᠷᠬᠡ ᠶᠢᠨ ᠠᠵᠢᠯ ᠮᠡᠷᠬᠡᠵᠢᠯ ᠤᠨ ᠲᠡᠬᠡᠳᠦ ᠰᠤᠷᠭᠠᠭᠤᠯᠢ ᠳᠤ ᠰᠤᠷᠤᠯᠴᠠᠵᠦ ᠪᠠᠶᠢᠭ᠎ᠠ ᠰᠤᠷᠤᠨᠨᠴᠢᠳ ᠲᠤ ᠠᠪᠤᠷᠠᠨ | ᠲᠤᠰᠠᠯᠠᠵᠦ ᠲᠡᠳᠬᠦᠨ ᠲᠡᠵᠢᠬᠡᠬᠦ ᠬᠠᠷᠠᠭᠠᠯᠵᠠᠯ ᠢ ᠦᠷᠭᠦᠯᠵᠢᠯᠡᠨ ᠭᠦᠷᠳᠡᠬᠡᠵᠦ ᠪᠤᠯᠤᠨ᠎ᠠ︶᠃ | 3. ᠬᠠᠤᠯᠢ ᠶᠤᠰᠤᠭᠠᠷ ᠡᠷᠭᠦᠨ ᠲᠡᠵᠢᠬᠡᠭᠳᠡᠭᠰᠡᠨ᠃ | 4. ᠡᠴᠢᠬᠡ ︵ᠡᠬᠡ︶ ᠨᠢ ᠠᠰᠠᠷᠠᠨ ᠲᠡᠵᠢᠬᠡᠬᠦ ᠡᠭᠦᠷᠬᠡ ᠶᠢ ᠲᠠᠬᠢᠵᠦ ᠰᠢᠨ᠎ᠠ ᠪᠠᠷ ᠭᠦᠢᠴᠡᠳᠬᠡᠭᠰᠡᠨ᠃ | 5. ᠡᠴᠢᠬᠡ ︵ᠡᠬᠡ︶ ᠶᠢᠨ ᠨᠢᠭᠡᠨ ᠤ ᠬᠢᠨᠢ ᠡᠷᠡᠭᠦᠦ ᠶᠢᠨ ᠬᠤᠭᠤᠴᠠᠭ᠎ᠠ ᠲᠠᠭᠤᠰᠴᠤ ᠰᠤᠯᠠᠯᠬᠠᠳ᠋ᠬᠠᠰᠠᠨ ᠪᠤᠶᠤ | ᠬᠤᠤᠷ ᠲᠠᠳᠠᠬᠤ ᠶᠢ ᠠᠯᠪᠠᠳᠠᠯᠭ᠎ᠠ ᠪᠠᠷ ᠵᠤᠨᠨᠰᠤᠭᠠᠬᠤ ᠨᠢ ᠳᠠᠭᠤᠰᠤᠬᠰᠠᠨ᠃ | 6. ᠭᠡᠷ ᠪᠦᠯᠢ ᠶᠢᠨ ᠠᠮᠢᠳᠤᠷᠠᠯ ᠤᠨ ᠨᠦᠭᠦᠴᠡᠯ ᠨᠢ ᠰᠠᠶᠢᠵᠢᠷᠠᠵᠦ ᠠᠰᠠᠷᠠᠵᠦ ᠲᠡᠵᠢᠬᠡᠬᠦ ᠴᠢᠳᠠᠪᠤᠷᠢ ᠲᠠᠢ | ᠪᠤᠯᠤᠨᠨᠰᠠᠨ᠃ | 7. ᠡᠪᠡᠳᠴᠢᠨ ᠡᠮᠬᠡᠭ ᠲᠠᠢ ᠬᠡᠤᠬᠡᠳ ᠪᠤᠶᠤ ᠡᠴᠢᠬᠡ ︵ᠡᠬᠡ︶ ᠶᠢᠨ ᠬᠢᠨᠢ ᠡᠪᠡᠳᠴᠢᠨ ᠡᠮᠬᠡᠭ ᠨᠢ | ᠡᠳᠡᠬᠡᠷᠡᠭᠰᠡᠨ᠃ | 8. ᠪᠤᠴᠠᠭᠠᠨ ᠭᠠᠷᠭᠠᠪᠠᠰᠦ ᠵᠤᠬᠢᠬᠤ ᠪᠤᠰᠤᠳ ᠪᠠᠶᠢᠳᠠᠯ᠃ | ︵ᠬᠤᠶᠠᠷ︶ ᠡᠮᠴᠢᠯᠡᠬᠡᠨ ᠡᠷᠡᠭᠦᠯᠵᠢᠯ ᠤᠨ ᠪᠠᠳᠤᠯᠠᠭ᠎ᠠ ᠶᠢ ᠴᠢᠩᠭᠠᠳᠬᠠᠬᠤ ᠬᠡᠷᠡᠭᠳᠡᠢ᠃ | ᠤᠳᠤ ᠶᠢᠨ ᠪᠠᠶᠢᠭ᠎ᠠ ᠡᠮᠴᠢᠯᠡᠬᠡᠨ ᠤ ᠲᠦᠷᠦ ᠶᠢᠨ ᠪᠤᠳᠤᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ | ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠡᠮᠴᠢᠯᠡᠬᠡᠨ ᠡᠷᠡᠭᠦᠯᠵᠢᠯ ᠤᠨ ᠪᠠᠲᠤᠯᠭ᠎ᠠ ᠶᠢᠨ ᠨᠡᠶᠢᠯᠡᠮᠡᠯ ᠭᠦᠴᠦᠨ ᠢ | ᠤᠯᠠᠮ ᠨᠢᠬᠡ ᠠᠯᠬᠤᠮ ᠪᠤᠢ ᠪᠤᠯᠭᠠᠬᠤ ᠬᠡᠷᠡᠭᠳᠡᠢ᠃ ᠨᠦᠭᠦᠴᠡᠯ ᠳᠤ ᠨᠡᠶᠢᠴᠡᠬᠦ ᠭᠦᠴᠢᠷᠳᠡᠯ ᠳᠤ ᠲᠤᠯᠭᠠᠷᠬᠠᠰᠠᠨ | ᠬᠡᠤᠬᠡᠳ ᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠳᠤ | ᠤᠷᠤᠭᠤᠯᠬᠤ ᠬᠡᠷᠡᠭᠳᠡᠢ᠃ ᠲᠤᠬᠠᠢ ᠶᠢᠨ ᠭᠠᠵᠠᠷ ᠤᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠲᠠᠭᠠᠳᠬᠠᠯ ᠤᠨ ᠨᠦᠭᠦᠴᠡᠯ ᠳᠤ ᠨᠡᠶᠢᠴᠡᠭᠰᠡᠨ ᠪᠠᠶᠢᠪᠠᠯ᠂ ᠬᠠᠮᠢᠶ᠎ᠠ ᠪᠦᠭᠦᠢ ᠲᠤᠨᠨᠳᠠᠭᠠᠯ ᠶᠤᠰᠤᠭᠠᠷ ᠴᠠᠭ | ᠲᠤᠬᠠᠢ ᠳᠤᠨᠢ ᠳ᠋ᠦᠩᠨᠡᠨ ᠪᠤᠳᠤᠬᠤ ᠬᠡᠷᠡᠭᠳᠡᠢ᠃ ᠪᠠᠯᠴᠢᠷ ᠬᠡᠤᠬᠡᠳ ᠤᠨ ᠠᠵᠢᠯᠯᠠᠭᠠᠨ ᠤ ᠰᠤᠨᠤᠷ ᠤᠨ ᠰᠤᠷᠢᠯᠳᠠ᠂ | ᠬᠡᠤᠬᠡᠳ ᠤᠨ ᠰᠤᠨᠤᠷ ᠤᠨ ᠰᠠᠭᠠᠳ᠂ ᠬᠡᠯᠡᠨ ᠤ ᠪᠤᠯᠪᠠᠰᠤᠷᠠᠭᠤᠯᠤᠯ ᠵᠡᠷᠬᠡ ᠡᠮᠴᠢᠯᠡᠬᠡᠨ ᠡᠷᠡᠭᠦᠯᠵᠢᠯ ᠤᠨ ᠲᠦᠷᠦᠯ | ᠵᠦᠢᠯ ᠢ ᠦᠨᠳᠦᠰᠦᠨ ᠡᠮᠴᠢᠯᠡᠬᠡᠨ ᠤ ᠲᠠᠭᠠᠳᠬᠠᠯ ᠤᠨ ᠪᠠᠳᠤᠯᠠᠭ᠎ᠠ ᠶᠢᠨ ᠬᠡᠪᠴᠢᠶᠡᠨ ᠳᠤ ᠤᠷᠤᠭᠤᠯᠬᠤ ᠬᠡᠷᠡᠭᠳᠡᠢ᠃ | ᠡᠮᠴᠢᠯᠡᠬᠡᠨ ᠤ ᠠᠪᠤᠷᠠᠨ ᠲᠤᠰᠠᠯᠠᠬᠤ ᠨᠦᠭᠦᠴᠡᠯ ᠳᠤ ᠨᠡᠶᠢᠴᠡᠭᠰᠡᠨ ᠬᠡᠤᠬᠡᠳ ᠢ ᠠᠪᠤᠷᠠᠨ ᠲᠤᠰᠠᠯᠠᠬᠤ ᠬᠡᠪᠴᠢᠶᠡᠨ ᠳᠤ | ᠤᠷᠤᠭᠤᠯᠵᠦ᠂ ᠲᠤᠬᠠᠢ ᠶᠢᠨ ᠭᠠᠵᠠᠷ ᠤᠨ ᠡᠮᠴᠢᠯᠡᠬᠡᠨ ᠤ ᠠᠪᠤᠷᠠᠨ ᠲᠤᠰᠠᠯᠠᠬᠤ ᠬᠠᠷᠢᠴᠠᠯ ᠪᠠ ᠳᠡᠭᠡᠳᠦ ᠬᠢᠵᠠᠭᠠᠷ | ᠱᠤᠭᠤᠮ ᠶᠤᠰᠤᠭᠠᠷ ᠲᠦᠷᠦ ᠶᠢᠨ ᠪᠤᠳᠤᠯᠭ᠎ᠠ ᠶᠢ ᠭᠦᠢᠴᠡᠳ ᠭᠡᠷᠡᠭᠯᠡᠬᠦ ᠬᠡᠷᠡᠭᠳᠡᠢ᠃ ᠠᠮᠢᠳᠤᠷᠠᠯ ᠤᠨ ᠨᠠᠭᠠᠳᠤ | ᠵᠠᠬ᠎ᠠ ᠶᠢᠨ ᠪᠠᠳᠤᠯᠠᠭ᠎ᠠ ᠲᠠᠢ ᠬᠡᠷ ᠪᠦᠯᠢ ᠶᠢᠨ ᠬᠡᠤᠬᠡᠳ᠂ ᠭᠦᠨᠳᠦ ᠵᠡᠮᠳᠡᠭ ᠬᠡᠤᠬᠡᠳ ᠲᠤ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠳᠠᠬᠢ ᠬᠤᠪᠢ ᠭᠦᠮᠦᠨ ᠤ ᠰᠦᠢᠳᠬᠡᠯ ᠲᠤᠰᠢᠶᠠᠬᠤ | ᠵᠤᠬᠢᠰᠳᠠᠢ ᠬᠡᠰᠡᠭ ᠢᠶᠠᠷ ᠯᠠᠪᠯᠠᠯᠲᠠ ᠪᠤᠯᠭᠠᠵᠦ 50% ᠠᠴᠠ ᠲᠤᠤᠷ᠎ᠠ ᠪᠠᠶᠢᠯᠭᠠᠬᠤ ᠦᠬᠡᠢ ᠬᠠᠷᠢᠴᠠᠯ ᠢᠶᠠᠷ ᠨᠡᠮᠡᠭᠦᠷᠢ | ᠤᠯᠭᠤᠬᠤ ᠬᠡᠷᠡᠭᠳᠡᠢ᠃ ᠤᠨᠴᠠ ᠭᠦᠴᠢᠷᠳᠡᠯᠳᠡᠢ ᠭᠦᠮᠦᠰ ᠢ ᠠᠪᠤᠷᠠᠨ ᠲᠤᠰᠠᠯᠠᠵᠦ ᠠᠰᠠᠷᠠᠨ ᠲᠡᠵᠢᠬᠡᠬᠦ ᠬᠡᠪᠴᠢᠶᠠᠨ ᠳᠤ | ᠤᠷᠤᠭᠤᠯᠤᠨᠨᠰᠠᠨ ᠬᠡᠤᠬᠡᠳ ᠲᠤ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ | ᠲᠠᠭᠠᠳᠬᠠᠯ ᠢᠶᠠᠷ ᠯᠠᠪᠯᠠᠯᠳᠠ ᠪᠤᠯᠭᠠᠵᠦ ᠪᠦᠭᠦ ᠲᠤᠭ᠎ᠠ ᠪᠠᠷ ᠨᠢ ᠵᠤᠭᠤᠰ ᠢᠶᠠᠷ ᠲᠤᠰᠠᠯᠠᠬᠤ ᠬᠡᠷᠡᠭᠳᠡᠢ᠃ ︽ | ᠢᠷᠡᠭᠡᠳᠦᠢ ᠶᠢᠨ ᠲᠦᠯᠦᠪᠯᠡᠭᠡ︾ ᠬᠡᠮᠡᠬᠦ ᠮᠠᠰᠡ ᠵᠠᠰᠠᠯ ᠢᠶᠠᠷ ᠠᠪᠤᠷᠠᠨ ᠲᠤᠰᠠᠯᠠᠬᠤ ᠲᠦᠷᠦᠯ ᠵᠦᠢᠯ ᠢ ᠦᠷᠬᠡᠳᠬᠡᠵᠦ᠂ | ᠠᠰᠠᠷᠠᠮᠵᠢ ᠶᠢᠨ ᠪᠠᠶᠢᠭᠤᠯᠤᠮᠵᠢ ᠶᠢᠨ ᠬᠡᠤᠬᠡᠳ ᠢ ᠮᠠᠰᠡ ᠵᠠᠰᠠᠯ ᠤᠨ ᠪᠤᠰᠤ ᠡᠮᠴᠢᠯᠡᠭᠡ ᠪᠠᠷ ᠡᠮᠨᠡᠨ ᠠᠪᠤᠷᠠᠬᠤ ᠪᠠ | ᠪᠡᠶ᠎ᠡ ᠶᠢᠨ ᠪᠠᠶᠢᠴᠠᠭᠠᠯᠳᠠ᠂ ᠡᠷᠡᠬᠦᠯᠵᠢᠬᠦ ᠡᠮᠴᠢᠯᠡᠭᠡ ᠶᠢ ᠨᠢ ᠵᠤᠭᠤᠰ ᠢᠶᠠᠷ ᠲᠤᠰᠠᠯᠠᠬᠤ ᠬᠡᠪᠴᠢᠶᠡᠨ ᠳᠤ ᠤᠷᠤᠭᠤᠯᠵᠦ᠂ | ᠬᠡᠤᠬᠡᠳ ᠢ ᠠᠪᠤᠷᠠᠨ ᠡᠳᠡᠬᠡᠷᠡᠬᠦᠯᠬᠦ ᠪᠠᠶᠢᠭᠤᠯᠤᠮᠵᠢ ᠶᠢᠨ ᠲᠤᠳᠤᠭᠠᠳᠤ ᠳᠠᠬᠢ ᠲᠦᠷᠦ ᠶᠢᠨ ᠪᠤᠳᠤᠯᠭ᠎ᠠ ᠪᠠ ᠠᠷᠭ᠎ᠠ | ᠬᠢᠳᠡᠯ ᠢᠶᠠᠷ ᠯᠠᠪᠯᠠᠯᠳᠠ ᠪᠤᠯᠭᠠᠵᠦ ᠨᠡᠶᠢᠬᠡᠮ ᠳᠤ ᠲᠠᠷᠠᠬᠠᠢ ᠰᠠᠭᠤᠷᠢᠰᠢᠨᠨᠰᠠᠨ ᠬᠡᠷᠡᠭᠴᠡᠭᠡ ᠱᠠᠭᠠᠷᠳᠠᠯᠭ᠎ᠠ ᠲᠠᠢ ᠦᠨᠦᠴᠢᠨ | ᠬᠡᠤᠬᠡᠳ ᠲᠤ ᠡᠮᠴᠢᠯᠡᠬᠡᠨ ᠤ ᠡᠷᠡᠭᠦᠯᠵᠢᠯ ᠬᠡᠷᠡᠭᠵᠢᠬᠦᠯᠬᠦ ᠬᠡᠷᠡᠭᠳᠡᠢ᠃ ᠭᠤᠯᠤᠨᠨᠳ᠋ᠬᠠᠰᠠᠨ ᠬᠡᠤᠬᠡᠳ ᠪᠠ ᠲᠡᠨᠦᠬᠦᠯ | ᠭᠤᠶᠤᠯᠭᠠᠴᠢᠨ ᠨᠠᠰᠤᠨ ᠳᠤ ᠭᠦᠷᠦᠬᠡᠳᠦᠢ ᠡᠪᠡᠳᠴᠢᠳᠠᠨ ᠢ ᠤᠯᠵᠦ ᠮᠡᠳᠡᠬᠦ᠂ ᠬᠠᠮᠠᠭᠠᠯᠠᠨ ᠭᠦᠷᠬᠡᠬᠦ᠂ ᠠᠪᠤᠷᠠᠨ | ᠵᠠᠰᠠᠬᠤ ᠲᠤᠨᠨᠳᠠᠴᠠ ᠶᠢ ᠨᠠᠶᠢᠳᠠᠪᠤᠷᠢᠵᠢᠭᠤᠯᠵᠦ᠂ ᠭᠤᠯᠤᠨᠨᠳ᠋ᠬᠠᠰᠠᠨ ᠬᠡᠤᠬᠡᠳ ᠪᠠ ᠲᠡᠨᠦᠬᠦᠯ ᠭᠤᠶᠤᠯᠭᠠᠴᠢᠨ | ᠨᠠᠰᠤᠨ ᠳᠤ ᠭᠦᠷᠦᠬᠡᠳᠦᠢ ᠡᠪᠡᠳᠴᠢᠳᠠᠨ ᠢ ᠠᠪᠤᠷᠠᠨ ᠵᠠᠰᠠᠬᠤ ᠳᠤ᠂ ᠤᠷᠢᠳᠠᠪᠡᠷ ᠤᠨᠤᠰᠢᠯᠠᠬᠤ ᠬᠠᠷᠢᠭᠤᠴᠠᠯᠭ᠎ᠠ ᠶᠢᠨ | ᠲᠦᠷᠢᠮ ᠪᠠ ᠤᠷᠢᠳᠠᠪᠠᠷ ᠠᠪᠤᠷᠠᠨ ᠵᠠᠰᠠᠵᠦ ᠲᠠᠷᠠᠭ᠎ᠠ ᠨᠢ ᠳ᠋ᠦᠩᠨᠡᠨ ᠪᠤᠳᠤᠬᠤ ᠬᠠᠮᠢᠶᠠᠷᠤᠯᠳᠠ ᠶᠢᠨ ᠲᠦᠷᠢᠮ ᠢ | ᠬᠡᠷᠡᠭᠵᠢᠬᠦᠯᠬᠦ ᠬᠡᠷᠡᠭᠳᠡᠢ᠃ | ︵ᠭᠤᠷᠪᠠ︶ ᠰᠤᠷᠭᠠᠨ ᠭᠦᠮᠦᠵᠢᠯ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠬᠦ | ᠬᠡᠷᠡᠭᠳᠡᠢ᠃ | ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠵᠤᠭᠤᠰ ᠢᠶᠠᠷ ᠲᠤᠰᠠᠯᠠᠵᠦ ᠰᠤᠷᠭᠠᠭᠤᠯᠢ ᠳᠤ ᠤᠷᠤᠭᠤᠯᠬᠤ ᠪᠠ | ᠰᠤᠷᠭᠠᠨ ᠭᠦᠮᠦᠵᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠪᠦᠳᠦᠮᠵᠢᠳᠡᠢ ᠨᠠᠶᠢᠳᠠᠪᠤᠷᠢᠵᠢᠭᠤᠯᠵᠦ᠂ | ᠦᠨᠦᠴᠢᠨ᠂ ᠵᠡᠮᠳᠡᠭ᠂ ᠶᠠᠳᠠᠭᠤ ᠭᠦᠴᠢᠷᠳᠡᠯᠳᠡᠢ ᠬᠡᠤᠬᠡᠳ ᠢ ᠵᠤᠭᠤᠰ ᠢᠶᠠᠷ ᠲᠤᠰᠠᠯᠠᠵᠦ ᠰᠤᠷᠭᠠᠭᠤᠯᠢ ᠳᠤ | ᠤᠷᠤᠭᠤᠯᠬᠤ ᠲᠦᠯᠦᠪᠯᠡᠭᠡ ᠶᠢ ᠬᠡᠷᠡᠭᠵᠢᠬᠦᠯᠦᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠡᠩ ᠲᠡᠷᠢᠬᠦᠨ ᠳᠤ | ᠵᠤᠭᠤᠰ ᠢᠶᠠᠷ ᠲᠤᠰᠠᠯᠠᠵᠦ ᠰᠤᠷᠭᠠᠨ ᠭᠦᠮᠦᠵᠢᠬᠦᠯᠬᠦ ᠰᠢᠰᠲ᠋ᠧᠮᠵᠢ ᠳᠤ ᠤᠷᠤᠭᠤᠯᠵᠦ᠂ ᠰᠤᠷᠤᠯᠭ᠎ᠠ ᠶᠢᠨ | ᠲᠡᠳᠬᠦᠮᠵᠢ ᠶᠢᠨ ᠮᠦᠩᠭᠦ ᠶᠢᠨ ᠲᠦᠷᠢᠮ ᠢ ᠲᠡᠭᠦᠯᠳᠡᠷᠵᠢᠬᠦᠯᠦᠨ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ | ᠱᠠᠳᠤᠨ ᠤ ︽ᠬᠤᠶᠠᠷ ᠠᠴᠠ ᠬᠡᠯᠳᠦᠷᠢᠬᠦᠯᠵᠦ ᠬᠤᠶᠠᠷ ᠢ ᠨᠦᠭᠦᠪᠦᠷᠢᠯᠡᠬᠦ︾ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠪᠠ ᠦᠨᠦᠴᠢᠨ ᠬᠡᠤᠬᠡᠳ᠂ ᠬᠡᠷ ᠪᠦᠯᠢ ᠶᠢᠨ ᠠᠵᠦ ᠠᠬᠤᠢ ᠨᠢ ᠭᠦᠴᠢᠷᠳᠡᠯᠳᠡᠢ | ᠰᠤᠷᠤᠨᠨᠴᠢᠳ ᠲᠤ ᠡᠩ ᠤᠨ ᠲᠡᠬᠡᠳᠦ ᠰᠤᠷᠭᠠᠭᠤᠯᠢ ᠶᠢᠨ ᠰᠢᠨ᠎ᠠ ᠰᠤᠷᠤᠨᠨᠴᠢ ᠶᠢ ᠵᠤᠭᠤᠰ ᠢᠶᠠᠷ ᠲᠤᠰᠠᠯᠠᠬᠤ | ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ ︵ᠲᠤᠰᠬᠠᠢ ᠠᠩᠬᠢ ᠶᠢᠨ ᠰᠤᠷᠤᠨᠨᠴᠢ ᠳᠤ 3 ᠲᠦᠮᠡᠨ ᠲᠦᠭᠦᠷᠢᠭ᠂ | ᠵᠢᠩᠬᠢᠨᠢ ᠠᠩᠬᠢ ᠶᠢᠨ ᠰᠤᠷᠤᠨᠨᠴᠢ ᠳᠤ 4 ᠲᠦᠮᠡᠨ ᠲᠦᠭᠦᠷᠢᠭ ᠤᠨ ᠰᠤᠷᠤᠯᠭ᠎ᠠ ᠶᠢᠨ ᠰᠦᠢᠳᠬᠡᠯ ᠤᠨ ᠲᠤᠰᠠᠯᠠᠮᠵᠢ | ᠤᠯᠭᠤᠨ᠎ᠠ︶᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠵᠤᠭᠤᠰ ᠢᠶᠠᠷ ᠲᠤᠰᠠᠯᠠᠬᠤ ᠬᠡᠪᠴᠢᠶ᠎ᠡ ᠶᠢ ᠲᠠᠰᠤᠷᠠᠯᠳᠠ | ᠦᠬᠡᠢ ᠦᠷᠬᠡᠳᠬᠡᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠰᠤᠷᠭᠠᠨ ᠭᠦᠮᠦᠵᠢᠯ ᠭᠦᠷᠳᠡᠬᠦ ᠡᠷᠬᠡ ᠠᠰᠢᠭ ᠢ | ᠦᠨᠡᠨᠬᠦ ᠪᠠᠳᠤᠯᠠᠬᠤ ᠬᠡᠷᠡᠭᠳᠡᠢ᠃ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠨᠴᠤᠭᠤᠢ ᠰᠤᠷᠭᠠᠨ | ᠭᠦᠮᠦᠵᠢᠯ ᠤᠨ ᠠᠩᠬᠢ ᠪᠠ ᠤᠨᠴᠤᠭᠤᠢ ᠰᠤᠷᠭᠠᠨ ᠭᠦᠮᠦᠵᠢᠯ ᠤᠨ ᠰᠤᠷᠭᠠᠭᠤᠯᠢ ᠶᠢᠨ ᠪᠦᠳᠦᠬᠡᠨ ᠪᠠᠶᠢᠭᠤᠯᠤᠯᠳᠠ ᠶᠢ | ᠴᠢᠩᠭᠠᠳᠬᠠᠵᠦ᠂ ᠡᠩ ᠤᠨ ᠰᠤᠷᠭᠠᠭᠤᠯᠢ ᠳᠤ ᠰᠤᠷᠤᠯᠴᠠᠬᠤ ᠳᠤ ᠲᠤᠬᠢᠷᠠᠬᠤ ᠦᠬᠡᠢ ᠤᠨᠴᠤᠭᠤᠢ ᠬᠡᠤᠬᠡᠳ ᠢ | ᠤᠨᠴᠤᠭᠤᠢ ᠰᠤᠷᠭᠠᠨ ᠭᠦᠮᠦᠵᠢᠯ ᠤᠨ ᠰᠤᠷᠭᠠᠭᠤᠯᠢ ᠳᠤ ᠲᠤᠬᠢᠷᠠᠭᠤᠯᠤᠨ ᠰᠤᠷᠤᠯᠴᠠᠭᠤᠯᠵᠦ᠂ ᠡᠯ᠎ᠡ ᠲᠦᠷᠦᠯ ᠤᠨ | ᠡᠩ ᠤᠨ ᠰᠤᠷᠭᠠᠭᠤᠯᠢ ᠶᠢᠨ ᠵᠡᠮᠳᠡᠭ ᠬᠡᠤᠬᠡᠳ᠂ ᠪᠠᠭᠠᠴᠤᠳ ᠢ ᠭᠦᠯᠢᠶᠡᠨ ᠠᠪᠴᠤ ᠰᠤᠷᠭᠠᠭᠤᠯᠢ ᠳᠤ ᠤᠷᠤᠭᠤᠯᠬᠤ ᠶᠢ | ᠲᠡᠮᠵᠢᠬᠦ ᠬᠡᠷᠡᠭᠳᠡᠢ᠃ ᠲᠦᠷᠢᠮ ᠤᠨ ᠰᠠᠭᠠᠳ ᠢ ᠠᠷᠢᠯᠭᠠᠵᠦ᠂ ᠲᠡᠨᠦᠬᠦᠯ ᠬᠡᠤᠬᠡᠳ᠂ ᠭᠦᠯ ᠠᠯᠳ᠋ᠬᠠᠰᠠᠨ ᠨᠠᠰᠤᠨ ᠳᠤ | ᠦᠯᠦ ᠭᠦᠷᠦᠭᠰᠡᠳ ᠲᠤ ᠠᠯᠪᠠᠨ ᠵᠢᠷᠤᠮ ᠤᠨ ᠰᠤᠷᠭᠠᠨ ᠭᠦᠮᠦᠵᠢᠯ ᠢ ᠡᠷᠬᠡ ᠲᠡᠭᠰᠢ ᠪᠠᠷ ᠭᠦᠯᠢᠶᠡᠨ ᠠᠪᠬᠤ ᠳᠤ | ᠨᠦᠭᠦᠴᠡᠯ ᠪᠦᠷᠢᠯᠳᠦᠬᠦᠯᠬᠦ ᠬᠡᠷᠡᠭᠳᠡᠢ᠃ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠰᠤᠷᠤᠨᠨᠴᠢᠳ ᠤᠨ | ᠰᠤᠷᠤᠯᠭ᠎ᠠ ᠪᠠᠨ ᠲᠤᠷᠭᠤᠨ ᠵᠤᠨᠨᠰᠤᠬᠤ ᠬᠠᠮᠢᠶᠠᠷᠤᠯᠳᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠳᠡᠢ᠃ | ᠬᠠᠤᠯᠢ ᠲᠦᠬᠡᠮᠡᠯᠵᠢᠬᠦᠯᠬᠦ ᠭᠦᠮᠦᠵᠢᠯ᠂ ᠵᠤᠷᠢᠭ ᠭᠦᠪᠴᠢᠯᠡᠬᠦ ᠭᠦᠮᠦᠵᠢᠯ ᠤᠨ ᠡᠷᠴᠢᠮ ᠢ ᠴᠢᠩᠭᠠᠷᠠᠭᠤᠯᠵᠦ᠂ ᠬᠠᠮᠢᠶ᠎ᠠ | ᠪᠦᠭᠦᠢ ᠨᠤᠮ ᠪᠢᠴᠢᠭ ᠢ ᠲᠠᠷᠬᠠᠭᠠᠬᠤ᠂ ᠺᠢᠨᠤ᠋ ᠵᠤᠬᠢᠶᠠᠨ ᠪᠠᠶᠢᠭᠤᠯᠵᠦ ᠰᠤᠨᠢᠷᠬᠠᠭᠤᠯᠬᠤ ᠵᠡᠷᠬᠡ ᠰᠤᠷᠭᠠᠨ ᠭᠦᠮᠦᠵᠢᠬᠦᠯᠬᠦ | ᠬᠡᠯᠪᠡᠷᠢ ᠪᠠᠷ ᠲᠠᠮᠵᠢᠭᠤᠯᠵᠦ᠂ ᠭᠦᠴᠢᠷᠳᠡᠯ ᠳᠤ ᠲᠤᠯᠭᠠᠷᠬᠠᠰᠠᠨ ᠨᠡᠩ ᠤᠯᠠᠨ ᠬᠡᠤᠬᠡᠳ ᠲᠤ ᠬᠠᠤᠯᠢ ᠲᠦᠬᠡᠮᠡᠯᠵᠢᠬᠦᠯᠬᠦ | ᠭᠦᠮᠦᠵᠢᠯ ᠢ ᠭᠦᠷᠲᠡᠭᠡᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠦᠪᠡᠷ ᠢ ᠢᠶᠠᠨ ᠬᠠᠮᠠᠭᠠᠯᠠᠬᠤ ᠪᠠ | ᠦᠪᠡᠷ ᠢ ᠢᠶᠠᠨ ᠭᠦᠭᠵᠢᠬᠦᠯᠬᠦ ᠴᠢᠳᠠᠪᠤᠷᠢ ᠶᠢ ᠨᠢ ᠲᠡᠬᠡᠭᠰᠢᠯᠡᠬᠦᠯᠦᠨ᠂ ᠡᠶ᠎ᠡ ᠵᠤᠬᠢᠴᠠᠯ ᠲᠠᠢ ᠲᠤᠨᠨᠳᠠᠭᠤᠨ ᠨᠡᠶᠢᠬᠡᠮ ᠤᠨ | ᠤᠷᠴᠢᠨ ᠲᠤᠭᠤᠷᠢᠨ ᠢ ᠢᠳᠡᠪᠬᠢᠳᠡᠢ ᠪᠠᠷ ᠡᠭᠦᠳᠦᠨ ᠪᠠᠶᠢᠭᠤᠯᠬᠤ ᠬᠡᠷᠡᠭᠳᠡᠢ᠃ | ︵ᠲᠦᠷᠪᠡ︶ ᠬᠢᠨᠠᠯᠳᠠ ᠲᠠᠯᠪᠢᠵᠦ ᠬᠠᠮᠠᠭᠠᠯᠠᠬᠤ ᠲᠦᠷᠢᠮ ᠢ ᠪᠦᠷᠢᠨᠰᠢᠬᠦᠯᠬᠦ ᠬᠡᠷᠡᠭᠳᠡᠢ᠃ | ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ | ᠬᠠᠤᠯᠢ︾ ᠶᠢᠨ ᠤᠬᠠᠭᠤᠯᠬᠤ ᠡᠷᠴᠢᠮ ᠢ ᠴᠢᠩᠭᠠᠷᠠᠭᠤᠯᠵᠦ᠂ ᠨᠠᠰᠤᠨ ᠳᠤ ᠦᠯᠦ ᠭᠦᠷᠦᠭᠰᠡᠳ ᠤᠨ ᠶᠠᠯ᠎ᠠ ᠬᠢᠬᠦ ᠶᠢ | ᠤᠷᠢᠳᠴᠢᠯᠠᠨ ᠰᠡᠷᠬᠡᠶᠢᠯᠡᠬᠦ ᠠᠵᠢᠯ ᠢ ᠴᠢᠩᠭᠠᠳᠬᠠᠵᠦ᠂ ᠨᠠᠰᠤᠨ ᠳᠤ ᠦᠯᠦ ᠭᠦᠷᠦᠭᠰᠡᠳ ᠢ ᠵᠠᠰᠠᠭ ᠵᠠᠬᠢᠷᠭᠠᠨ ᠢᠶᠠᠷ | ᠬᠠᠮᠠᠭᠠᠯᠠᠬᠤ ᠪᠠ ᠬᠠᠤᠯᠢ ᠴᠠᠭᠠᠵᠠ ᠪᠠᠷ ᠬᠠᠮᠠᠭᠠᠯᠠᠬᠤ ᠠᠵᠢᠯ ᠢ ᠪᠦᠭᠦ ᠲᠠᠯ᠎ᠠ ᠪᠠᠷ ᠦᠷᠨᠢᠬᠦᠯᠬᠦ ᠬᠡᠷᠡᠭᠳᠡᠢ᠃ | ᠠᠰᠠᠭᠤᠳᠠᠯ ᠲᠠᠢ ᠬᠡᠷ ᠪᠦᠯᠢ ᠶᠢ ᠵᠢᠨᠨᠰᠠᠭᠠᠨ ᠪᠠᠶᠢᠴᠠᠭᠠᠵᠦ ᠵᠤᠬᠢᠴᠠᠭᠤᠯᠤᠨ ᠡᠮᠬᠢᠯᠡᠬᠦ ᠪᠠ ᠬᠢᠨᠠᠯᠳᠠ ᠲᠠᠯᠪᠢᠨ ᠠᠵᠢᠯ | ᠬᠢᠵᠦ᠂ ᠬᠠᠷᠠᠭᠠᠯᠵᠠᠨ ᠬᠠᠮᠠᠭᠠᠯᠬᠠᠴᠢ ᠠᠴᠠ ᠬᠠᠷᠠᠭᠠᠯᠵᠠᠨ ᠬᠠᠮᠠᠭᠠᠯᠠᠬᠤ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ | ᠦᠬᠡᠢ ᠪᠤᠶᠤ ᠬᠡᠤᠬᠡᠳ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠪᠠᠯ᠂ ︽ᠬᠠᠷᠠᠭᠠᠯᠵᠠᠨ | ᠬᠠᠮᠠᠭᠠᠯᠬᠠᠴᠢ ᠠᠴᠠ ᠨᠠᠰᠤᠨ ᠳᠤ ᠦᠯᠦ ᠭᠦᠷᠦᠭᠰᠡᠳ ᠤᠨ ᠡᠷᠬᠡ ᠠᠰᠢᠭ ᠲᠤ ᠬᠠᠯᠳ᠋ᠬᠠᠰᠠᠨ ᠦᠢᠯᠡ ᠠᠵᠢᠯᠯᠠᠭ᠎ᠠ | ᠠᠰᠠᠭᠤᠳᠠᠯ ᠤᠳ ᠤᠨ ᠲᠤᠬᠠᠢ ᠠᠷᠠᠳ ᠤᠨ ᠲᠡᠬᠡᠳᠦ ᠵᠡᠷᠬᠡ ᠶᠢᠨ ᠰᠢᠬᠦᠬᠦ ᠬᠤᠷᠢᠶ᠎ᠠ ᠠᠷᠠᠳ ᠤᠨ ᠲᠡᠬᠡᠳᠦ ᠵᠡᠷᠬᠡ ᠶᠢᠨ | ᠪᠠᠶᠢᠴᠠᠭᠠᠬᠤ ᠬᠤᠷᠢᠶ᠎ᠠ ᠲᠤᠳᠤᠭᠠᠳᠤ ᠶᠢ ᠬᠠᠮᠠᠭᠠᠯᠠᠬᠤ ᠶᠠᠮᠤᠨ ᠠᠷᠠᠳ ᠤᠨ ᠶᠠᠪᠤᠳᠠᠯ ᠤᠨ ᠶᠠᠮᠤᠨ ᠤ ᠰᠠᠨᠠᠯ︾ ︵ | ᠰᠢᠭᠦᠬᠦ ᠲᠠᠷᠬᠠᠭᠠᠨᠨᠰᠠᠨ ﹇2014﹈ 24 ᠳ᠋ᠤᠬᠡᠷ ᠲᠤᠭᠠᠳᠤ︶ ᠤᠨ ᠶᠤᠰᠤᠭᠠᠷ ᠰᠶᠢᠳᠪᠦᠷᠢᠯᠡᠬᠦ ᠬᠡᠷᠡᠭᠳᠡᠢ᠃ | ︵ᠲᠠᠪᠤ︶ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ | ᠡᠴᠢᠬᠡ ᠡᠬᠡ ᠪᠠᠨ ᠠᠯᠳᠠᠬᠰᠠᠨ᠂ ᠲᠦᠷᠦᠭᠰᠡᠨ ᠡᠴᠢᠬᠡ ᠡᠬᠡ ᠪᠠᠨ ᠡᠷᠢᠵᠦ ᠤᠯᠬᠤ ᠪᠠᠨ ᠪᠤᠯᠢᠨᠨᠰᠠᠨ | ᠬᠡᠤᠬᠡᠳ ᠢ ᠪᠤᠯ ᠦᠨᠦᠴᠢᠨ ᠬᠡᠤᠬᠡᠳ ᠤᠨ ᠳᠦᠪᠬᠢᠨᠠᠭᠦᠯᠬᠦ ᠠᠷᠭ᠎ᠠ ᠵᠠᠮ ᠳᠤ ᠤᠷᠤᠭᠤᠯᠵᠦ᠂ ᠲᠦᠷᠦᠯ ᠰᠠᠳᠤᠨ ᠨᠢ | ᠠᠰᠠᠷᠠᠨ ᠲᠡᠵᠢᠬᠡᠬᠦ᠂ ᠪᠠᠶᠢᠭᠤᠯᠤᠮᠵᠢ ᠠᠴᠠ ᠦᠰᠬᠡᠨ ᠭᠦᠮᠦᠵᠢᠬᠦᠯᠬᠦ᠂ ᠬᠡᠷ ᠪᠦᠯᠢ ᠳᠤ ᠦᠭᠴᠤ ᠲᠡᠵᠢᠬᠡᠯᠬᠡᠬᠦ ᠪᠠ | ᠬᠠᠤᠯᠢ ᠶᠤᠰᠤᠭᠠᠷ ᠡᠷᠭᠦᠨ ᠲᠡᠵᠢᠬᠡᠬᠦ ᠠᠷᠭ᠎ᠠ ᠮᠠᠶ᠋ᠢᠭ ᠢᠶᠠᠷ ᠲᠤᠬᠢᠳᠠᠢ ᠳᠦᠪᠬᠢᠨᠡᠭᠦᠯᠬᠦ ᠬᠡᠷᠡᠭᠳᠡᠢ᠃ ᠡᠴᠢᠬᠡ ᠡᠬᠡ ᠨᠢ | ᠬᠠᠷᠠᠭᠠᠯᠵᠠᠵᠦ ᠬᠠᠮᠠᠭᠠᠯᠠᠬᠤ ᠴᠢᠳᠠᠪᠤᠷᠢ ᠦᠬᠡᠢ ᠮᠦᠷᠳᠡᠬᠡᠨ ᠪᠤᠰᠤᠳ ᠬᠠᠷᠠᠭᠠᠯᠵᠠᠨ ᠬᠠᠮᠠᠭᠠᠯᠬᠠᠴᠢ ᠦᠬᠡᠢ ᠬᠡᠤᠬᠡᠳ | ᠵᠢᠴᠢ ᠠᠷᠠᠳ ᠤᠨ ᠰᠢᠬᠦᠬᠦ ᠬᠤᠷᠢᠶ᠎ᠠ ᠠᠴᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠬᠠᠷᠠᠭᠠᠯᠵᠠᠨ | ᠬᠠᠮᠠᠭᠠᠯᠠᠬᠤ ᠡᠭᠦᠷᠬᠡ ᠶᠢ ᠲᠠᠭᠠᠭᠠᠨ ᠡᠭᠦᠷᠬᠡᠯᠡᠬᠦᠯᠬᠦ ᠪᠠᠷ ᠲᠤᠨᠨᠳ᠋ᠬᠠᠰᠠᠨ ᠬᠡᠤᠬᠡᠳ ᠢ ᠪᠤᠯ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠤᠨ ᠪᠠᠶᠢᠭᠤᠯᠤᠨᠨᠰᠠᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠨᠢ ᠦᠯᠡᠳᠡᠬᠡᠵᠦ ᠠᠰᠠᠷᠠᠨ | ᠲᠡᠵᠢᠬᠡᠬᠦ ᠬᠡᠷᠡᠭᠳᠡᠢ᠃ ᠬᠡᠤᠬᠡᠳ ᠤᠨ ᠲᠦᠷᠦᠭᠰᠡᠨ ᠡᠴᠢᠬᠡ ᠡᠬᠡ ᠪᠤᠶᠤ ᠡᠷᠭᠦᠨ ᠲᠡᠵᠢᠬᠡᠬᠦ ᠬᠠᠷᠢᠴᠠᠭ᠎ᠠ ᠲᠠᠢ | ᠪᠤᠯᠤᠨᠨᠰᠠᠨ ᠲᠡᠵᠢᠬᠡᠭᠰᠡᠨ ᠡᠴᠢᠬᠡ ᠡᠬᠡ ᠨᠢ ᠬᠠᠷᠠᠭᠠᠯᠵᠠᠵᠦ ᠬᠠᠮᠠᠭᠠᠯᠠᠬᠤ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ | ᠦᠬᠡᠢ ᠮᠦᠷᠳᠡᠬᠡᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠤᠷᠭᠠᠨ ᠭᠦᠮᠦᠵᠢᠭᠦᠯᠦᠭᠰᠡᠨ ᠴᠦ ᠵᠠᠰᠠᠷᠠᠬᠤ | ᠦᠬᠡᠢ ᠪᠤᠯ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠪᠠᠶᠢᠭᠤᠯᠤᠨᠨᠰᠠᠨ ᠬᠡᠤᠬᠡᠳ ᠤᠨ ᠠᠰᠠᠷᠠᠮᠵᠢ ᠶᠢᠨ | ᠪᠠᠶᠢᠭᠤᠯᠤᠮᠵᠢ᠂ ᠠᠪᠤᠷᠠᠨ ᠲᠤᠰᠠᠯᠠᠵᠦ ᠬᠠᠮᠠᠭᠠᠯᠠᠬᠤ ᠪᠠᠶᠢᠭᠤᠯᠤᠮᠵᠢ ᠨᠢ ᠲᠦᠷ ᠴᠠᠭ ᠬᠠᠷᠠᠭᠠᠯᠵᠠᠵᠦ ᠬᠠᠮᠠᠭᠠᠯᠠᠬᠤ ᠶᠢᠨ | ᠬᠠᠮᠳᠤ᠂ ᠲᠦᠷᠦᠭᠰᠡᠨ ᠡᠴᠢᠬᠡ ᠡᠬᠡ᠂ ᠲᠡᠵᠢᠬᠡᠭᠰᠡᠨ ᠡᠴᠢᠬᠡ ᠡᠬᠡ ᠶᠢᠨ ᠬᠢᠨᠢ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ ᠬᠡᠷᠡᠭᠳᠡᠢ᠃ ᠵᠠᠰᠠᠭ ᠵᠠᠬᠢᠷᠭᠠᠨ ᠤ ᠲᠦᠷ ᠬᠤᠷᠢᠬᠤ ᠶᠢ | ᠬᠡᠷᠡᠭᠵᠢᠬᠦᠯᠬᠦ ᠪᠠᠷ ᠰᠢᠢᠳᠬᠡᠨ ᠲᠤᠷᠭᠠᠬᠳᠠᠬᠤ ᠭᠦᠮᠦᠨ ᠪᠤᠶᠤ ᠡᠷᠡᠭᠦᠦ ᠶᠢᠨ ᠬᠡᠷᠡᠭ ᠤᠨ ᠲᠦᠷ ᠬᠤᠷᠢᠬᠤ ᠵᠡᠷᠬᠡ | ᠭᠦᠮᠦᠨ ᠤ ᠪᠡᠶ᠎ᠡ ᠶᠢᠨ ᠡᠷᠬᠡ ᠴᠢᠯᠦᠬᠡ ᠶᠢ ᠨᠢ ᠬᠢᠵᠠᠭᠠᠷᠯᠠᠬᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠶᠢ ᠬᠡᠷᠡᠭᠯᠡᠭᠦ ᠪᠠᠷ ᠲᠤᠬᠲᠠᠭᠠᠬᠳᠠᠬᠰᠠᠨ ᠶᠠᠯ᠎ᠠ ᠬᠢᠭᠰᠡᠨ ᠰᠡᠵᠢᠭᠳᠡᠨ ᠠᠴᠠ ᠨᠠᠰᠤᠨ ᠳᠤ ᠦᠯᠦ ᠭᠦᠷᠦᠭᠰᠡᠨ | ᠦᠷ᠎ᠡ ᠬᠡᠤᠬᠡᠳ ᠢᠶᠠᠨ ᠲᠦᠷᠦᠯ ᠰᠠᠳᠤᠨ᠂ ᠪᠤᠰᠤᠳ ᠨᠠᠰᠤᠨ ᠳᠤ ᠭᠦᠷᠦᠭᠰᠡᠨ ᠪᠤᠶᠤ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠤᠨ ᠪᠠᠶᠢᠭᠤᠯᠤᠨᠨᠰᠠᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ ᠲᠤᠰᠠᠯᠠᠵᠦ | ᠬᠠᠮᠠᠭᠠᠯᠠᠬᠤ ᠪᠠᠶᠢᠭᠤᠯᠤᠮᠵᠢ ᠳᠤ ᠬᠠᠷᠠᠭᠠᠯᠵᠠᠨ ᠬᠠᠮᠠᠭᠠᠯᠠᠭᠤᠯᠬᠤ ᠪᠠᠷ ᠨᠠᠶᠢᠳᠠᠬᠤ ᠴᠢᠬᠤᠯᠠᠳᠠᠢ ᠡᠰᠡᠬᠦ ᠶᠢ | ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠯᠠᠪᠯᠠᠵᠦ ᠠᠰᠠᠭᠤᠬᠤ ᠶᠢᠨ ᠬᠠᠮᠳᠤ᠂ ᠲᠡᠳᠡᠨ ᠢ ᠬᠠᠮᠵᠢᠵᠦ ᠪᠠᠶᠢᠭᠠᠳ | ᠬᠤᠯᠪᠤᠨᠨᠳᠠᠯ ᠪᠦᠭᠦᠢ ᠭᠦᠮᠦᠨ ᠲᠠᠢ ᠬᠠᠷᠢᠴᠠᠵᠦ ᠦᠭᠭᠦ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ | ᠲᠤᠬᠢᠷᠠᠭᠤᠯᠬᠤ ᠬᠡᠷᠡᠭᠳᠡᠢ᠃ ᠡᠷᠡᠭᠦᠦ ᠶᠢᠨ ᠰᠢᠳᠬᠡᠯ ᠭᠦᠢᠴᠡᠳᠬᠡᠵᠦ ᠪᠠᠶᠢᠭ᠎ᠠ ᠭᠦᠮᠦᠰ᠂ ᠠᠯᠪᠠᠳᠠᠯᠭ᠎ᠠ ᠪᠠᠷ | ᠲᠤᠰᠠᠭᠠᠷᠯᠠᠵᠦ ᠬᠤᠤᠷ ᠲᠠᠳᠠᠬᠤ ᠶᠢ ᠨᠢ ᠵᠤᠨᠨᠰᠤᠭᠠᠯᠭᠠᠵᠦ ᠪᠠᠶᠢᠭ᠎ᠠ ᠭᠦᠮᠦᠰ ᠤᠨ ᠬᠠᠷᠠᠭᠠᠯᠵᠠᠵᠦ ᠬᠠᠮᠠᠭᠠᠯᠠᠬᠤ ᠭᠦᠮᠦᠨ | ᠲᠤᠳ᠋ᠬᠠᠳᠠᠵᠦ ᠪᠠᠶᠢᠭ᠎ᠠ ᠨᠠᠰᠤᠨ ᠳᠤ ᠦᠯᠦ ᠭᠦᠷᠦᠭᠰᠡᠨ ᠦᠷ᠎ᠡ ᠬᠡᠤᠬᠡᠳ ᠲᠤ᠂ ᠬᠡᠷᠡᠭᠵᠢᠬᠦᠯᠬᠦ ᠪᠠᠶᠢᠭᠤᠯᠭ᠎ᠠ ᠨᠢ | ᠲᠡᠭᠦᠨ ᠤ ᠲᠦᠷᠦᠯ ᠰᠠᠳᠤᠨ᠂ ᠪᠤᠰᠤᠳ ᠨᠠᠰᠤᠨ ᠳᠤ ᠭᠦᠷᠦᠭᠰᠡᠨ ᠪᠤᠶᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠤᠨ ᠪᠠᠶᠢᠭᠤᠯᠤᠨᠨᠰᠠᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ ᠲᠤᠰᠠᠯᠠᠵᠦ ᠬᠠᠮᠠᠭᠠᠯᠠᠬᠤ | ᠪᠠᠶᠢᠭᠤᠯᠤᠮᠵᠢ ᠳᠤ ᠨᠠᠶᠢᠳᠠᠵᠤ ᠬᠠᠷᠠᠭᠠᠯᠵᠠᠵᠦ ᠬᠠᠮᠠᠭᠠᠯᠠᠬᠤ ᠳᠤ ᠬᠠᠪᠰᠤᠷᠤᠯᠭ᠎ᠠ ᠬᠠᠩᠭᠠᠬᠤ ᠬᠡᠷᠡᠭᠳᠡᠢ᠃ ᠬᠠᠤᠯᠢ | ᠶᠤᠰᠤᠭᠠᠷ ᠬᠡᠤᠬᠡᠳ ᠡᠷᠭᠦᠨ ᠲᠡᠵᠢᠬᠡᠬᠦ ᠶᠠᠪᠤᠳᠠᠯ ᠳᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ | ᠬᠠᠷᠠᠭᠠᠯᠵᠠᠨ ᠬᠠᠮᠠᠭᠠᠯᠬᠠᠴᠢ ᠶᠢᠨ ᠠᠰᠠᠷᠠᠨ ᠲᠡᠵᠢᠬᠡᠵᠦ ᠬᠠᠷᠠᠭᠠᠯᠵᠠᠵᠦ ᠬᠠᠮᠠᠭᠠᠯᠠᠬᠤ ᠴᠢᠳᠠᠪᠤᠷᠢ ᠶᠢ ᠨᠢ ᠦᠨᠡᠯᠡᠨ | ᠵᠢᠱᠢᠬᠦ ᠲᠦᠷᠢᠮ ᠢ ᠲᠡᠭᠦᠯᠳᠡᠷᠵᠢᠬᠦᠯᠦᠨ ᠴᠢᠩᠭᠠᠷᠠᠭᠤᠯᠵᠦ᠂ ᠲᠤᠬᠢᠳᠠᠢ ᠠᠰᠠᠷᠠᠨ ᠲᠡᠵᠢᠬᠡᠵᠦ ᠬᠠᠷᠠᠭᠠᠯᠵᠠᠵᠦ | ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ | ︵ᠵᠢᠷᠭᠤᠭ᠎ᠠ︶ ᠬᠡᠤᠬᠡᠳ ᠢ ᠬᠠᠯᠠᠮᠵᠢᠯᠠᠵᠦ ᠬᠠᠶᠢᠷᠠᠯᠠᠬᠤ ᠲᠤᠨᠨᠳᠠᠴᠠ ᠶᠢ ᠰᠢᠯᠢᠳᠡᠭᠵᠢᠬᠦᠯᠬᠦ ᠬᠡᠷᠡᠭᠳᠡᠢ᠃ | ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠤᠳᠠᠳᠠᠢ ᠬᠡᠷᠡᠭᠴᠡᠭᠡ ᠪᠠ ᠪᠤᠶᠢᠵᠢᠯᠳᠠ ᠶᠢᠨ ᠱᠠᠭᠠᠷᠳᠠᠯᠭ᠎ᠠ ᠳᠤ | ᠴᠢᠭᠯᠡᠬᠦᠯᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠤᠳ ᠡᠭᠦᠷᠬᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠤᠨ᠂ ᠦᠨᠳᠦᠰᠦᠨ ᠱᠠᠳᠤᠨ ᠤ ᠬᠡᠤᠬᠡᠳ ᠤᠨ ᠤᠯᠠᠨ ᠨᠡᠶᠢᠳᠡ ᠶᠢᠨ ᠦᠢᠯᠡᠴᠢᠯᠡᠬᠡᠨ ᠤ ᠪᠡᠯᠡᠳᠬᠡᠮᠵᠢ ᠶᠢ | ᠪᠠᠶᠢᠭᠤᠯᠤᠨ ᠲᠡᠭᠦᠯᠳᠡᠷᠵᠢᠬᠦᠯᠵᠦ᠂ ᠨᠡᠶᠢᠬᠡᠮ ᠤᠨ ᠵᠤᠬᠢᠶᠠᠨ ᠪᠠᠶᠢᠭᠤᠯᠤᠯᠳᠠ᠂ ᠠᠵᠦ ᠠᠬᠤᠶᠢᠯᠠᠯ ᠠᠵᠢᠯ ᠦᠢᠯᠡᠰ ᠤᠨ | ᠨᠢᠬᠡᠴᠡ᠂ ᠨᠢᠭᠦᠯᠡᠰᠦᠩᠬᠦᠢ ᠶᠢᠨ ᠪᠠᠶᠢᠭᠤᠯᠤᠮᠵᠢ ᠵᠢᠴᠢ ᠬᠠᠯᠠᠭᠤᠨ ᠰᠡᠳᠬᠢᠯᠳᠦ ᠭᠦᠮᠦᠰ ᠠᠴᠠ ᠬᠡᠤᠬᠡᠳ ᠢ | ᠬᠠᠶᠢᠷᠠᠯᠠᠵᠦ ᠬᠠᠯᠠᠮᠵᠢᠯᠠᠬᠤ ᠠᠳᠠᠯᠢ ᠪᠤᠰᠤ ᠬᠡᠯᠪᠡᠷᠢ ᠶᠢᠨ ᠠᠵᠢᠯᠯᠠᠭ᠎ᠠ ᠳᠤ ᠤᠷᠤᠯᠴᠠᠬᠤ ᠪᠤᠶᠤ ᠦᠷᠨᠢᠬᠦᠯᠬᠦ ᠶᠢ | ᠶᠡᠬᠡᠪᠡᠷ ᠰᠠᠨᠠᠭᠠᠴᠢᠯᠠᠨ ᠰᠡᠳᠦᠬᠦ ᠬᠡᠷᠡᠭᠳᠡᠢ︔ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠬᠠᠤᠯᠢ ᠴᠠᠭᠠᠵᠠ ᠪᠠᠷ | ᠲᠡᠮᠵᠢᠨ ᠲᠤᠰᠠᠯᠠᠬᠤ ᠪᠠ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠲᠤᠨᠨᠳᠠᠴᠠ ᠶᠢ ᠲᠡᠭᠦᠯᠳᠡᠷᠵᠢᠬᠦᠯᠵᠦ᠂ | ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠢᠳᠡᠪᠬᠢᠳᠡᠢ ᠪᠠᠷ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠦ᠂ | ᠨᠡᠶᠢᠬᠡᠮ ᠤᠨ ᠪᠦᠯᠭᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ ᠵᠡᠷᠬᠡ ᠶᠢ ᠵᠤᠷᠢᠨᠨᠵᠢᠭᠤᠯᠬᠤ ᠪᠤᠶᠤ | ᠲᠡᠮᠵᠢᠵᠦ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠬᠠᠤᠯᠢ ᠪᠠᠷ ᠲᠡᠮᠵᠢᠨ ᠲᠤᠰᠠᠯᠠᠬᠤ ᠠᠵᠢᠯᠯᠠᠭ᠎ᠠ ᠳᠤ | ᠤᠷᠤᠯᠴᠠᠭᠤᠯᠬᠤ ᠬᠡᠷᠡᠭᠳᠡᠢ᠃ ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ ᠢ ᠬᠠᠤᠯᠢ ᠴᠠᠭᠠᠵᠠ ᠪᠠᠷ ᠲᠡᠮᠵᠢᠨ | ᠲᠤᠰᠠᠯᠠᠬᠤ ᠪᠠ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠶᠢᠨ ᠪᠦᠳᠦᠮᠵᠢᠳᠠᠢ ᠵᠤᠯᠭᠠᠭᠤᠯᠬᠤ ᠶᠢ ᠴᠢᠩᠭᠠᠳᠬᠠᠵᠦ᠂ | ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ ᠤᠨ ᠮᠠᠬᠠᠪᠤᠳ᠂ ᠰᠡᠳᠬᠢᠴᠡ ᠶᠢᠨ ᠤᠨᠴᠠᠯᠢᠭ ᠪᠠ ᠡᠷᠡᠭᠦᠯ | ᠡᠩᠬᠡ ᠪᠠᠷ ᠦᠰᠦᠨ ᠪᠤᠶᠢᠵᠢᠬᠤ ᠬᠡᠷᠡᠭᠴᠡᠭᠡ ᠶᠢ ᠦᠨᠳᠦᠰᠦᠯᠡᠨ᠂ ᠨᠡᠶᠢᠬᠡᠮ ᠲᠤᠭᠤᠷᠢᠭ ᠤᠨ ᠵᠠᠰᠠᠨ ᠵᠠᠯᠠᠷᠠᠭᠤᠯᠬᠤ | ᠬᠦᠮᠦᠵᠢᠯ ᠢᠶᠠᠷ ᠬᠠᠪᠰᠤᠷᠤᠨ ᠲᠤᠰᠠᠯᠠᠬᠤ ᠲᠦᠷᠢᠮ ᠢ ᠲᠡᠭᠦᠯᠳᠡᠷᠵᠢᠬᠦᠯᠵᠦ᠂ ᠨᠡᠶᠢᠬᠡᠮ ᠲᠤᠭᠤᠷᠢᠭ ᠤᠨ ᠵᠠᠰᠠᠨ | ᠵᠠᠯᠠᠷᠠᠭᠤᠯᠬᠤ ᠶᠢᠨ ᠬᠠᠨᠳᠤᠯᠭᠠᠳᠤ ᠴᠢᠨᠠᠷ ᠪᠠ ᠪᠦᠳᠦᠮᠵᠢᠳᠦ ᠴᠢᠨᠠᠷ ᠢ ᠲᠡᠬᠡᠭᠰᠢᠯᠡᠬᠦᠯᠦᠨ᠂ ᠭᠦᠯ ᠠᠯᠳ᠋ᠬᠠᠰᠠᠨ | ᠨᠠᠰᠤᠨ ᠳᠤ ᠦᠯᠦ ᠭᠦᠷᠦᠭᠰᠡᠳ ᠤᠨ ᠨᠡᠶᠢᠬᠡᠮ ᠨᠡᠶᠢᠳᠡ ᠲᠠᠢ ᠡᠷᠳᠡᠬᠡᠨ ᠤᠷᠤᠨᠨᠰᠢᠳᠠᠢ ᠨᠡᠶᠢᠯᠡᠯᠳᠦᠬᠦ ᠶᠢ ᠲᠡᠮᠵᠢᠬᠦ | ᠬᠡᠷᠡᠭᠳᠡᠢ᠃ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠤᠶᠤᠨ ᠰᠠᠨᠠᠭᠠᠨ ᠤ ᠬᠠᠶᠢᠷ᠎ᠠ ᠬᠠᠯᠠᠮᠵᠢ ᠶᠢ ᠨᠡᠮᠡᠭᠳᠡᠬᠦᠯᠵᠦ᠂ | ᠨᠡᠶᠢᠬᠡᠮ ᠤᠨ ᠲᠤᠰᠬᠠᠢ ᠠᠵᠢᠯᠳᠠᠨ ᠢᠶᠠᠷ ᠰᠡᠳᠬᠢᠴᠡ ᠶᠢ ᠨᠢ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠂ ᠡᠷᠡᠭᠦᠯ | ᠡᠩᠬᠡ ᠰᠡᠳᠬᠢᠴᠡ ᠪᠠ ᠭᠦᠮᠦᠨ ᠴᠢᠨᠠᠷ ᠤᠨ ᠡᠷᠡᠭᠦᠯ ᠪᠤᠶᠢᠵᠢᠯᠳᠠ ᠶᠢ ᠭᠦᠮᠦᠵᠢᠬᠦᠯᠦᠨ ᠪᠤᠶᠢᠵᠢᠭᠤᠯᠬᠤ ᠬᠡᠷᠡᠭᠳᠡᠢ᠃ | ᠲᠦᠷᠪᠡ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠳᠤᠯᠠᠭ᠎ᠠ ᠶᠢᠨ ᠠᠵᠢᠯ ᠤᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠬᠦᠯᠬᠦ ᠬᠡᠷᠡᠭᠳᠡᠢ | ︵ᠨᠢᠬᠡ︶ ᠦᠢᠯᠡᠴᠢᠯᠡᠬᠡᠨ ᠤ ᠲᠤᠤᠷ ᠰᠦᠯᠵᠢᠶ᠎ᠡ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠬᠡᠳᠬᠡᠬᠦ | ᠬᠡᠷᠡᠭᠳᠡᠢ᠃ | ᠡᠯ᠎ᠡ ᠲᠦᠷᠦᠯ ᠤᠨ ᠲᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠠᠶᠢᠮᠠᠭ ᠬᠤᠳᠠ᠂ ᠬᠤᠰᠢᠭᠤ | ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠲᠦᠷᠪᠡᠨ ᠱᠠᠳᠤᠨ ᠤ | ᠬᠠᠮᠳᠤᠷᠠᠨ ᠭᠦᠳᠡᠯᠦᠯᠴᠡᠬᠦ ᠠᠵᠢᠯ ᠤᠨ ᠲᠤᠨᠨᠳᠠᠴᠠ ᠶᠢ ᠪᠦᠷᠢᠯᠳᠦᠬᠦᠯᠵᠦ᠂ ᠭᠦᠨᠳᠡᠯᠡᠨ ᠭᠤᠯᠳᠤ ᠪᠠᠷ ᠦᠷᠭᠡᠵᠢᠨ | ᠭᠦᠨᠵᠡᠭᠡᠶᠢᠷᠡᠭᠰᠡᠨ᠂ ᠬᠤᠳᠠ ᠭᠦᠳᠡᠭᠡ ᠶᠢ ᠬᠠᠮᠤᠷᠬᠠᠰᠠᠨ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠳᠤᠯᠠᠬᠤ | ᠦᠢᠯᠡᠴᠢᠯᠡᠬᠡᠨ ᠤ ᠲᠤᠤᠷ ᠰᠦᠯᠵᠢᠶ᠎ᠡ ᠶᠢ ᠪᠠᠶᠢᠭᠤᠯᠬᠤ ᠬᠡᠷᠡᠭᠳᠡᠢ᠃ ᠨᠡᠶᠢᠬᠡᠮ ᠲᠤᠭᠤᠷᠢᠭ ᠤᠨ ᠬᠡᠤᠬᠡᠳ ᠤᠨ | ᠠᠰᠠᠷᠠᠮᠵᠢ ᠶᠢᠨ ᠦᠢᠯᠡᠴᠢᠯᠡᠬᠡᠨ ᠤ ᠵᠢᠭᠠᠨ ᠵᠢᠯᠤᠭᠤᠳᠤᠯᠭ᠎ᠠ ᠪᠠ ᠵᠤᠬᠢᠶᠠᠨ ᠪᠠᠶᠢᠭᠤᠯᠤᠯᠳᠠ ᠶᠢᠨ ᠦᠢᠯᠡᠳᠦᠯ | ᠴᠢᠳᠠᠮᠵᠢ ᠶᠢ ᠴᠢᠩᠭᠠᠳᠬᠠᠵᠦ᠂ ᠬᠡᠷᠡᠭᠴᠡᠭᠡ ᠱᠠᠭᠠᠷᠳᠠᠯᠭ᠎ᠠ ᠲᠠᠢ ᠭᠦᠴᠢᠷᠳᠡᠯ ᠳᠤ ᠲᠤᠯᠭᠠᠷᠬᠠᠰᠠᠨ ᠬᠡᠤᠬᠡᠳ ᠵᠢᠴᠢ ᠬᠡᠷ | ᠪᠦᠯᠢ ᠶᠢᠨ ᠬᠢᠨ ᠳᠤᠨᠢ ᠲᠦᠷ ᠴᠠᠭ ᠤᠨ ᠬᠠᠷᠠᠭᠠᠯᠵᠠᠯ᠂ ᠰᠤᠷᠭᠠᠨ ᠭᠦᠮᠦᠵᠢᠯ ᠤᠨ ᠬᠠᠪᠰᠤᠷᠤᠨ ᠵᠢᠯᠤᠭᠤᠳᠤᠯᠭ᠎ᠠ᠂ | ᠰᠡᠳᠬᠢᠴᠡ ᠶᠢ ᠨᠢ ᠵᠠᠯᠠᠵᠦ ᠵᠢᠯᠤᠭᠤᠳᠬᠤ᠂ ᠬᠠᠷᠠᠭᠠᠯᠵᠠᠨ ᠬᠠᠮᠠᠭᠠᠯᠠᠬᠤ ᠶᠢᠨ ᠵᠢᠭᠠᠨ ᠵᠢᠯᠤᠭᠤᠳᠤᠯᠭ᠎ᠠ᠂ ᠲᠦᠷᠦ ᠶᠢᠨ | ᠪᠤᠳᠤᠯᠭ᠎ᠠ ᠶᠢᠨ ᠯᠠᠪᠯᠠᠯᠭ᠎ᠠ᠂ ᠡᠭᠦᠷᠬᠡ ᠴᠢᠳᠠᠪᠤᠷᠢ ᠪᠠᠨ ᠭᠦᠢᠴᠡᠳᠬᠡᠬᠦ ᠪᠤᠯᠪᠠᠰᠤᠷᠠᠭᠤᠯᠤᠯ ᠵᠡᠷᠬᠡ ᠦᠢᠯᠡᠴᠢᠯᠡᠭᠡ | ᠬᠠᠩᠭᠠᠬᠤ ᠬᠡᠷᠡᠭᠳᠡᠢ᠃ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠢᠳᠡᠪᠬᠢᠳᠡᠢ | ᠰᠦᠪᠡᠭᠴᠢᠯᠡᠵᠦ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠳᠤᠯᠠᠬᠤ ᠦᠢᠯᠡᠴᠢᠯᠡᠬᠡᠨ ᠤ ᠠᠵᠢᠯ ᠳᠤ | ᠨᠡᠶᠢᠬᠡᠮ ᠤᠨ ᠭᠦᠴᠦᠨ ᠤ ᠤᠷᠤᠯᠴᠠᠬᠤ ᠶᠢ ᠲᠡᠮᠵᠢᠬᠦ ᠬᠡᠷᠡᠭᠳᠡᠢ᠃ | ︵ᠬᠤᠶᠠᠷ︶ ᠰᠠᠯᠠᠭ᠎ᠠ ᠮᠦᠴᠢᠷ ᠤᠨ ᠬᠠᠮᠵᠢᠯᠴᠠᠨ ᠠᠵᠢᠯᠯᠠᠵᠦ ᠬᠠᠮᠳᠤᠷᠠᠨ ᠭᠦᠳᠡᠯᠦᠯᠴᠡᠬᠦ ᠲᠤᠨᠨᠳᠠᠴᠠ ᠶᠢ | ᠪᠠᠶᠢᠭᠤᠯᠬᠤ ᠬᠡᠷᠡᠭᠳᠡᠢ᠃ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠡᠮᠡᠭᠳᠡᠶᠢᠴᠦᠳ ᠬᠡᠤᠬᠡᠳ ᠤᠨ ᠠᠵᠢᠯ ᠤᠨ ᠵᠦᠪᠯᠡᠯ ᠤᠨ | ᠠᠯᠪᠠᠨ ᠬᠡᠷ ᠤᠳ ᠲᠦᠷᠦᠭᠦᠯᠡᠬᠦ ᠦᠢᠯᠡᠳᠦᠯ ᠢ ᠪᠠᠳᠠᠷᠠᠭᠤᠯᠵᠦ᠂ ᠶᠡᠷᠦᠩᠬᠡᠶᠢᠯᠡᠨ ᠵᠤᠬᠢᠴᠠᠭᠤᠯᠬᠤ᠂ ᠵᠢᠭᠠᠨ | ᠵᠢᠯᠤᠭᠤᠳᠴᠤ ᠰᠢᠮᠳᠠᠭᠤᠯᠬᠤ ᠵᠡᠷᠬᠡ ᠠᠵᠢᠯ ᠢ ᠰᠠᠶᠢᠳᠤᠷ ᠬᠢᠵᠦ᠂ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ | ᠲᠦᠯᠦᠪᠯᠡᠬᠡᠳᠦ ᠦᠷᠡᠵᠢᠯ᠂ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠵᠡᠷᠬᠡ ᠬᠤᠯᠪᠤᠨᠨᠳᠠᠯ | ᠪᠦᠭᠦᠢ ᠰᠠᠯᠠᠭ᠎ᠠ ᠮᠦᠴᠢᠷ ᠪᠠ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ᠂ ᠵᠡᠮᠳᠡᠭᠴᠤᠳ ᠤᠨ ᠬᠤᠯᠪᠤᠭ᠎ᠠ ᠶᠢᠨ | ᠵᠤᠬᠢᠶᠠᠨ ᠪᠠᠶᠢᠭᠤᠯᠤᠯᠳᠠ ᠲᠠᠢ ᠬᠠᠮᠳᠤᠷᠠᠨ᠂ ᠡᠯ᠎ᠡ ᠬᠤᠯᠪᠤᠨᠨᠳᠠᠯ ᠪᠦᠭᠦᠢ ᠲᠠᠯ᠎ᠠ ᠶᠢ ᠠᠬᠢᠭᠤᠯᠵᠦ ᠪᠠᠶᠢᠭᠠᠳ | ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠳᠤᠯᠠᠭ᠎ᠠ ᠶᠢᠨ ᠠᠵᠢᠯ ᠢ ᠬᠠᠮᠳᠤᠪᠠᠷ ᠰᠠᠶᠢᠳᠤᠷ ᠬᠢᠬᠦ ᠬᠡᠷᠡᠭᠳᠡᠢ᠃ | ᠠᠷᠠᠳ ᠤᠨ ᠶᠠᠪᠤᠳᠠᠯ᠂ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ᠂ ᠭᠦᠮᠦᠨ ᠤ | ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ | ᠪᠠᠶᠢᠭᠤᠯᠤᠯᠳᠠ ᠵᠡᠷᠬᠡ ᠨᠡᠶᠢᠬᠡᠮ ᠤᠨ ᠠᠪᠤᠷᠠᠨ ᠲᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠳ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ︽ᠨᠢᠬᠡ ᠰᠠᠯᠠᠭ᠎ᠠ ᠮᠦᠴᠢᠷ ᠨᠢ | ᠭᠦᠯᠢᠶᠡᠨ ᠠᠪᠴᠤ ᠰᠶᠢᠳᠪᠦᠷᠢᠯᠡᠪᠡᠯ᠂ ᠬᠠᠮᠳᠤᠪᠠᠷ ᠬᠠᠮᠵᠢᠯᠴᠠᠨ ᠭᠦᠢᠴᠡᠳᠬᠡᠬᠦ︾ ᠠᠵᠢᠯ ᠤᠨ ᠲᠤᠨᠨᠳᠠᠴᠠ ᠶᠢ | ᠪᠦᠷᠢᠨᠰᠢᠬᠦᠯᠦᠨ᠂ ᠨᠦᠭᠦᠴᠡᠯ ᠳᠤ ᠨᠡᠶᠢᠴᠡᠭᠰᠡᠨ ᠭᠦᠴᠢᠷᠳᠡᠯ ᠳᠤ ᠲᠤᠯᠭᠠᠷᠬᠠᠰᠠᠨ ᠬᠡᠤᠬᠡᠳ ᠵᠢᠴᠢ ᠲᠡᠳᠡᠨ ᠤ ᠬᠡᠷ | ᠪᠦᠯᠢ ᠶᠢᠨ ᠬᠢᠨ ᠳᠤ ᠴᠠᠭ ᠲᠤᠬᠠᠢ ᠳᠤᠨᠢ ᠪᠦᠳᠦᠮᠵᠢᠳᠡᠢ ᠬᠠᠪᠰᠤᠷᠤᠯᠭ᠎ᠠ ᠲᠤᠰᠠᠯᠠᠮᠵᠢ ᠭᠦᠷᠳᠡᠬᠡᠬᠦ ᠶᠢ ᠦᠨᠡᠨᠬᠦ | ᠪᠠᠳᠤᠯᠠᠬᠤ ᠬᠡᠷᠡᠭᠳᠡᠢ᠃ ᠠᠷᠠᠳ ᠤᠨ ᠶᠠᠪᠤᠳᠠᠯ᠂ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠰᠠᠯᠠᠭ᠎ᠠ ᠮᠦᠴᠢᠷ ᠪᠠ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠲᠤᠮᠳᠠᠳᠤ ᠪᠠᠭ᠎ᠠ | ᠰᠤᠷᠭᠠᠭᠤᠯᠢ᠂ ᠬᠡᠤᠬᠡᠳ ᠤᠨ ᠴᠡᠴᠡᠷᠯᠢᠭ᠂ ᠬᠡᠤᠬᠡᠳ ᠰᠠᠭᠠᠳᠠᠭᠤᠯᠬᠤ ᠭᠠᠵᠠᠷ᠂ ᠡᠮᠴᠢᠯᠡᠬᠡᠨ ᠤ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠨᠡᠶᠢᠬᠡᠮ ᠤᠨ ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ ᠲᠤᠰᠠᠯᠠᠵᠦ ᠬᠠᠮᠠᠭᠠᠯᠠᠬᠤ | ᠪᠠᠶᠢᠭᠤᠯᠤᠮᠵᠢ ᠶᠢ ᠰᠢᠮᠳᠡᠭᠤᠯᠬᠤ ᠪᠠ ᠵᠢᠭᠠᠨ ᠵᠢᠯᠤᠭᠤᠳᠴᠤ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ | ᠠᠮᠤᠷ ᠲᠦᠪᠰᠢᠨ ᠢ ᠬᠠᠮᠠᠭᠠᠯᠠᠬᠤ ᠲᠤᠨᠨᠳᠠᠴᠠ ᠶᠢᠨ ᠤᠯᠭᠤᠨᠨᠰᠠᠨ ᠠᠯᠪᠠᠳᠠᠯᠭ᠎ᠠ ᠪᠠᠷ ᠮᠡᠳᠡᠬᠦᠯᠬᠦ᠂ ᠪᠠᠴᠢᠮ ᠪᠠᠶᠢᠳᠠᠯ ᠢ | ᠠᠷᠭᠠᠴᠠᠵᠦ ᠰᠶᠢᠳᠪᠦᠷᠢᠯᠡᠬᠦ᠂ ᠦᠨᠡᠯᠡᠨ ᠵᠢᠱᠢᠵᠦ ᠬᠠᠪᠰᠤᠷᠤᠨ ᠲᠡᠳᠬᠦᠬᠦ᠂ ᠬᠠᠷᠠᠭᠠᠯᠵᠠᠨ ᠬᠠᠮᠠᠭᠠᠯᠠᠵᠦ ᠬᠠᠮᠢᠶᠠᠷᠬᠤ | ᠵᠡᠷᠬᠡ ᠡᠭᠦᠷᠬᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠯᠭᠡᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ | ᠠᠮᠤᠷ ᠲᠦᠪᠰᠢᠨ ᠢ ᠪᠠᠳᠤᠯᠠᠬᠤ ᠬᠡᠷᠡᠭᠳᠡᠢ᠃ | ︵ᠭᠤᠷᠪᠠ︶ ᠤᠯᠠᠨ ᠲᠦᠮᠡᠨ ᠤ ᠪᠦᠯᠭᠦᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠳᠡᠢ᠃ | ᠡᠯ᠎ᠡ ᠱᠠᠳᠤᠨ ᠤ ᠤᠯᠠᠨ ᠲᠦᠮᠡᠨ ᠤ ᠪᠦᠯᠭᠦᠮ ᠤᠨ ᠵᠤᠬᠢᠶᠠᠨ ᠪᠠᠶᠢᠭᠤᠯᠤᠯᠳᠠ ᠨᠢ ᠲᠤᠰ ᠪᠡᠶ᠎ᠡ ᠶᠢᠨ | ᠲᠠᠪᠠᠭᠤᠯᠢᠭ ᠢᠶᠠᠨ ᠪᠠᠳᠠᠷᠠᠭᠤᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠤᠨᠴᠠᠯᠢᠭ ᠪᠠ ᠬᠡᠷᠡᠭᠴᠡᠭᠡ | ᠱᠠᠭᠠᠷᠳᠠᠯᠭ᠎ᠠ ᠳᠤ ᠲᠤᠬᠢᠷᠬᠠᠰᠠᠨ ᠬᠠᠶᠢᠷᠠᠯᠠᠵᠦ ᠬᠠᠯᠠᠮᠵᠢᠯᠠᠬᠤ᠂ ᠬᠠᠪᠰᠤᠷᠤᠨ ᠲᠡᠳᠬᠦᠬᠦ᠂ ᠡᠷᠬᠡ ᠪᠠᠨ ᠬᠠᠮᠠᠭᠠᠯᠠᠬᠤ | ᠵᠡᠷᠬᠡ ᠦᠢᠯᠡᠴᠢᠯᠡᠭᠡ ᠶᠢ ᠦᠷᠬᠡᠨ ᠢᠶᠠᠷ ᠦᠷᠨᠢᠬᠦᠯᠵᠦ᠂ ᠵᠢᠱᠢᠶ᠎ᠡ ᠦᠵᠡᠬᠦᠯᠵᠦ ᠲᠠᠶᠢᠴᠢᠯᠠᠬᠤ ᠦᠢᠯᠡᠳᠦᠯ ᠢ | ᠪᠠᠳᠠᠷᠠᠭᠤᠯᠬᠤ ᠬᠡᠷᠡᠭᠳᠡᠢ᠃ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠦᠳ ᠤᠨ | ᠬᠤᠯᠪᠤᠭᠠᠳᠤ ᠬᠤᠷᠠᠯ ᠨᠤᠭᠤᠳ ᠦᠷᠬᠡᠨ ᠤᠯᠠᠨ ᠠᠵᠢᠯᠳᠠᠨ ᠠᠵᠢᠯᠴᠢᠨ᠂ ᠡᠪᠯᠡᠯ ᠤᠨ ᠬᠡᠰᠢᠭᠦᠨ ᠵᠠᠯᠠᠭᠤᠴᠤᠳ᠂ | ᠡᠮᠡᠭᠳᠡᠶᠢᠴᠦᠳ ᠵᠡᠷᠬᠡ ᠶᠢ ᠦᠷᠬᠡᠨ ᠢᠶᠠᠷ ᠲᠠᠶᠢᠴᠢᠯᠠᠵᠦ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠢ | ᠬᠠᠷᠠᠭᠠᠯᠵᠠᠵᠦ ᠬᠠᠯᠠᠮᠵᠢᠯᠠᠬᠤ ᠤᠯᠠᠨ ᠬᠡᠯᠪᠡᠷᠢ ᠶᠢᠨ ᠦᠢᠯᠡᠴᠢᠯᠡᠭᠡ ᠦᠷᠨᠢᠬᠦᠯᠵᠦ᠂ ᠠᠵᠢᠯᠳᠠᠨ ᠠᠵᠢᠯᠴᠢᠨ ᠤ ᠬᠠᠨᠢ | ᠪᠦᠯᠢ᠂ ᠡᠮᠡᠭᠳᠡᠶᠢᠴᠦᠳ ᠤᠨ ᠬᠠᠨᠢ ᠪᠦᠯᠢ᠂ ᠬᠡᠤᠬᠡᠳ ᠤᠨ ᠬᠠᠨᠢ ᠪᠦᠯᠢ᠂ ᠬᠡᠷ ᠤᠨ ᠠᠬᠠᠮᠠᠳ ᠤᠨ ᠰᠤᠷᠭᠠᠭᠤᠯᠢ᠂ | ᠬᠡᠷ ᠪᠦᠯᠢ ᠶᠢᠨ ᠰᠤᠷᠭᠠᠨ ᠭᠦᠮᠦᠵᠢᠯ ᠤᠨ ᠵᠢᠭᠠᠨ ᠵᠢᠯᠤᠭᠤᠳᠬᠤ ᠲᠦᠪ᠂ ᠵᠠᠯᠠᠭᠤ ᠪᠠᠭᠠᠴᠤᠳ ᠤᠨ ᠶᠡᠷᠦᠩᠬᠡᠶᠢᠯᠡᠭᠰᠡᠨ | ᠦᠢᠯᠡᠴᠢᠯᠡᠬᠡᠨ ᠤ ᠲᠡᠪᠴᠡᠩ ᠵᠡᠷᠬᠡ ᠳᠤ ᠲᠦᠰᠢᠭᠯᠡᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠵᠢᠴᠢ ᠲᠡᠳᠡᠨ ᠤ | ᠬᠡᠷ ᠪᠦᠯᠢ ᠶᠢ ᠰᠤᠷᠭᠠᠨ ᠭᠦᠮᠦᠵᠢᠬᠦᠯᠵᠦ ᠵᠢᠭᠠᠨ ᠵᠢᠯᠤᠭᠤᠳᠬᠤ ᠪᠠ ᠪᠤᠯᠪᠠᠰᠤᠷᠠᠭᠤᠯᠵᠦ ᠬᠠᠪᠰᠤᠷᠤᠨ ᠲᠡᠳᠬᠦᠬᠦ ᠶᠢ | ᠴᠢᠩᠭᠠᠳᠬᠠᠬᠤ ᠬᠡᠷᠡᠭᠳᠡᠢ᠃ ᠵᠡᠮᠳᠡᠭᠴᠦᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠨᠤᠭᠤᠳ ᠵᠡᠮᠳᠡᠭ | ᠭᠦᠮᠦᠨ ᠳᠤ ᠦᠢᠯᠡᠴᠢᠯᠡᠬᠦ ᠪᠡᠯᠡᠳᠬᠡᠮᠵᠢ ᠳᠡᠭᠡᠨ ᠲᠦᠰᠢᠭᠯᠡᠨ ᠵᠡᠮᠳᠡᠭ ᠬᠡᠤᠬᠡᠳ ᠤᠨ ᠡᠷᠡᠭᠦᠯᠵᠢᠯ ᠤᠨ ᠰᠤᠷᠭᠠᠭᠤᠯᠢᠯᠠᠯ᠂ | ᠤᠨᠴᠤᠭᠤᠢ ᠰᠤᠷᠭᠠᠨ ᠭᠦᠮᠦᠵᠢᠯ ᠵᠡᠷᠬᠡ ᠠᠵᠢᠯ ᠢ ᠴᠢᠩᠭᠠᠳᠬᠠᠵᠦ᠂ ᠵᠡᠮᠳᠡᠭ ᠬᠡᠤᠬᠡᠳ ᠤᠨ ᠡᠷᠡᠭᠦᠯᠵᠢᠬᠦᠯᠵᠦ ᠠᠪᠤᠷᠠᠨ | ᠲᠤᠰᠠᠯᠠᠬᠤ ᠲᠦᠷᠢᠮ ᠢ ᠲᠦᠷᠬᠡᠳᠬᠡᠨ ᠪᠠᠶᠢᠭᠤᠯᠵᠦ᠂ ᠵᠡᠮᠳᠡᠭ ᠬᠡᠤᠬᠡᠳ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠪᠦᠳᠦᠬᠡᠨ ᠪᠠᠶᠢᠭᠤᠯᠤᠯᠳᠠ ᠪᠠ ᠡᠷᠡᠭᠦᠯᠵᠢᠬᠦ ᠦᠢᠯᠡᠴᠢᠯᠡᠬᠡᠨ ᠤ ᠲᠤᠰᠬᠠᠢ ᠮᠡᠷᠬᠡᠵᠢᠯ ᠤᠨ ᠠᠵᠢᠯᠳᠠᠨ ᠢ | ᠪᠤᠯᠪᠠᠰᠤᠷᠠᠭᠤᠯᠵᠦ ᠭᠦᠮᠦᠵᠢᠬᠦᠯᠬᠦ ᠶᠢ ᠴᠢᠩᠭᠠᠳᠬᠠᠵᠦ᠂ ᠵᠡᠮᠳᠡᠭ ᠬᠡᠤᠬᠡᠳ ᠢ ᠡᠷᠡᠭᠦᠯᠵᠢᠬᠦᠯᠵᠦ ᠠᠪᠤᠷᠠᠨ ᠲᠤᠰᠠᠯᠠᠬᠤ | ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠡᠷᠡᠭᠦᠯᠵᠢᠬᠦ ᠶᠢ ᠪᠠᠳᠤᠯᠠᠬᠤ ᠬᠢᠷᠢ ᠬᠡᠮᠵᠢᠶ᠎ᠡ ᠪᠠ | ᠦᠢᠯᠡᠴᠢᠯᠡᠬᠦ ᠴᠢᠳᠠᠪᠤᠷᠢ ᠶᠢ ᠲᠡᠬᠡᠭᠰᠢᠯᠡᠬᠦᠯᠬᠦ ᠬᠡᠷᠡᠭᠳᠡᠢ᠃ ᠬᠤᠶᠢᠴᠢ ᠦᠶ᠎ᠡ ᠬᠢᠨ ᠢ ᠬᠠᠯᠠᠮᠵᠢᠯᠠᠬᠤ ᠠᠵᠢᠯ ᠤᠨ | ᠺᠤᠮᠢᠰ ᠨᠢ ᠦᠷᠬᠡᠨ ᠤᠯᠠᠨ ᠠᠬᠠᠮᠠᠳ ᠺᠠᠳ᠋ᠷ᠂ ᠠᠬᠠᠮᠠᠳ ᠪᠠᠶᠢᠯᠳᠤᠨᠨᠴᠢ᠂ ᠠᠮᠠᠬᠠᠳ ᠮᠡᠷᠬᠡᠵᠢᠯᠳᠡᠨ᠂ ᠠᠬᠠᠮᠠᠳ | ᠪᠠᠭᠰᠢ᠂ ᠠᠬᠠᠮᠠᠳ ᠵᠢᠱᠢᠶᠡᠴᠢ ᠵᠡᠷᠬᠡ ᠠᠵᠢᠯ ᠠᠴᠠ ᠪᠠᠨ ᠪᠠᠭᠤᠵᠦ ᠠᠮᠠᠷᠬᠠᠰᠠᠨ ᠠᠬᠠᠮᠠᠳ ᠨᠦᠭᠦᠳ ᠢ ᠵᠤᠬᠢᠶᠠᠨ | ᠪᠠᠶᠢᠭᠤᠯᠤᠨ ᠲᠠᠶᠢᠴᠢᠯᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠬᠠᠷᠠᠭᠠᠯᠵᠠᠵᠦ ᠬᠠᠯᠠᠮᠵᠢᠯᠠᠬᠤ | ᠦᠢᠯᠡᠴᠢᠯᠡᠬᠡᠨ ᠤ ᠠᠵᠢᠯ ᠢ ᠬᠠᠮᠵᠢᠯᠴᠠᠨ ᠰᠠᠶᠢᠳᠤᠷ ᠬᠢᠬᠦ ᠬᠡᠷᠡᠭᠳᠡᠢ᠃ | ︵ᠲᠦᠷᠪᠡ︶ ᠨᠡᠶᠢᠬᠡᠮ ᠤᠨ ᠭᠦᠴᠦᠨ ᠤ ᠤᠷᠤᠯᠴᠠᠬᠤ ᠶᠢ ᠵᠤᠷᠢᠨᠨᠵᠢᠭᠤᠯᠤᠨ ᠲᠡᠮᠵᠢᠬᠦ ᠬᠡᠷᠡᠭᠳᠡᠢ᠃ | ᠵᠠᠰᠠᠭ ᠤᠨ ᠤᠷᠳᠤᠨ ᠠᠴᠠ ᠭᠤᠤᠯᠯᠠᠨ ᠵᠢᠯᠤᠭᠤᠳᠬᠤ ᠬᠢᠬᠡᠳ ᠨᠡᠶᠢᠬᠡᠮ ᠨᠡᠶᠢᠳᠡ ᠶᠢᠨ ᠬᠢᠨ ᠤ ᠤᠷᠤᠯᠴᠬᠠᠰᠠᠨ | ᠰᠠᠶᠢᠨ ᠰᠠᠶᠢᠬᠠᠨ ᠢᠶᠠᠷ ᠬᠠᠷᠢᠯᠴᠠᠨ ᠭᠦᠳᠡᠯᠦᠯᠴᠡᠬᠦ ᠲᠤᠨᠨᠳᠠᠴᠠ ᠶᠢ ᠪᠠᠶᠢᠭᠤᠯᠬᠤ ᠬᠡᠷᠡᠭᠳᠡᠢ᠃ ᠨᠡᠶᠢᠬᠡᠮ ᠤᠨ ᠠᠵᠢᠯ ᠤᠨ | ᠦᠢᠯᠡᠴᠢᠯᠡᠬᠡᠨ ᠤ ᠪᠠᠶᠢᠭᠤᠯᠤᠮᠵᠢ᠂ ᠨᠢᠭᠦᠯᠡᠰᠦᠩᠬᠦᠢ ᠶᠢᠨ ᠵᠤᠬᠢᠶᠠᠨ ᠪᠠᠶᠢᠭᠤᠯᠤᠯᠳᠠ᠂ ᠰᠠᠶᠢᠨ ᠲᠤᠷ᠎ᠠ ᠶᠢᠨ | ᠦᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠶᠢ ᠨᠡᠪᠴᠢᠬᠦᠯᠦᠨ ᠭᠦᠮᠦᠵᠢᠬᠦᠯᠬᠦ ᠶᠢ ᠲᠦᠷᠬᠡᠳᠬᠡᠵᠦ᠂ ᠲᠡᠳᠡᠨ ᠢ | ᠭᠦᠳᠦᠯᠦᠨ ᠵᠢᠯᠤᠭᠤᠳᠴᠤ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠦᠨᠳᠦᠰᠦᠨ ᠠᠮᠢᠳᠤᠷᠠᠯ᠂ | ᠰᠤᠷᠭᠠᠨ ᠭᠦᠮᠦᠵᠢᠯ᠂ ᠡᠮᠴᠢᠯᠡᠭᠡ᠂ ᠬᠠᠷᠠᠭᠠᠯᠵᠠᠯ᠂ ᠡᠷᠡᠭᠦᠯᠵᠢᠯ ᠵᠡᠷᠬᠡ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ | ᠪᠡᠯᠡ ᠮᠦᠩᠭᠦ ᠡᠳ᠋ ᠪᠠᠷᠠᠭ᠎ᠠ ᠬᠠᠨᠳᠢᠪᠯᠡᠨ ᠭᠦᠷᠬᠡᠵᠦ᠂ ᠨᠢᠬᠦᠯᠡᠰᠦᠩᠬᠦᠢ ᠶᠢᠨ ᠲᠦᠷᠦᠯ ᠵᠦᠢᠯ ᠢ ᠬᠡᠷᠡᠭᠵᠢᠬᠦᠯᠵᠦ᠂ | ᠲᠤᠰᠬᠠᠢ ᠦᠢᠯᠡᠴᠢᠯᠡᠭᠡ ᠬᠠᠩᠭᠠᠬᠤ ᠬᠡᠷᠡᠭᠳᠡᠢ᠃ ᠤᠯᠤᠰ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ | ᠬᠤᠯᠪᠤᠨᠨᠳᠠᠯ ᠪᠦᠭᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠪᠠ ᠨᠡᠶᠢᠬᠡᠮ ᠤᠨ | ᠭᠦᠷᠦᠩᠬᠡ ᠶᠢᠨ ᠬᠠᠮᠳᠤᠷᠠᠯᠴᠠᠭ᠎ᠠ ︵PPP︶ ᠵᠡᠷᠬᠡ ᠠᠷᠭ᠎ᠠ ᠮᠠᠶ᠋ᠢᠭ ᠢᠶᠠᠷ ᠲᠠᠮᠵᠢᠵᠦ᠂ ᠨᠡᠶᠢᠬᠡᠮ ᠤᠨ ᠭᠦᠴᠦᠨ ᠤ | ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠨᠠᠶᠢᠳᠠᠨ ᠲᠡᠵᠢᠬᠡᠯᠬᠡᠬᠦ ᠬᠠᠷᠠᠭᠠᠯᠵᠠᠯ᠂ ᠡᠷᠡᠭᠦᠯᠵᠢᠬᠦ ᠰᠤᠷᠭᠠᠭᠤᠯᠢᠯᠠᠯ | ᠵᠡᠷᠬᠡ ᠦᠢᠯᠡᠴᠢᠯᠡᠬᠡᠨ ᠤ ᠪᠠᠶᠢᠭᠤᠯᠤᠮᠵᠢ ᠡᠷᠬᠢᠯᠡᠬᠦ ᠶᠢ ᠲᠡᠮᠵᠢᠬᠦ ᠶᠢᠨ ᠬᠠᠮᠳᠤ᠂ ᠲᠡᠳᠡᠨ ᠢ ᠵᠤᠷᠢᠬᠵᠢᠭᠤᠯᠤᠨ | ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠶᠢ ᠵᠠᠯᠭᠠᠨ ᠵᠤᠯᠭᠠᠭᠤᠯᠬᠤ ᠳᠤ ᠤᠷᠤᠯᠴᠠᠭᠤᠯᠬᠤ | ᠬᠡᠷᠡᠭᠳᠡᠢ᠃ ᠨᠡᠶᠢᠬᠡᠮ ᠤᠨ ᠠᠵᠢᠯᠳᠠᠨ᠂ ᠬᠠᠤᠯᠢ ᠴᠠᠭᠠᠵᠠ ᠶᠢᠨ ᠠᠵᠢᠯᠳᠠᠨ ᠵᠡᠷᠬᠡ ᠲᠤᠰᠬᠠᠢ ᠮᠡᠷᠬᠡᠵᠢᠯ ᠤᠨ ᠠᠵᠢᠯᠳᠠᠨ | ᠪᠠ ᠰᠠᠶᠢᠨ ᠲᠤᠷᠠᠴᠤᠳ ᠠᠴᠠ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠳᠠᠯᠢ ᠪᠤᠰᠤ ᠤᠨᠴᠠᠯᠢᠭ ᠲᠤ | ᠴᠢᠭᠯᠡᠬᠦᠯᠵᠦ ᠰᠡᠳᠬᠢᠴᠡ ᠶᠢ ᠨᠢ ᠵᠢᠯᠤᠭᠤᠳᠬᠤ᠂ ᠤᠶᠤᠨ ᠤᠬᠠᠭᠠᠨ ᠤ ᠬᠠᠶᠢᠷ᠎ᠠ ᠬᠠᠯᠠᠮᠵᠢᠯᠠᠯ᠂ ᠬᠡᠷ ᠪᠦᠯᠢ ᠶᠢᠨ | ᠭᠦᠮᠦᠵᠢᠯ ᠤᠨ ᠵᠢᠭᠠᠨ ᠵᠢᠯᠤᠭᠤᠳᠤᠯᠭ᠎ᠠ᠂ ᠡᠷᠬᠡ ᠠᠰᠢᠭ ᠢ ᠨᠢ ᠬᠠᠮᠠᠭᠠᠯᠠᠬᠤ ᠵᠡᠷᠬᠡ ᠦᠢᠯᠡᠴᠢᠯᠡᠭᠡ ᠬᠠᠩᠭᠠᠬᠤ ᠶᠢ | ᠲᠡᠮᠵᠢᠬᠦ ᠬᠡᠷᠡᠭᠳᠡᠢ᠃ ᠦᠷᠦᠪᠴᠢ ᠰᠡᠳᠬᠢᠯ ᠲᠠᠢ ᠬᠡᠷ ᠪᠦᠯᠢ ᠶᠢ ᠵᠤᠷᠢᠬᠵᠢᠭᠤᠯᠵᠦ ᠬᠠᠮᠢᠶ᠎ᠠ ᠪᠦᠭᠦᠢ ᠲᠤᠨᠨᠳᠠᠭᠠᠯ | ᠶᠤᠰᠤᠭᠠᠷ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠱᠠᠭᠠᠷᠲᠠᠵᠦ ᠬᠦᠰᠡᠨ ᠪᠦᠬᠦᠢ ᠬᠡᠷ ᠪᠦᠯᠢ ᠳᠤ | ᠲᠡᠵᠢᠬᠡᠯᠬᠡᠬᠦ᠂ ᠨᠠᠶᠢᠳᠠᠵᠦ ᠤᠷᠤᠯᠠᠨ ᠲᠡᠵᠢᠬᠡᠯᠬᠡᠬᠦ᠂ ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠵᠦ ᠬᠠᠮᠵᠢᠨ | ᠲᠡᠵᠢᠬᠡᠬᠦ ᠵᠡᠷᠬᠡ ᠦᠢᠯᠡᠴᠢᠯᠡᠭᠡ ᠶᠢ ᠬᠠᠩᠭᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠲᠤᠰᠠᠯᠠᠵᠦ ᠪᠠᠶᠢᠭᠠᠳ | ᠲᠡᠳᠡᠨ ᠳᠤ ᠲᠤᠬᠢᠳᠠᠢ ᠬᠠᠷᠠᠭᠠᠯᠵᠠᠯ ᠪᠠ ᠬᠡᠷ ᠪᠦᠯᠢ ᠶᠢᠨ ᠡᠯᠢᠬᠡᠰᠡᠭ ᠬᠠᠶᠢᠷ᠎ᠠ ᠭᠦᠷᠳᠡᠬᠡᠬᠦ ᠬᠡᠷᠡᠭᠳᠡᠢ᠃ ᠠᠵᠦ | ᠠᠬᠤᠶᠢᠯᠠᠯ ᠤᠨ ᠨᠡᠶᠢᠬᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠳᠡᠪᠬᠢᠳᠡᠢ ᠪᠠᠷ ᠤᠷᠢᠶᠠᠯᠠᠵᠦ᠂ ᠨᠢᠬᠡ | ᠨᠢᠬᠡ ᠪᠠᠷ ᠳᠠᠭᠠᠭᠠᠨ ᠠᠪᠴᠦ ᠬᠠᠮᠵᠢᠨ ᠲᠤᠰᠠᠯᠠᠬᠤ᠂ ᠨᠢᠭᠦᠯᠡᠰᠦᠩᠬᠦᠢ ᠶᠢᠨ ᠬᠠᠨᠳᠢᠪᠯᠠᠬᠤ᠂ ᠤᠯᠠᠨ ᠨᠡᠶᠢᠳᠡ ᠶᠢᠨ | ᠠᠰᠠᠷᠠᠮᠵᠢ ᠶᠢᠨ ᠲᠦᠷᠦᠯ ᠵᠦᠢᠯ ᠢ ᠬᠡᠷᠡᠭᠵᠢᠭᠦᠯᠬᠦ ᠵᠡᠷᠬᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠮᠵᠢᠵᠦ᠂ | ᠭᠦᠴᠢᠷᠳᠡᠯ ᠳᠤ ᠲᠤᠯᠭᠠᠷᠬᠠᠰᠠᠨ ᠬᠡᠤᠬᠡᠳ ᠵᠢᠴᠢ ᠲᠡᠳᠡᠨ ᠤ ᠬᠡᠷ ᠪᠦᠯᠢ ᠳᠤ ᠨᠡᠩ ᠢᠯᠡᠬᠦᠦ ᠬᠠᠪᠰᠤᠷᠤᠯᠭ᠎ᠠ ᠬᠠᠩᠭᠠᠬᠤ | ᠬᠡᠷᠡᠭᠳᠡᠢ᠃ | ᠲᠠᠪᠤ᠂ ᠠᠵᠢᠯ ᠤᠨ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠳᠡᠢ | ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠳᠡᠢ᠃ | ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠢ | ᠠᠩᠭᠢᠯᠠᠵᠦ ᠪᠠᠳᠤᠯᠠᠬᠤ ᠲᠦᠷᠢᠮ ᠢ ᠲᠡᠭᠦᠯᠳᠡᠷᠵᠢᠬᠦᠯᠬᠦ ᠪᠠᠨ ᠠᠷᠠᠳ ᠤᠨ ᠠᠮᠢᠳᠤᠷᠠᠯ ᠤᠨ ᠵᠤᠯ ᠵᠢᠷᠭᠠᠯ ᠪᠠ | ᠨᠡᠶᠢᠬᠡᠮ ᠤᠨ ᠬᠠᠮᠢᠶᠠᠷᠤᠯᠳᠠ ᠳᠤ ᠰᠢᠨ᠎ᠠ ᠡᠭᠦᠳᠦᠯᠲᠡ ᠲᠠᠢ ᠪᠤᠯᠭᠠᠬᠤ ᠶᠢ ᠠᠬᠢᠭᠤᠯᠬᠤ ᠶᠢᠨ ᠴᠢᠬᠤᠯᠠ ᠶᠡᠭᠡ ᠠᠭᠤᠯᠭ᠎ᠠ | ᠪᠤᠯᠭᠠᠵᠦ ᠱᠠᠯᠠᠪᠳᠠᠨ ᠪᠤᠳᠠᠳᠠᠶᠢᠵᠢᠭᠤᠯᠬᠤ ᠬᠡᠷᠡᠭᠳᠡᠢ᠃ ᠭᠦᠭᠵᠢᠬᠦᠯᠦᠯᠳᠡ ᠦᠬᠡᠷᠡᠴᠢᠯᠡᠯᠳᠡ᠂ ᠰᠤᠷᠭᠠᠨ ᠭᠦᠮᠦᠵᠢᠯ᠂ | ᠠᠷᠠᠳ ᠤᠨ ᠶᠠᠪᠤᠳᠠᠯ ᠵᠡᠷᠬᠡ ᠰᠠᠯᠠᠭ᠎ᠠ ᠮᠦᠴᠢᠷ ᠤᠳ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ | ᠲᠤᠰᠠᠯᠠᠬᠤ ᠬᠠᠮᠢᠶᠠᠷᠤᠯᠳᠠ ᠶᠢᠨ ᠪᠠᠶᠢᠭᠤᠯᠤᠮᠵᠢ ᠪᠠ ᠡᠷᠡᠭᠦᠯᠵᠢᠯ ᠤᠨᠴᠤᠭᠤᠢ ᠰᠤᠷᠭᠠᠨ ᠭᠦᠮᠦᠵᠢᠯ ᠤᠨ | ᠦᠢᠯᠡᠴᠢᠯᠡᠬᠡᠨ ᠤ ᠪᠠᠶᠢᠭᠤᠯᠤᠮᠵᠢ ᠶᠢᠨ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ | ᠲᠦᠯᠦᠪᠵᠢᠬᠦᠯᠦᠨ ᠲᠤᠬᠢᠷᠠᠭᠤᠯᠵᠦ᠂ ᠰᠤᠷᠭᠠᠨ ᠭᠦᠮᠦᠵᠢᠬᠦᠯᠬᠦ ᠪᠠ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠬᠦᠯᠦᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠠᠮᠢᠳᠤᠷᠠᠯ ᠢ ᠨᠢ ᠪᠠᠳᠤᠯᠠᠬᠤ ᠠᠵᠢᠯ ᠢ | ᠬᠢᠨᠠᠮᠠᠭᠠᠢ ᠰᠠᠶᠢᠳᠤᠷ ᠬᠢᠬᠦ ᠬᠡᠷᠡᠭᠳᠡᠢ᠃ ᠡᠳ᠋ ᠤᠨ ᠶᠠᠪᠤᠳᠠᠯ ᠤᠨ ᠰᠠᠯᠠᠭ᠎ᠠ ᠮᠦᠴᠢᠷ ᠤᠳ ᠵᠠᠷᠤᠯᠭ᠎ᠠ ᠶᠢᠨ ᠪᠦᠳᠦᠴᠡ ᠶᠢ | ᠰᠢᠯᠢᠳᠡᠭᠵᠢᠬᠦᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠳᠤᠯᠠᠭ᠎ᠠ ᠶᠢᠨ ᠪᠡᠯᠡ ᠮᠦᠩᠭᠦ ᠶᠢ ᠨᠢᠬᠡᠳᠦᠯᠳᠡᠢ | ᠲᠦᠯᠦᠪᠵᠢᠬᠦᠯᠦᠨ ᠲᠤᠬᠢᠷᠠᠭᠤᠯᠬᠤ ᠬᠡᠷᠡᠭᠳᠡᠢ᠃ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ | ᠪᠠᠳᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ᠂ ᠵᠡᠮᠳᠡᠭᠴᠦᠳ ᠤᠨ ᠬᠤᠯᠪᠤᠭ᠎ᠠ ᠵᠡᠷᠬᠡ | ᠰᠠᠯᠠᠭ᠎ᠠ ᠮᠦᠴᠢᠷ ᠤᠳ ᠵᠤᠬᠢᠴᠠᠭᠤᠯᠤᠨ ᠬᠠᠮᠵᠢᠯᠴᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠡᠮᠴᠢᠯᠡᠭᠡ | ᠡᠷᠡᠭᠦᠯᠵᠢᠯ ᠤᠨ ᠪᠠᠳᠤᠯᠠᠭ᠎ᠠ ᠶᠢᠨ ᠠᠵᠢᠯ ᠢ ᠦᠨᠡᠨᠬᠦ ᠰᠠᠶᠢᠳᠤᠷ ᠬᠢᠬᠦ ᠬᠡᠷᠡᠭᠳᠡᠢ᠃ ᠡᠪ ᠬᠠᠮᠳᠤ ᠵᠠᠯᠠᠭᠤᠴᠤᠳ ᠤᠨ | ᠡᠪᠯᠡᠯ᠂ ᠡᠮᠡᠭᠳᠡᠶᠢᠴᠦᠳ ᠤᠨ ᠬᠤᠯᠪᠤᠭᠠᠳᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠵᠡᠷᠬᠡ ᠠᠷᠠᠳ ᠤᠨ | ᠪᠦᠯᠭᠦᠮ ᠤᠳ ᠤᠯᠠᠨ ᠲᠦᠮᠡᠨ ᠤ ᠪᠦᠯᠭᠦᠮ ᠤᠨ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠢ ᠪᠠᠳᠠᠷᠠᠭᠤᠯᠵᠦ᠂ | ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠳᠤᠯᠠᠬᠤ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠳᠠ ᠳᠤ | ᠢᠳᠡᠪᠬᠢᠳᠡᠢ ᠤᠷᠤᠯᠴᠠᠬᠤ ᠬᠡᠷᠡᠭᠳᠡᠢ᠃ ᠡᠯ᠎ᠡ ᠲᠦᠷᠦᠯ ᠤᠨ ᠨᠢᠭᠦᠯᠡᠰᠦᠩᠬᠦᠢ ᠶᠢᠨ ᠵᠤᠬᠢᠶᠠᠨ ᠪᠠᠶᠢᠭᠤᠯᠤᠯᠳᠠ ᠨᠤᠭᠤᠳ | ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠠᠵᠦ ᠠᠬᠤᠢ ᠪᠠ ᠤᠶᠤᠨ ᠤ ᠲᠤᠰᠠᠯᠠᠮᠵᠢ ᠭᠦᠷᠳᠡᠬᠡᠬᠦ ᠶᠢ | ᠴᠢᠩᠭᠠᠳᠬᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠤᠶᠢᠵᠢᠯᠳᠠ ᠳᠤ ᠨᠡᠩ ᠢᠯᠡᠬᠦᠦ ᠦᠢᠯᠡᠴᠢᠯᠡᠭᠡ ᠪᠠ | ᠬᠠᠪᠰᠤᠷᠤᠯᠭ᠎ᠠ ᠬᠠᠩᠭᠠᠬᠤ ᠬᠡᠷᠡᠭᠳᠡᠢ᠃ | ︵ᠬᠤᠶᠠᠷ︶ ᠬᠢᠨᠠᠯᠳᠠ ᠬᠠᠮᠢᠶᠠᠷᠤᠯᠳᠠ ᠶᠢᠨ ᠦᠢᠯᠡᠴᠢᠯᠡᠭᠡ ᠶᠢ ᠴᠢᠩᠭᠠᠷᠠᠭᠤᠯᠬᠤ ᠬᠡᠷᠡᠭᠳᠡᠢ᠃ ᠬᠤᠰᠢᠭᠤ | ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠨᠤᠭᠤᠳ ᠭᠠᠴᠠᠭ᠎ᠠ ᠲᠤᠰᠬᠤᠨ ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠢ ᠵᠤᠬᠢᠶᠠᠨ | ᠪᠠᠶᠢᠭᠤᠯᠵᠦ ᠪᠠᠶᠢᠭᠠᠳ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠪᠠᠶᠢᠳᠠᠯ ᠢ ᠪᠠᠶᠢᠴᠠᠭᠠᠨ ᠤᠶᠢᠯᠠᠭᠠᠵᠦ᠂ | ᠲᠡᠩᠰᠠ ᠡᠪᠬᠡᠮᠡᠯ ᠪᠠᠶᠢᠭᠤᠯᠵᠦ᠂ ᠪᠠᠳᠤᠯᠠᠬᠤ ᠴᠢᠬᠤᠯᠠᠳᠠᠢ ᠶᠢ ᠨᠢ ᠪᠠᠳᠤᠯᠠᠵᠦ᠂ ᠭᠦᠳᠡᠯᠦᠩᠭᠦᠢ ᠪᠠᠷ ᠬᠠᠮᠢᠶᠠᠷᠬᠤ ᠶᠢ | ᠪᠡᠶᠡᠯᠡᠬᠦᠯᠬᠦ ᠬᠡᠷᠡᠭᠳᠡᠢ᠃ ᠭᠠᠴᠠᠭ᠎ᠠ ᠲᠤᠰᠬᠤᠨ ︵ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠨᠢ | ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠪᠤᠷᠠᠨ ᠲᠤᠰᠠᠯᠠᠵᠦ ᠬᠠᠮᠠᠭᠠᠯᠠᠵᠦ ᠰᠢᠮᠳᠠᠭᠤᠯᠤᠨ ᠵᠢᠯᠤᠭᠤᠳᠬᠤ | ᠲᠦᠷᠢᠮ ᠢ ᠪᠠᠶᠢᠭᠤᠯᠵᠦ᠂ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠨᠨᠰᠠᠨ ᠬᠡᠤᠬᠡᠳ ᠢ ᠠᠪᠤᠷᠠᠨ | ᠲᠤᠰᠠᠯᠠᠵᠦ ᠬᠠᠮᠠᠭᠠᠯᠠᠵᠦ ᠰᠢᠮᠳᠠᠭᠤᠯᠤᠨ ᠵᠢᠯᠤᠭᠤᠳᠬᠤ ᠠᠵᠢᠯᠳᠠᠨ ᠤᠷᠢᠬᠤ ᠬᠡᠷᠡᠭᠳᠡᠢ᠃ ᠵᠤᠷᠢᠭᠤᠳᠠ ᠪᠤᠶᠤ ᠮᠠᠭᠤ | ᠰᠠᠨᠠᠭ᠎ᠠ ᠡᠪᠦᠷᠯᠡᠵᠦ ᠠᠰᠠᠷᠠᠨ ᠲᠡᠵᠢᠬᠡᠬᠦ ᠡᠭᠦᠷᠬᠡ ᠪᠠᠨ ᠦᠯᠦ ᠭᠦᠢᠴᠡᠳᠬᠡᠭᠰᠡᠨ ᠵᠡᠷᠬᠡ ᠬᠡᠤᠬᠡᠳ ᠤᠨ ᠡᠷᠬᠡ | ᠠᠰᠢᠭ ᠲᠤ ᠬᠠᠯᠳ᠋ᠬᠠᠰᠠᠨ ᠡᠯ᠎ᠡ ᠲᠦᠷᠦᠯ ᠤᠨ ᠠᠵᠢᠯᠯᠠᠭ᠎ᠠ ᠳᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠠ | ᠲᠤᠳᠤᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠠᠴᠠ ᠬᠠᠤᠯᠢ ᠶᠤᠰᠤᠭᠠᠷ ᠴᠤᠬᠢᠯᠳᠠ | ᠦᠭᠴᠤ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠬᠠᠤᠯᠢ ᠴᠠᠭᠠᠵᠠ ᠶᠢᠨ ᠲᠤᠰᠠᠯᠠᠮᠵᠢ ᠶᠢ ᠢᠳᠡᠪᠬᠢᠳᠡᠢ ᠪᠠᠷ | ᠬᠠᠩᠭᠠᠵᠦ᠂ ᠭᠦᠯ ᠠᠯᠳ᠋ᠬᠠᠰᠠᠨ ᠨᠠᠰᠤᠨ ᠳᠤ ᠦᠯᠦ ᠭᠦᠷᠦᠭᠰᠡᠳ ᠢ ᠨᠡᠶᠢᠬᠡᠮ ᠲᠤᠭᠤᠷᠢᠭ ᠲᠠᠭᠠᠨ ᠵᠠᠰᠠᠨ | ᠵᠠᠯᠠᠷᠠᠭᠤᠯᠬᠤ ᠠᠵᠢᠯ ᠢ ᠰᠠᠶᠢᠳᠤᠷ ᠬᠢᠭᠦ ᠬᠡᠷᠡᠭᠳᠡᠢ᠃ | ︵ᠭᠤᠷᠪᠠ︶ ᠨᠡᠶᠢᠬᠡᠮ ᠤᠨ ᠤᠷᠴᠢᠨ ᠨᠦᠭᠦᠴᠡᠯ ᠢ ᠪᠤᠢ ᠪᠤᠯᠭᠠᠬᠤ ᠬᠡᠷᠡᠭᠳᠡᠢ᠃ ᠡᠯ᠎ᠡ ᠭᠠᠵᠠᠷ | ᠤᠷᠤᠨ ᠨᠤᠭᠤᠳ ᠬᠡᠤᠬᠡᠳ ᠢ ᠡᠩ ᠲᠡᠷᠢᠬᠦᠨ ᠳᠤ ᠪᠤᠳᠤᠯᠬᠢᠯᠠᠬᠤ ᠪᠠ ᠨᠠᠰᠤᠨ ᠳᠤ ᠦᠯᠦ ᠭᠦᠷᠦᠭᠰᠡᠳ ᠤᠨ ᠡᠷᠬᠡ | ᠠᠰᠢᠭ ᠢ ᠬᠠᠮᠠᠭᠠᠯᠠᠬᠤ ᠭᠤᠤᠯ ᠰᠡᠳᠦᠪᠳᠦ ᠤᠬᠠᠭᠤᠯᠭ᠎ᠠ ᠭᠦᠮᠦᠵᠢᠯ ᠤᠨ ᠠᠵᠢᠯᠯᠠᠭ᠎ᠠ ᠶᠢ ᠦᠷᠬᠡᠨ ᠢᠶᠠᠷ ᠦᠷᠨᠢᠬᠦᠯᠵᠦ᠂ | ᠪᠦᠭᠦ ᠨᠡᠶᠢᠬᠡᠮ ᠢᠶᠠᠷ ᠢᠶᠠᠨ ᠬᠡᠤᠬᠡᠳ ᠤᠨ ᠡᠷᠡᠭᠦᠯ ᠡᠩᠬᠡ ᠦᠰᠦᠨ ᠪᠤᠶᠢᠵᠢᠯᠳᠠ ᠶᠢ ᠲᠦᠢᠯ ᠢᠶᠠᠷ ᠬᠠᠯᠠᠮᠵᠢᠯᠬᠠᠰᠠᠨ | ᠶᠡᠭᠡ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠭᠦᠴᠢᠷᠳᠡᠯ ᠳᠤ ᠲᠤᠯᠭᠠᠷᠬᠠᠰᠠᠨ ᠬᠡᠤᠬᠡᠳ ᠢ | ᠠᠩᠭᠢᠯᠠᠵᠦ ᠪᠠᠳᠤᠯᠠᠬᠤ ᠲᠦᠷᠢᠮ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠦ᠂ ᠤᠯᠠᠨ ᠵᠦᠢᠯ ᠤᠨ ᠤᠬᠠᠭᠤᠯᠬᠤ | ᠬᠡᠯᠪᠡᠷᠢ ᠪᠠᠷ ᠲᠠᠮᠵᠢᠭᠤᠯᠤᠨ᠂ ᠲᠦᠷᠦ ᠶᠢᠨ ᠪᠤᠳᠤᠯᠭ᠎ᠠ ᠶᠢ ᠨᠡᠶᠢᠬᠡᠮ ᠲᠤᠭᠤᠷᠢᠭ᠂ ᠰᠤᠷᠭᠠᠭᠤᠯᠢ᠂ ᠬᠡᠷ ᠪᠦᠯᠢ ᠳᠤ | ᠤᠷᠤᠭᠤᠯᠬᠤ ᠶᠢ ᠠᠬᠢᠭᠤᠯᠤᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠬᠠᠤᠯᠢ ᠶᠤᠰᠤᠨ ᠤ ᠡᠷᠬᠡ ᠠᠰᠢᠭ ᠢ | ᠦᠨᠡᠨᠬᠦ ᠬᠠᠮᠠᠭᠠᠯᠠᠬᠤ ᠬᠡᠷᠡᠭᠳᠡᠢ᠃ ᠡᠯ᠎ᠡ ᠭᠠᠵᠠᠷ ᠤᠷᠤᠨ ᠨᠤᠭᠤᠳ ᠲᠤᠬᠠᠢ ᠶᠢᠨ ᠭᠠᠵᠠᠷ ᠤᠨ ᠢᠶᠠᠨ ᠪᠤᠳᠠᠳᠠᠢ ᠶᠢ | ᠦᠨᠳᠦᠰᠦᠯᠡᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠬᠤ ᠪᠠᠨ ᠤᠯᠠᠮ ᠨᠢᠬᠡ ᠠᠯᠬᠤᠮ | ᠨᠠᠷᠢᠯᠢᠨᠨᠵᠢᠭᠤᠯᠤᠨ᠂ ᠬᠡᠷᠡᠭᠵᠢᠬᠦᠯᠬᠦ ᠨᠠᠷᠢᠨ ᠲᠦᠷᠢᠮ ᠪᠠ ᠪᠤᠳᠠᠳᠠᠢ ᠠᠷᠭ᠎ᠠ ᠶᠢ ᠲᠤᠨᠨᠳᠠᠭᠠᠵᠦ᠂ ᠭᠦᠴᠢᠷᠳᠡᠯ ᠳᠤ | ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠲᠦᠷᠢᠮ ᠤᠨ ᠪᠤᠳᠠᠳᠠᠶᠢᠵᠢᠬᠤ ᠶᠢ ᠦᠨᠡᠨᠬᠦ ᠪᠠᠳᠤᠯᠠᠬᠤ ᠬᠡᠷᠡᠭᠳᠡᠢ᠃ | |