ᠵᠢᠷᠭᠤᠳᠤᠭᠠᠷ ᠬᠤᠭᠤᠴᠠᠭᠠᠨ ᠤ ᠦᠪᠤᠷ ᠮᠤᠩᠭᠤᠯ ᠢ ᠲᠤᠭᠳᠤᠯᠤᠭᠤᠯᠤᠭᠰᠠᠠ ᠬᠦᠮᠥᠰ ᠲᠤ ᠱᠠᠩᠨᠠᠯ ᠤᠯᠭᠤᠬᠤ ᠦᠪᠡᠳᠡᠭᠰᠢ ᠶᠤᠰᠤᠯᠡᠯ ᠶᠠᠪᠤᠭᠳᠠᠪᠠ    ᠪᠦ᠋ ᠰᠢᠶᠤᠤ ᠯᠢᠨ ᠱᠠᠩᠨᠠᠯ ᠬᠦᠷᠳᠡᠭᠰᠡᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2017/4/1
     3 ᠳ᠋ᠤᠭᠠᠷ ᠰᠠᠷ᠎ᠠ ᠶᠢᠨ 31᠎ ᠤ ᠡᠳᠤᠷ᠂ ᠵᠢᠷᠭᠤᠳᠤᠭᠠᠷ ᠬᠤᠭᠤᠴᠠᠭᠠᠨ ︵2015 — 2016︶᠎ ᠤ ᠦᠪᠤᠷ ᠮᠤᠩᠭᠤᠯ ᠢ ᠲᠤᠭᠳᠤᠯᠤᠭᠤᠯᠤᠭᠰᠠᠠ ᠬᠦᠮᠥᠰ ᠲᠤ ᠱᠠᠩᠨᠠᠯ ᠤᠯᠭᠤᠬᠤ ᠦᠪᠡᠳᠡᠭᠰᠢ ᠶᠤᠰᠤᠯᠡᠯ ᠦᠪᠤᠷ ᠮᠤᠩᠭᠤᠯ ᠤᠨ ᠷᠠᠳᠢᠣ᠋ ᠺᠢᠨᠣ᠋ ᠲᠧᠯᠸᠢᠰ ᠤᠨ ᠲᠤᠭᠠᠴᠢᠯᠠᠭᠰᠠᠠ ᠵᠠᠭᠤᠴᠢᠯᠠᠭᠤᠷ ᠤᠨ ᠲᠦᠪ ᠤᠨ 800 ᠲᠡᠭᠰᠢ ᠲᠦᠷᠪᠡᠯᠵᠢᠨ ᠮᠧᠲᠷ ᠤᠨ ᠲᠤᠭᠯᠠᠯᠳᠠ ᠶᠢᠨ ᠲᠢᠩᠬᠢᠮ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠱᠠᠩᠨᠠᠯ ᠬᠦᠷᠳᠡᠭᠰᠡᠳ ᠲᠠᠢ ᠠᠭᠤᠯᠵᠠᠭᠰᠠᠠ ᠪᠦᠭᠡᠳ ᠲᠡᠳᠡᠨ ᠲᠠᠢ ᠬᠠᠮᠳᠤ ᠬᠡᠷᠡᠯ ᠵᠢᠷᠤᠭ ᠲᠠᠳᠠᠭᠤᠯᠵᠥ ᠲᠤᠷᠠᠰᠬᠠᠯ ᠦᠯᠡᠳᠡᠭᠡᠪᠡ᠃ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠎ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ᠂ ᠦᠪᠡᠷᠳᠡᠭᠡᠨ ᠵᠠᠰᠠᠬᠤ ᠤᠷᠤᠨ ᠤ ᠠᠷᠠᠳ ᠎ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠬᠠᠩ ᠬᠦᠢ ᠯᠢᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠩ ᠱᠧᠩ ᠬᠠᠮᠳᠤ ᠪᠠᠷ ᠠᠭᠤᠯᠵᠠᠵᠥ᠂ ᠬᠡᠷᠡᠯ ᠵᠢᠷᠤᠭ ᠲᠠᠳᠠᠭᠤᠯᠤᠭᠰᠠᠠ ᠪᠥᠭᠡᠳ ᠦᠪᠡᠳᠡᠭᠰᠢ ᠶᠤᠰᠤᠯᠠᠯ ᠳᠤ ᠤᠷᠤᠯᠴᠠᠵᠠᠢ᠃      ᠲᠤᠰ ᠬᠤᠭᠤᠴᠠᠭᠠᠨ ᠤ ᠦᠪᠦᠷ ᠮᠤᠩᠭᠤᠯ ᠢ ᠳᠤᠬᠲᠤᠯᠤᠭᠤᠯᠤᠬᠰᠠᠨ ᠬᠦᠮᠦᠰ ᠢ ᠰᠢᠯᠭᠠᠷᠠᠭᠤᠯᠬᠤ ᠠᠵᠢᠯᠯᠠᠭ᠎ᠠ ᠠᠴᠠ ᠰᠢᠯᠭᠠᠷᠠᠭᠤᠯᠤᠭᠳᠠᠬᠰᠠᠨ ᠦᠪᠦᠷ ᠮᠤᠩᠭᠤᠯ ᠢ ᠳᠤᠬᠲᠤᠯᠤᠭᠤᠯᠤᠬᠰᠠᠨ 10 ᠬᠦᠮᠦᠨ ᠪᠤᠯ᠂ ᠦᠪᠦᠷ ᠮᠤᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠤᠷᠠᠨ ᠳᠠᠷᠬ᠎ᠠ ᠶᠢᠨ ᠰᠤᠳᠤᠯᠬᠤ ᠭᠠᠵᠠᠷ ᠤᠨ ᠳᠡᠭᠡᠳᠦ ᠢᠨᠵᠧᠨᠧᠷ ᠢᠤᠢ ᠴᠢᠩ ᠹᠧᠩ᠂ ᠦᠪᠦᠷ ᠮᠤᠩᠭᠤᠯ ᠤᠨ ᠹᠧᠨ ᠰᠢᠶᠠᠩ ᠲᠠᠷᠢᠶᠠᠯᠠᠩ ᠎ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠮᠠ ᠷᠦᠢ ᠴᠢᠶᠠᠩ᠂ ᠦᠪᠦᠷ ᠮᠤᠩᠭᠤᠯ ᠤᠨ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠯᠭᠡ ᠶᠢᠨ ᠵᠢᠷᠤᠭᠡ ᠴᠢᠰᠤᠨ ᠰᠤᠳᠠᠯ ᠤᠨ ᠲᠤᠳᠤᠷ ᠰᠠᠯᠠᠭᠠᠨ ᠤ ᠡᠷᠬᠢᠯᠡᠭᠴᠢ ᠸᠠᠩ ᡁᠢ ᠶᠦᠩ᠂ ᠦᠪᠦᠷ ᠮᠤᠩᠭᠤᠯ ᠤᠨ ᠬᠦᠰᠡᠬᠦᠢ ᠮᠤᠩᠭᠤᠯ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠪᠦᠬᠡᠰᠤᠳᠤ᠂ ᠤᠯᠠᠭᠠᠨᠴᠠᠪ ᠬᠤᠲᠠ ᠶᠢᠨ ᠵᠢᠨᠢᠩ ᠲᠤᠭᠤᠷᠢᠬ ᠤᠨ ᠭᠤᠸᠠᠩ ᠮᠢᠩ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠭᠦᠩ ᠵᠢᠶᠠᠨ ᠸᠧᠢ᠂ ᠵᠡᠪᠰᠡᠭᠲᠤ ᠴᠠᠬᠳᠠᠭᠠᠨ ᠤ ᠦᠪᠦᠷ ᠮᠤᠩᠭᠤᠯ ᠎ ᠤᠨ ᠶᠡᠷᠦᠩᠬᠡᠢ ᠠᠩᠭᠢ ᠶᠢᠨ ᠪᠠᠶᠠᠨᠨᠠᠭᠤᠷ ᠬᠤᠲᠠ ᠶᠢᠨ ᠰᠠᠯᠪᠤᠷᠢ ᠠᠩᠭᠢ ᠶᠢᠨ ᠳᠠᠷᠤᠭ᠎ᠠ ᠯᠢ ᠸᠧᠢ ᡁᠢ᠂ ᠬᠦᠬᠡᠬᠤᠲᠠ ᠶᠢᠨ ᠢᠤᠢ ᠴᠢᠤᠸᠠᠨ ᠲᠤᠭᠤᠷᠢᠬ ᠤᠨ ᠰᠢᠩ ᠯᠦᠩ ᠰᠢᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠴᠢᠩ ᠴᠢᠤᠸᠠᠨ ᠵᠡᠭᠡᠯᠢ ᠶᠢᠨ ᠨᠡᠶᠢᠬᠡᠮ ᠲᠤᠭᠤᠷᠢᠬ ᠤᠨ ᠨᠠᠮ ᠤᠨ ᠡᠭᠦᠷ ᠤᠨ ᠱᠦᠵᠢ ᠦ᠋ ᠾᠧ ᠰᠢᠶᠠᠩ᠂ ᠵᠦᠩ ᠬᠤᠸᠠ ᠪᠦᠯᠦᠭᠯᠡᠯ ᠤᠨ ᠳᠤᠮᠳᠠᠳᠤ ᠤᠯᠤᠰ ᠤᠨ ᠦᠷ᠎ᠡ ᠶᠢᠨ ᠺᠤᠮᠫᠠᠨᠢ ᠶᠢᠨ ᠳᠡᠳ᠋ ᠶᠡᠷᠤᠩᠬᠡᠢ ᠳᠠᠭᠠᠭᠠᠮᠠᠯ ᠬᠤ᠋ ᠶᠠᠨ ᠰᠢᠶᠠᠩ᠂ ᠦᠪᠦᠷ ᠮᠤᠩᠭᠤᠯ ᠤᠨ ᠤᠳᠬ᠎ᠠ ᠤᠷᠠᠯᠢᠬ ᠤᠨ ᠬᠢᠨ ᠤ ᠬᠤᠯᠪᠤᠭ᠎ᠠ ᠶᠢᠨ ᠲᠤᠰᠬᠠᠢ ᠵᠤᠬᠢᠶᠠᠯᠴᠢ ᠭᠦᠸᠧ ᠢᠤᠢ ᠴᠢᠶᠤᠤ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠦᠨᠳᠦᠰᠦᠨ ᠱᠠᠲᠤᠨ ᠳᠤ ᠲᠤᠮᠢᠯᠠᠨ ᠰᠠᠭᠤᠯᠭᠠᠬᠰᠠᠨ ᠪᠠᠶᠢᠴᠠᠭᠠᠬᠴᠢ ᠫᠠᠨ ᡁᠢ ᠷᠦᠩ ᠪᠤᠯᠤᠨ᠎ᠠ᠃      ᠰᠢᠯᠭᠠᠷᠠᠭᠤᠯᠤᠨ ᠭᠠᠷᠭᠠᠭᠰᠠᠠ ᠦᠪᠦᠷ ᠮᠤᠩᠭᠤᠯ ᠢ ᠳᠤᠬᠲᠤᠯᠤᠭᠤᠯᠤᠬᠰᠠᠨ 10 ᠨᠠᠷ᠎ᠠ ᠳᠤᠷᠠᠳᠤᠬᠳᠠᠭᠰᠠᠠ ᠬᠦᠮᠦᠨ ᠪᠤᠯ᠂ ᠲᠦᠩᠯᠢᠶᠤᠤ ᠬᠤᠲᠠ ᠶᠢᠨ ᠬᠤᠷᠴᠢᠨ ᠲᠤᠭᠤᠷᠢᠬ ᠤᠨ ᠳ᠋ᠦᠩ ᠵᠢᠶᠤᠤ ᠵᠡᠭᠡᠯᠢ ᠭᠤᠳᠤᠮᠵᠢ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠷᠧᠨ ᠮᠢᠩ ᠳ᠋ᠧ᠂ ᠤᠯᠤᠰ ᠤᠨ ᠬᠦᠨᠳᠦ ᠬᠦᠩᠭᠡᠨ ᠰᠫᠤᠷᠲ ᠤᠨ ᠰᠢᠳᠡᠯᠲᠡ ᠶᠢᠨ ᠠᠩᠬᠢ ᠶᠢᠨ ᠵᠡᠮᠳᠡᠭ ᠲᠠᠮᠢᠷᠴᠢᠨ ᠰᠦᠨ ᠫᠧᠩ ᠰᠢᠶᠠᠩ᠂ ᠬᠦᠶᠠᠩ ᠰᠢᠶᠠᠨ ᠤ ᠸᠠᠨ ᠱᠧᠩ ᠬᠤᠤ ᠲᠤᠰᠬᠤᠨ ᠤ ᠨᠠᠮ ᠤᠨ ᠡᠬᠦᠷ ᠤᠨ ᠱᠦᠵᠢ ᠶᠠᠩ ᠫᠢᠩ᠂ ᠲᠦᠩᠯᠢᠶᠤᠤ ᠬᠤᠳᠠ ᠶᠢᠨ ᠠᠵᠢᠯ ᠮᠡᠷᠬᠡᠵᠢᠯ ᠤᠨ ᠲᠡᠬᠡᠳᠤ ᠰᠤᠷᠭᠠᠭᠤᠯᠢ ᠶᠢᠨ ᠰᠤᠷᠤᠬᠴᠢ ᠵᠸᠤ ᠶᠠᠨ ᠮᠸᠢ᠂ ᠯᠢᠶᠠᠩᠴᠧᠩ ᠰᠢᠶᠠᠨ ᠤ ᠲᠢᠶᠠᠨ ᠴᠧᠩ ᠲᠤᠰᠬᠤᠨ ᠤ ᠲᠠᠷᠢᠶᠠᠴᠢᠨ ᠡᡁᠧ ᠮᠢᠩ ᠵᠢᠦᠢ᠂ ᠦᠴᠤᠸᠠᠨ ᠰᠢᠶᠠᠨ ᠤ ᠵᠡᠮᠳᠡᠭᠴᠤᠳ ᠤᠨ ᠬᠤᠯᠪᠤᠭ᠎ᠠ ᠶᠢᠨ ᠵᠡᠮᠳᠡᠭᠴᠤᠳ ᠤᠨ ᠲᠤᠰᠬᠠᠢ ᠲᠤᠰᠢᠶᠠᠯᠳᠤ ᠬᠡᠰᠢᠬᠦᠨ ᠺᠠᠩ ᡁᠢ ᠶᠢᠩ᠂ ᠺᠠᠶᠢᠯᠤ ᠰᠢᠶᠠᠨ ᠤ ᠰᠢᠬᠦᠬᠦ ᠬᠤᠷᠢᠶ᠎ᠠ ᠶᠢᠨ ᠲᠤᠰᠬᠠᠢ ᠰᠢᠬᠦᠬᠦ ᠵᠦᠪᠯᠡᠯ ᠤᠨ ᠬᠡᠰᠢᠬᠦᠨ ᠵᠢᠶᠠᠩ ᠴᠢᠩ ᠴᠦᠨ᠂ ᠶᠡᠭᠡ ᠬᠢᠩᠭᠠᠨ ᠲᠠᠪᠠᠭ᠎ᠠ ᠶᠢᠨ ᠤᠢ ᠰᠢᠭᠤᠢ ᠶᠢᠨ ᠬᠠᠮᠢᠶᠠᠷᠤᠯᠳᠠ ᠶᠢᠨ ᠲᠣᠪᠴᠢᠶ᠎ᠠ ᠶᠢᠨ ᠴᠦᠸᠧ ᠶᠤᠸᠠᠠ᠂ ᠤᠢ ᠰᠢᠭᠤᠢ ᠶᠢᠨ ᠲᠣᠪᠴᠢᠶ᠎ᠠ ᠶᠢᠨ ᠭᠠᠯ ᠰᠡᠷᠬᠡᠶᠢᠯᠠᠬᠦ ᠲᠤᠷᠠᠨᠴᠢ ᠶᠠᠨ ᠱᠢ ᠸᠧᠨ᠂ ᠪᠤᠭᠤᠳᠤ ᠬᠤᠳᠠ ᠶᠢᠨ ᠹᠦᠵᠢᠶᠠᠨ ᠤ ᠠᠷᠠᠯᠵᠢᠶᠡᠴᠢᠨ ᠎ ᠤ ᠨᠡᠶᠢᠬᠡᠮᠯᠢᠭ ᠤᠨ ᠲᠠᠷᠤᠭ᠎ᠠ ᠰᠢᠤᠸᠠᠢ ᠪᠠᠨ ᠶᠢᠨ᠂ ᠦᠪᠤᠷ ᠮᠤᠩᠭᠤᠯ ᠤᠨ ᠲᠡᠮᠤᠷ ᠵᠠᠮ ᠤᠨ ᠬᠠᠶᠢᠨ ᠪᠠᠶᠢᠴᠠᠭᠠᠵᠤ ᠵᠢᠷᠤᠵᠤ ᠲᠦᠯᠤᠪᠯᠡᠬᠦ ᠬᠦᠷᠢᠶᠠᠯᠠᠩ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠸᠧᠢ ᠭᠠᠩ ᠪᠤᠯᠤᠨ᠎ᠠ᠃      ᠦᠪᠤᠷ ᠮᠤᠩᠭᠤᠯ ᠤᠨ ︽ᠬᠠᠷᠠᠭ᠎ᠠ ᠤᠷᠤᠭᠤᠯᠬᠤ ᠠᠵᠢᠯᠯᠠᠭ᠎ᠠ︾᠎ ᠶᠢᠨ ᠨᠡᠶᠢᠬᠡᠮ ᠤᠨ ᠠᠰᠠᠷᠠᠮᠵᠢ ᠶᠢᠨ ᠠᠵᠢᠯᠯᠠᠭ᠎ᠠ ᠶᠢᠨ ᠬᠠᠮᠳᠤ ᠨᠡᠶᠢᠳᠡ ᠦᠪᠤᠷ ᠮᠣᠩᠭᠤᠯ ᠢ ᠲᠤᠬᠳᠤᠯᠤᠭᠤᠯᠤᠬᠰᠠᠨ ᠬᠦᠮᠤᠰ ᠤᠨ ᠤᠨᠴᠠ ᠱᠠᠩᠨᠠᠯ ᠤᠨ ᠬᠠᠮᠳᠤ ᠨᠡᠶᠢᠳᠡ ᠪᠠᠷ ᠰᠤᠩᠭᠤᠭᠳᠠᠪᠠ᠃      ᠠᠮᠢᠳᠤ ᠰᠡᠷᠡᠬᠦᠨ ᠪᠠᠶᠢᠬᠤ ᠳᠠᠭᠠᠨ ᠳᠤᠮᠳᠠᠳᠤ ᠤᠯᠤᠰ ᠤᠨ ᠠᠷᠠᠳ ᠤᠨ ᠴᠢᠯᠤᠬᠡᠯᠡᠬᠦ ᠴᠡᠷᠢᠭ ᠤᠨ 66355ᠴᠡᠷᠢᠭ ᠠᠩᠬᠢ ᠶᠢᠨ ᠬᠢᠯᠢ ᠶᠢᠨ ᠬᠠᠮᠠᠭᠠᠯᠠᠯᠳᠠ ᠶᠢᠨ ᠪᠠᠲᠯᠢᠶᠤᠨ ᠤ ᠨᠢᠬᠡᠳᠤᠬᠡᠷ ᠰᠤᠮᠤᠨ ᠤ ᠲᠠᠷᠤᠭ᠎ᠠ ᠪᠠᠶᠢᠬᠰᠠᠨ ᠳ᠋ᠦ᠋ ᠬᠤᠩ᠂ ᠠᠮᠢᠳᠤ ᠰᠡᠷᠡᠬᠦᠨ ᠪᠠᠶᠢᠬᠤ ᠳᠠᠭᠠᠨ ᠨᠠᠢᠮᠠᠨ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠠᠷᠤᠭ᠎ᠠ ᠪᠠᠶᠢᠬᠰᠠᠨ ᠱᠤᠤ ᠪᠢᠩ ᠦᠪᠤᠷ ᠮᠤᠩᠭᠤᠯ ᠢ ᠲᠤᠭᠳᠤᠯᠤᠭᠤᠯᠤᠬᠰᠠᠨ ᠬᠦᠮᠤᠰ ᠤᠨ ᠤᠨᠴᠠ ᠱᠠᠩᠨᠠᠯ ᠤᠨ ᠬᠤᠪᠢ ᠬᠦᠮᠤᠨ ᠢᠶᠠᠷ ᠰᠤᠩᠭᠤᠬᠳᠠᠪᠠ᠃      ᠲᠠᠨᠢᠯᠴᠠᠭᠤᠯᠤᠭᠰᠠᠨ ᠢᠶᠠᠷ᠂ ᠲᠤᠰ ᠬᠤᠭᠤᠴᠠᠭᠠᠨ ᠤ ᠦᠪᠤᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠎ ᠤᠨ ᠱᠠᠩᠨᠠᠯ ᠬᠦᠷᠳᠡᠭᠰᠡᠳ ᠢ ᠪᠤᠯ ᠪᠦᠬᠦ ᠤᠷᠤᠨ ᠠᠴᠠ ᠮᠡᠳᠡᠬᠦᠯᠦᠭᠰᠡᠨ 276 ᠵᠢᠱᠢᠭᠳᠡᠭᠰᠡᠳ ᠤᠨ ᠲᠤᠮᠳᠠ ᠠᠴᠠ ᠠᠩᠬᠠᠨ ᠤ ᠰᠢᠯᠭᠠᠷᠠᠭᠤᠯᠤᠯᠳᠠ᠂ ᠡᠴᠦᠰ ᠤᠨ ᠰᠢᠯᠭᠠᠷᠠᠭᠤᠯᠤᠯᠳᠠ ᠵᠡᠷᠬᠡ ᠲᠦᠪ ᠴᠢᠩᠭ᠎ᠠ ᠲᠡᠰ ᠲᠠᠷᠠᠭᠠᠯᠠᠯ ᠢᠶᠠᠷ ᠲᠠᠮᠵᠢᠨ ᠰᠢᠯᠭᠠᠷᠠᠭᠤᠯᠵᠤ ᠭᠠᠷᠭᠠᠵᠠᠢ᠃ ᠨᠡᠶᠢᠳᠡ 209 ᠲᠦᠮᠡᠨ ᠬᠦᠮᠦᠨ ︵ᠤᠳᠠᠭ᠎ᠠ︶ ᠪᠢᠯᠧᠲ ᠦᠭᠬᠦ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号