ᠦᠪᠦᠷ ᠮᠣᠩᠭᠤᠯ᠄ ᠡᠨᠡ ᠵᠢᠯ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠰᠤᠷᠤᠭᠴᠢ ᠶᠢᠨ ᠤᠷᠤᠨ ᠲᠤᠭ᠎ᠠ ᠶᠢ ᠬᠤᠶᠠᠷ ᠲᠥᠮᠡ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2017/4/1
      ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ 18 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠤᠷᠤᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠳᠤ ᠬᠡᠷᠡᠭᠯᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠩᠭᠠᠯᠭ᠎ᠠ ᠬᠡᠷᠡᠭᠴᠡᠭᠡᠨ ᠤ ᠵᠥᠷᠢᠴᠡᠯ ᠢ ᠬᠦᠴᠦᠯᠡᠨ ᠰᠢᠢᠳᠪᠦᠷᠢᠯᠡᠬᠦ ᠪᠣᠯᠣᠨ᠎ᠠ᠃ ᠣᠶᠢᠯᠠᠭᠠᠭᠰᠠᠨ ᠢᠶᠠᠷ᠂ ᠬᠤᠶᠠᠳᠠᠬᠢ ᠬᠤᠭᠤᠴᠠᠭᠠᠨ ᠤ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾᠎ ᠶᠢ ᠬᠡᠷᠡᠭᠵᠢᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠡᠯ᠎ᠡ ᠱᠠᠲᠤᠨ ᠤ ᠵᠠᠰᠠᠭ ᠤᠨ ᠣᠷᠳᠣᠨ 57.42 ᠳ᠋ᠦᠩᠰᠢᠭᠤᠷ ᠲᠥᠭᠦᠷᠢᠭ ᠤᠨ ᠪᠡᠯᠨ ᠤᠷᠤᠭᠤᠯᠤᠨ᠂ ᠬᠡᠦᠬᠡᠳ ᠤᠨ ᠴᠡᠴᠡᠷᠯᠢᠭ ᠢ 932 ᠨᠡᠮᠡᠭᠳᠡᠭᠦᠯᠪᠡ᠂ ᠡᠭᠦᠨ ᠳᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠨᠢ 515᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠨᠢ 417᠂ ᠬᠡᠦᠬᠡᠳ ᠤᠨ ᠴᠡᠴᠡᠷᠯᠢᠭ ᠤᠨ ᠰᠢᠨ᠎ᠡ ᠪᠠᠷ ᠨᠡᠮᠡᠭᠳᠡᠭᠦᠯᠦᠭᠰᠡᠨ ᠰᠤᠷᠤᠭᠴᠢ ᠶᠢᠨ ᠤᠷᠤᠨ ᠲᠤᠭ᠎ᠠ ᠨᠢ 9 ᠲᠦᠮᠡ ᠭᠠᠷᠤᠢ ᠪᠠᠶᠢᠪᠠ᠃ 2016 ᠣᠨ ᠤ ᠵᠢᠯ ᠤᠨ ᠰᠡᠭᠦᠯᠴᠢ ᠪᠣᠯᠲᠠᠯ᠎ᠠ᠂ ᠪᠥᠬᠦ ᠣᠷᠣᠨ ᠤ ᠬᠡᠦᠬᠡᠳ ᠤᠨ ᠴᠡᠴᠡᠷᠯᠢᠭ 3672 ᠪᠠᠶᠢᠵᠤ᠂ ᠴᠡᠴᠡᠷᠯᠢᠭ ᠲᠤ ᠰᠠᠭᠤᠭ᠎ᠠ ᠬᠡᠤᠬᠡᠳ ᠤᠨ ᠲᠤᠭ᠎ᠠ ᠨᠢ 60.75 ᠲᠦᠮᠡ ᠬᠦᠷᠪᠡ᠃ 2017 ᠣᠨ ᠳᠤ᠂ ᠥᠪᠡᠷᠲᠡᠭᠡᠨ ᠵᠠᠰᠠᠬᠤ ᠣᠷᠣᠨ ᠨᠢ ᠡᠯ᠎ᠡ ᠱᠠᠲᠤᠨ ᠤ ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠡᠶᠢᠯᠡᠭᠡᠳ 18 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠤᠷᠤᠭᠤᠯᠤᠨ᠂ 160 ᠭᠠᠷᠤᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠵᠤ᠂ ᠬᠡᠦᠬᠡᠳ ᠤᠨ ᠴᠡᠴᠡᠷᠯᠢᠭ ᠤᠨ ᠰᠤᠷᠤᠭᠴᠢ ᠶᠢᠨ ᠤᠷᠤᠨ ᠲᠤᠭ᠎ᠠ ᠶᠢ 2 ᠲᠥᠮᠡ ᠨᠡᠮᠡᠭᠳᠡᠭᠦᠯᠦᠨ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ ᠬᠦᠴᠦᠯᠡᠨ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠠᠬᠢ ᠬᠠᠷᠢᠴᠠᠯ ᠢ ᠳᠡᠭᠡᠭᠰᠢᠯᠡᠭᠦᠯᠬᠦ ᠮᠦᠷᠲᠡᠭᠡᠨ ᠬᠤᠳᠠ ᠪᠠᠯᠭᠠᠰᠤᠨ ᠤ ᠪᠠᠭ᠎ᠠ ᠲᠣᠭᠤᠷᠢᠭ ᠤᠨ ᠢᠵᠢ ᠪᠦᠷᠢᠳᠦᠭᠰᠡᠨ ᠬᠡᠦᠬᠡᠳ ᠤᠨ ᠴᠡᠴᠡᠷᠯᠢᠭ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠᠷ ᠲᠦᠯᠦᠪᠯᠡᠵᠦ ᠪᠠᠶᠢᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠪᠠᠰᠠ ᠤᠯᠠᠨ ᠨᠡᠶᠢᠲᠡ ᠶᠢᠨ ᠡᠳ᠋ ᠤᠨ ᠵᠠᠰᠠᠭ ᠬᠢᠭᠡᠳ ᠭᠡᠷ ᠤᠨ ᠠᠬᠠᠮᠠᠳ ᠤᠨ ᠬᠤᠪᠢᠶᠠᠨ ᠡᠭᠦᠷᠭᠡᠯᠡᠬᠦ ᠲᠤᠰᠢᠶᠠᠬᠤ ᠰᠦᠢᠳᠬᠡᠯ ᠯᠤᠭ᠎ᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠪᠡᠷ ᠤᠨ ᠦᠷᠳᠡᠭ ᠤᠨ ᠬᠠᠮᠲᠤ ᠪᠠᠷ ᠡᠭᠦᠷᠭᠡᠯᠡᠬᠦ ᠲᠣᠭᠲᠠᠴᠠ ᠶᠢ ᠤᠯᠠᠮ ᠪᠦᠷᠢᠨᠰᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠠᠵᠢᠯᠯᠠᠭᠠᠨ ᠢ ᠦᠨᠡᠨ ᠬᠦ ᠪᠠᠲᠤᠯᠠᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号