ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ | ᠬᠤᠷᠠᠯᠳᠤᠭᠰᠠᠨ ᠤ ᠲᠠᠷᠠᠭ᠎ᠠ᠂ ᠠᠯᠠᠱᠠ ᠠᠶᠢᠮᠠᠭ ᠬᠡᠷᠬᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠶᠡᠭᠡ ᠬᠤᠷᠠᠯ | ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠬᠤ ᠪᠤᠢ︖ ᠡᠨᠡ ᠲᠤᠬᠠᠢ ᠰᠤᠷᠪᠤᠯᠵᠢᠯᠠᠭᠴᠢ | ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠢ ᠲᠤᠰᠬᠠᠢ ᠰᠤᠷᠪᠤᠯᠵᠢᠯᠠᠭᠰᠠᠨ ᠶᠤᠮ᠃ | ᠰᠤᠷᠪᠤᠯᠵᠢᠯᠠᠭᠴᠢ᠄ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠠᠭᠠᠨ | ᠠᠯᠠᠱᠠ ᠠᠶᠢᠮᠠᠭ ᠶᠠᠮᠠᠷ ᠰᠢᠨ᠎ᠡ ᠲᠦᠯᠦᠪᠯᠡᠭᠡ᠂ ᠰᠢᠨ᠎ᠡ ᠰᠡᠳᠬᠢᠴᠡ ᠲᠠᠢ ᠪᠤᠢ︖ ᠶᠠᠮᠠᠷ ᠪᠠᠶᠢᠷᠢᠯᠠᠭᠤᠯᠤᠯᠲᠠ ᠲᠠᠢ | ᠪᠤᠢ︖ | ᠪᠤᠤ ᠭᠠᠩ᠄ ᠠᠯᠠᠱᠠ ᠶᠢᠨ ᠬᠡᠪᠡᠷᠡᠭ ᠠᠮᠢ ᠠᠬᠤᠢ ᠶᠢᠨ ᠤᠷᠴᠢᠨ ᠲᠤᠭᠤᠷᠢᠨ ᠨᠢ ᠠᠮᠤ ᠪᠤᠳᠠᠭ᠎ᠠ ᠶᠢᠨ | ᠬᠦᠮᠦᠷᠭᠡ ᠪᠤᠯᠵᠤ ᠲᠠᠶᠢᠯᠬᠦ ᠦᠬᠡᠢ ᠮᠦᠷᠳᠡᠭᠡᠨ ᠮᠠᠯᠵᠢᠯ ᠤᠨ ᠲᠠᠯᠠᠪᠠᠢ ᠴᠦ ᠪᠤᠯᠵᠤ ᠲᠠᠶᠢᠯᠬᠦ ᠦᠬᠡᠢ᠂ ᠬᠠᠷᠢᠨ ᠤᠯᠤᠰ | ᠤᠨ ᠴᠢᠬᠤᠯᠠ ᠠᠮᠢ ᠠᠬᠤᠢ ᠶᠢᠨ ᠴᠢᠳᠡᠪᠬᠢᠳᠦ ᠤᠷᠤᠨ ᠪᠤᠯᠬᠤ ᠭᠡᠳᠡᠭ ᠢ ᠲᠤᠭᠳᠠᠭᠠᠵᠠᠢ᠃ ᠠᠯᠠᠱᠠ ᠶᠢᠨ 27 | ᠲᠦᠮᠡᠨ ᠲᠡᠭᠰᠢ ᠲᠦᠷᠪᠡᠯᠵᠢᠨ ᠺᠢᠯᠤᠮᠧᠲᠷ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠳᠤᠷ ᠬᠠᠮᠠᠭᠠᠯᠠᠬᠤ ᠪᠤᠯ | ᠲᠠᠷᠤᠢ ᠤᠯᠤᠰ ᠪᠠ ᠦᠪᠡᠷᠳᠡᠭᠡᠨ ᠵᠠᠰᠠᠬᠤ ᠤᠷᠤᠨ ᠳᠤ ᠦᠵᠡᠭᠦᠯᠬᠦ ᠬᠠᠮᠤᠭ ᠤᠨ ᠶᠡᠭᠡ ᠬᠤᠪᠢ ᠨᠡᠮᠡᠷᠢ ᠪᠤᠯᠬᠤ ᠶᠤᠮ᠃ | ᠡᠬᠦᠨ ᠳᠤ ᠡᠷᠬᠡᠪᠰᠢ ᠨᠠᠮ ᠤᠨ ᠲᠦᠪ ᠬᠤᠷᠢᠶ᠎ᠠ ᠶᠢᠨ ᠲᠦᠷᠦ ᠶᠢ ᠵᠠᠰᠠᠨ ᠵᠠᠰᠠᠭ ᠢ ᠡᠷᠬᠢᠯᠡᠬᠦ ᠰᠢᠨ᠎ᠡ ᠣᠨᠣᠯᠵᠢᠬᠤᠨ | ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠪᠠᠷ ᠵᠢᠯᠤᠭᠤᠳᠤᠯᠭ᠎ᠠ ᠪᠤᠯᠭᠠᠨ᠂ ᠦᠪᠡᠷᠳᠡᠭᠡᠨ ᠵᠠᠰᠠᠬᠤ | ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠬᠦᠭᠵᠢᠯᠳᠡ ᠶᠢᠨ ᠣᠨᠣᠯᠵᠢᠬᠤᠨ ᠢ ᠡᠷᠡᠰ | ᠲᠤᠤᠱᠯᠠᠭᠤᠯᠤᠨ ᠠᠮᠢ ᠠᠬᠤᠢ ᠶᠢ ᠤᠷᠢᠳᠠᠪᠠᠷ ᠬᠦᠭᠵᠢᠭᠦᠯᠬᠦ᠂ ᠪᠤᠬᠢᠷᠳᠤᠯ ᠦᠭᠡᠢ ᠬᠦᠭᠵᠢᠯᠳᠡ ᠶᠢᠨ ᠵᠠᠮ ᠢᠶᠠᠷ | ᠭᠤᠶᠢᠪᠢᠰᠢ ᠦᠭᠡᠢ ᠵᠠᠮᠨᠠᠵᠤ᠂ ᠠᠯᠠᠱᠠ ᠶᠢ ᠤᠯᠤᠰ ᠤᠨ ᠴᠢᠬᠤᠯᠠ ᠠᠮᠢ ᠠᠬᠤᠢ ᠶᠢᠨ ᠴᠢᠳᠠᠪᠬᠢᠳᠦ ᠵᠢᠱᠢᠶ᠎ᠡ | ᠦᠵᠡᠭᠦᠯᠬᠦ ᠤᠷᠤᠨ ᠪᠤᠯᠭᠠᠬᠤ ᠴᠢᠳᠠᠪᠬᠢᠳᠦ ᠪᠠᠶᠢᠷᠢ ᠲᠤᠭᠳᠠᠭᠠᠯᠳᠠ᠂ ᠲᠤᠷᠭᠠᠨ ᠵᠠᠮ ᠤᠨ ᠠᠵᠤ ᠠᠬᠤᠢ ᠶᠢᠨ ᠪᠦᠰᠡ | ᠪᠤᠯᠤᠨ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠤᠯᠠᠨ ᠤᠯᠤᠰ ᠤᠨ ᠲᠤᠮᠤ | ᠵᠠᠮ ᠪᠤᠯᠭᠠᠬᠤ ᠨᠡᠭᠡᠭᠡᠯᠳᠡ ᠶᠢᠨ ᠪᠠᠶᠢᠷᠢ ᠲᠤᠭᠳᠠᠭᠠᠯᠳᠠ᠂ ᠤᠯᠠᠨ ᠤᠯᠤᠰ ᠤᠨ ᠵᠢᠭᠤᠯᠴᠢᠯᠠᠯ ᠤᠨ ᠬᠠᠷᠠᠯᠳᠠᠳᠤ | ᠤᠷᠤᠨ ᠪᠤᠯᠤᠨ ᠤᠯᠤᠰ ᠤᠨ ᠴᠢᠬᠤᠯᠠ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ ᠰᠠᠨᠰᠠᠷ ᠤᠨ | ᠰᠠᠭᠤᠷᠢᠨ᠂ ᠴᠡᠪᠡᠷ ᠡᠨᠧᠷᠬᠢ ᠶᠢᠨ ᠵᠢᠱᠢᠶ᠎ᠡ ᠦᠵᠡᠭᠦᠯᠬᠦ ᠰᠠᠭᠤᠷᠢᠨ ᠪᠤᠯᠤᠨ ᠡᠯᠡᠰᠦᠨ ᠤ ᠠᠵᠤ ᠦᠢᠯᠡᠰ ᠤᠨ ᠵᠢᠱᠢᠶ᠎ᠡ | ᠦᠵᠡᠭᠦᠯᠬᠦ ᠰᠠᠭᠤᠷᠢᠨ ᠤ ᠠᠵᠤ ᠦᠢᠯᠡᠰ ᠤᠨ ᠪᠠᠶᠢᠷᠢ ᠲᠤᠭᠳᠠᠭᠠᠯᠳᠠ ᠶᠢ ᠵᠢᠷᠤᠮᠯᠠᠵᠤ᠂ ᠡᠬᠢ ᠪᠠᠶᠠᠯᠢᠭ ᠤᠨ | ᠠᠰᠢᠬᠯᠠᠯᠳᠠ ᠠᠷᠪᠢᠴᠢ ᠭᠠᠮᠳᠠᠢ ᠦᠷ᠎ᠠ ᠠᠰᠢᠭ ᠰᠠᠶᠢᠳᠠᠢ᠂ ᠤᠷᠤᠨ ᠵᠠᠢ ᠶᠢᠨ ᠪᠠᠶᠢᠷᠢᠰᠢᠭᠤᠯᠤᠯᠳᠠ ᠰᠢᠨᠵᠢᠯᠡᠬᠦ | ᠤᠬᠠᠭᠠᠨᠴᠢ ᠵᠦᠢ ᠵᠤᠬᠢᠰᠳᠠᠢ᠂ ᠬᠦᠭᠵᠢᠯᠳᠡ ᠶᠢᠨ ᠠᠷᠭ᠎ᠠ ᠬᠡᠯᠪᠡᠷᠢ ᠨᠡᠭᠦᠷᠡᠰᠦᠳᠦ᠋ᠷᠦᠭᠴᠢ ᠪᠠᠭ᠎ᠠ ᠪᠠᠶᠢᠳᠠᠭ ︽ᠲᠤᠮᠤ | ᠠᠮᠢ ᠠᠬᠤᠢ︾ ᠶᠢᠨ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠤᠨ᠎ᠠ᠃ ᠠᠯᠠᠱᠠ ᠶᠢᠨ ᠡᠨᠡᠬᠦ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠰᠠᠶᠢᠳᠤᠷ ᠰᠠᠬᠢᠨ ᠬᠠᠮᠠᠭᠠᠯᠠᠵᠤ᠂ ᠰᠠᠶᠢᠳᠤᠷ ᠪᠤᠢ ᠪᠤᠯᠭᠠᠨ᠎ᠠ᠃ | ᠰᠤᠷᠪᠤᠯᠵᠢᠯᠠᠭᠴᠢ᠄ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠵᠤ᠂ ᠬᠤᠶᠢᠰᠢᠳᠠ ᠠᠯᠠᠱᠠ ᠠᠶᠢᠮᠠᠭ | ᠶᠠᠮᠠᠷ ᠪᠤᠳᠠᠳᠠᠢ ᠠᠷᠭ᠎ᠠ ᠬᠡᠮᠵᠢᠶ᠎ᠡ ᠠᠪᠬᠤ ᠪᠤᠢ︖ ᠶᠠᠮᠠᠷ ᠶᠠᠮᠠᠷ ᠠᠵᠢᠯ ᠢ ᠭᠤᠤᠯᠳᠠᠯᠭ᠎ᠠ ᠲᠠᠢ ᠠᠳᠬᠤᠬᠤ ᠪᠤᠢ︖ | ᠪᠤᠤ ᠭᠠᠩ᠄ ᠬᠤᠶᠢᠰᠢᠳᠠ ᠠᠯᠠᠱᠠ ᠠᠶᠢᠮᠠᠭ 6 ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠪᠠᠷ ᠰᠠᠶᠢᠳᠤᠷ | ᠠᠳᠬᠤᠨ᠎ᠠ᠃ ᠨᠢᠭᠡ ᠳᠤ᠂ ᠠᠵᠤ ᠦᠢᠯᠡᠳᠪᠦᠷᠢ ᠶᠢᠨ ᠲᠦᠪᠯᠡᠷᠡᠩᠭᠦᠢ ᠬᠦᠭᠵᠢᠬᠦ ᠶᠢ ᠠᠬᠢᠭᠤᠯᠤᠨ᠎ᠠ᠃ ᠲᠠᠪᠠᠭᠤᠯᠢᠭ | ᠢᠶᠠᠨ ᠪᠠᠳᠠᠷᠠᠭᠤᠯᠬᠤ ᠬᠢᠭᠡᠳ ᠲᠤᠳᠠᠭᠤᠳᠠᠯ ᠢᠶᠠᠨ ᠨᠦᠬᠦᠪᠤᠷᠢᠯᠡᠬᠦ ᠶᠢ ᠬᠠᠮᠳᠤ ᠳᠤᠨᠢ ᠬᠢᠬᠦ᠂ ᠬᠦᠮᠦᠷᠬᠡᠯᠡᠯᠳᠡ ᠶᠢ | ᠲᠤᠬᠢᠷᠠᠭᠤᠯᠬᠤ ᠪᠤᠯᠤᠨ ᠨᠡᠮᠡᠭᠳᠡᠯᠳᠡ ᠶᠢ ᠰᠢᠯᠢᠳᠡᠭᠵᠢᠭᠦᠯᠬᠦ ᠶᠢ ᠠᠳᠠᠯᠢ ᠠᠯᠬᠤᠮ ᠢᠶᠠᠷ ᠠᠳᠬᠤᠬᠤ᠂ ᠬᠦᠷᠢᠶᠡᠯᠡᠩ | ᠲᠤᠭᠤᠷᠢᠭ ᠲᠤ ᠲᠦᠪᠯᠡᠷᠡᠭᠦᠯᠬᠦ᠂ ᠠᠵᠤ ᠦᠢᠯᠡᠰ ᠤᠨ ᠲᠡᠰ ᠲᠡᠪᠰᠢᠬᠦ᠂ ᠤᠷᠴᠢᠨ ᠲᠤᠭᠤᠷᠢᠨ ᠤ ᠬᠠᠮᠠᠭᠠᠯᠠᠯᠳᠠ | ᠪᠠᠷᠢᠮᠵᠢᠶᠠᠨ ᠳᠤ ᠬᠦᠷᠬᠦ ᠰᠡᠳᠭᠢᠮᠵᠢ ᠶᠢ ᠪᠠᠷᠢᠮᠳᠠᠯᠠᠵᠤ᠂ ᠠᠵᠤ ᠦᠢᠯᠡᠳᠪᠦᠷᠢ ᠶᠢ ᠠᠵᠤ ᠦᠢᠯᠡᠰ ᠤᠨ ᠰᠠᠭᠤᠷᠢ | ᠰᠠᠶᠢᠨ᠂ ᠤᠰᠤᠨ ᠤ ᠪᠠᠳᠤᠯᠠᠭ᠎ᠠ ᠲᠠᠢ᠂ ᠲᠤᠯᠭᠠᠭᠤᠷᠢᠯᠠᠬᠤ ᠬᠦᠮᠦᠨ ᠲᠠᠢ᠂ ᠵᠠᠮ ᠬᠠᠷᠢᠯᠴᠠᠭ᠎ᠠ ᠲᠦᠭᠦᠮ᠂ ᠰᠠᠭᠤᠷᠢ | ᠪᠡᠯᠡᠳᠬᠡᠮᠵᠢ ᠪᠦᠷᠢᠨ ᠲᠡᠭᠦᠯᠳᠡᠷ ᠬᠦᠷᠢᠶᠡᠯᠡᠩ ᠲᠤᠭᠤᠷᠢᠭ ᠲᠡᠰᠢ ᠲᠦᠪᠯᠡᠷᠡᠭᠦᠯᠬᠦ ᠶᠢ ᠵᠢᠷᠤᠮᠯᠠᠵᠤ᠂ ᠠᠵᠤ ᠦᠢᠯᠡᠰ | ᠤᠨ ᠪᠦᠳᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠬᠢᠷᠠᠭᠤᠯᠤᠯᠳᠠ ᠶᠢ ᠠᠬᠢᠭᠤᠯᠵᠤ᠂ ᠠᠵᠤ | ᠦᠢᠯᠡᠳᠪᠦᠷᠢ ᠶᠢᠨ ᠪᠤᠬᠢᠷᠳᠤᠯ ᠦᠬᠡᠢ ᠬᠦᠭᠵᠢᠯᠳᠡ᠂ ᠡᠷᠬᠢᠯᠳᠡᠳᠤ ᠬᠦᠭᠵᠢᠯᠳᠡ᠂ ᠨᠡᠭᠦᠷᠡᠰᠦᠳᠦ᠋ᠷᠦᠭᠴᠢ ᠪᠠᠭ᠎ᠠ | ᠬᠦᠭᠵᠢᠯᠳᠡ ᠶᠢ ᠪᠡᠶᠡᠯᠡᠭᠦᠯᠦᠨ᠎ᠡ᠃ ᠬᠦᠴᠦ ᠪᠠᠨ ᠲᠦᠪᠯᠡᠷᠡᠭᠦᠯᠦᠨ ᠠᠯᠠᠱᠠ ᠶᠢᠨ ᠠᠵᠤ ᠠᠬᠤᠢ ᠶᠢᠨ ᠨᠡᠭᠡᠭᠡᠯᠳᠡ ᠶᠢᠨ | ᠤᠷᠤᠨ ᠢ ᠭᠤᠤᠯ ᠡᠵᠡᠩᠨᠡᠯᠳᠡ ᠶᠢᠨ ᠤᠷᠤᠯᠭ᠎ᠠ ᠨᠢ ᠮᠢᠩᠭᠠᠨ ᠳᠦᠢᠩᠰᠢᠭᠤᠷ ᠲᠦᠭᠦᠷᠢᠭ ᠢ ᠲᠠᠪᠠᠭᠰᠠᠨ ᠪᠤᠬᠢᠷᠳᠤᠯ | ᠦᠭᠡᠢ ᠠᠮᠢ ᠠᠬᠤᠢ ᠶᠢᠨ ᠠᠵᠤ ᠦᠯᠡᠳᠪᠦᠷᠢ ᠶᠢᠨ ᠬᠦᠷᠢᠶᠡᠯᠡᠩ ᠲᠤᠭᠤᠷᠢᠭ ᠪᠤᠯᠤᠨ ᠤᠯᠤᠰ ᠤᠨ ᠴᠢᠬᠤᠯᠠ ᠪᠠᠯ | ᠴᠢᠯᠠᠭᠤᠨ ᠤ ᠠᠵᠤ ᠦᠢᠯᠡᠰ ᠤᠨ ᠰᠢᠨ᠎ᠡ ᠶᠢ ᠡᠭᠦᠳᠬᠦ ᠰᠠᠭᠤᠷᠢᠨ ᠪᠤᠯᠭᠠᠨ ᠪᠦᠳᠦᠬᠡᠨ ᠪᠠᠶᠢᠭᠤᠯᠤᠨ᠎ᠠ︔ ᠲᠡᠭᠷᠢ | ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ ᠢ ᠨᠡᠭᠦᠷᠡᠰᠦᠨ ᠤ ᠰᠢᠷᠭᠡᠭᠯᠢᠭ ᠵᠡᠷᠭᠡ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠬᠦᠷᠢᠶᠡᠯᠡᠩ ᠲᠤᠭᠤᠷᠢᠭ ᠪᠤᠯᠭᠠᠨ ᠪᠦᠳᠦᠬᠡᠨ ᠪᠠᠶᠢᠭᠤᠯᠤᠨ᠎ᠠ︔ ᠵᠢᠷᠠᠳᠠᠢ ᠶᠢ ᠦᠢᠯᠡᠳᠪᠦᠷᠢᠯᠡᠯ | ᠡᠳ᠋ᠰᠢᠭᠦᠯᠦᠯᠳᠡ ᠵᠦᠭᠡᠭᠡᠪᠦᠷᠢᠯᠡᠯᠳᠡ ᠶᠢ ᠨᠢᠭᠡ ᠴᠤᠭᠴᠠᠵᠢᠭᠤᠯᠤᠭᠰᠠᠨ ᠲᠡᠭᠡᠳᠦ ᠲᠡᠰ ᠤᠨ ᠴᠢᠯᠠᠭᠤᠨ ᠮᠠᠲ᠋ᠧᠷᠢᠶᠠᠯ ᠤᠨ | ᠠᠵᠤ ᠦᠢᠯᠡᠰ ᠤᠨ ᠬᠦᠷᠢᠶᠡᠯᠡᠩ ᠲᠤᠭᠤᠷᠢᠭ ᠪᠤᠯᠭᠠᠨ ᠪᠦᠳᠦᠬᠡᠨ ᠪᠠᠶᠢᠭᠤᠯᠤᠨ᠎ᠠ︔ ᠨᠡᠶᠢᠳᠡᠮ ᠤᠨ ᠬᠡᠷᠡᠭᠯᠡᠭᠡᠨ ᠤ | ᠠᠭᠠᠷ ᠤᠨ ᠠᠶᠠᠯᠠᠯ ᠤᠨ ᠪᠤᠯᠪᠠᠰᠤᠷᠠᠯ ᠤᠨ ᠰᠠᠭᠤᠷᠢᠨ᠂ ᠠᠭᠠᠷ ᠤᠨ ᠲᠤᠨᠤᠭ ᠲᠦᠭᠦᠭᠡᠷᠦᠮᠵᠢ ᠦᠢᠯᠡᠳᠬᠦ ᠰᠠᠭᠤᠷᠢᠨ᠂ | ᠠᠭᠠᠷ ᠤᠨ ᠠᠶᠠᠯᠠᠯ ᠤᠨ ᠨᠢᠰᠭᠡᠯ ᠤᠨ ᠰᠡᠯᠪᠢᠨ ᠵᠠᠰᠠᠬᠤ ᠦᠢᠯᠡᠴᠢᠯᠡᠭᠡᠨ ᠤ ᠰᠠᠭᠤᠷᠢᠨ ᠪᠤᠯᠤᠨ ᠲᠤᠤᠷ᠎ᠠ ᠠᠭᠠᠷ ᠢᠶᠠᠷ | ᠵᠤᠭᠠᠴᠠᠬᠤ ᠵᠢᠱᠢᠶ᠎ᠡ ᠦᠵᠡᠭᠦᠯᠬᠦ ᠰᠠᠭᠤᠷᠢᠨ ᠢᠶᠠᠷ ᠭᠤᠤᠯ ᠪᠤᠯᠭᠠᠭᠰᠠᠨ ᠠᠭᠠᠷ ᠤᠨ ᠠᠶᠠᠯᠠᠯ ᠤᠨ ᠠᠵᠤ ᠦᠢᠯᠡᠰ ᠤᠨ | ᠬᠦᠷᠢᠶᠡᠯᠡᠩ ᠲᠤᠭᠤᠷᠢᠭ ᠢ ᠪᠦᠳᠦᠬᠡᠨ ᠪᠠᠶᠢᠭᠤᠯᠤᠨ᠎ᠠ᠃ ᠡᠭᠦᠨ ᠬᠠᠮᠳᠤ ᠬᠠᠮᠤᠭ ᠤᠨ ᠴᠢᠩᠭ᠎ᠠ ᠤᠷᠴᠢᠨ ᠲᠤᠭᠤᠷᠢᠨ | ᠤ ᠬᠠᠮᠠᠭᠠᠯᠠᠯᠳᠠ ᠶᠢᠨ ᠲᠦᠷᠢᠮ ᠢ ᠬᠡᠷᠡᠭᠵᠢᠭᠦᠯᠵᠦ᠂ ᠠᠭᠤᠷᠬᠠᠢ ᠨᠡᠭᠡᠭᠡᠬᠦ ᠶᠢ ᠴᠢᠩᠭ᠎ᠠ ᠬᠢᠵᠠᠭᠠᠷᠯᠠᠵᠤ᠂ ᠠᠯᠠᠱᠠ | ᠠᠭᠤᠯᠠ ᠶᠢᠨ ᠲᠤᠳᠤᠷᠠᠬᠢ ᠠᠵᠤ ᠠᠬᠤᠶᠢᠯᠠᠯ ᠢ ᠴᠡᠪᠡᠷᠯᠡᠵᠦ ᠵᠢᠷᠤᠮᠵᠢᠭᠤᠯᠤᠨ᠂ ᠲᠤᠤᠷᠠᠢ ᠶᠢᠨ ᠤᠢ ᠲᠤᠳᠤᠷᠠᠬᠢ | ᠲᠠᠷᠢᠶᠠᠨ ᠭᠠᠵᠠᠷ ᠢ ᠴᠡᠪᠡᠷᠯᠡᠨ ᠠᠳᠠᠷᠰᠢᠭᠤᠯᠵᠤ᠂ ᠪᠤᠷᠵᠢᠨ ᠴᠢᠯᠠᠭᠤ ᠶᠢ ᠨᠡᠭᠡᠭᠡᠨ ᠬᠦᠭᠵᠢᠬᠦᠯᠬᠦ ᠶᠢ ᠴᠡᠪᠡᠷᠯᠡᠨ | ᠵᠠᠰᠠᠵᠤ ᠴᠡᠭᠴᠡᠯᠡᠨ᠎ᠡ︔ ᠤᠷᠤᠨ ᠵᠠᠢ᠂ ᠶᠡᠷᠦᠩᠬᠡᠢ ᠬᠡᠮᠵᠢᠶ᠎ᠡ᠂ ᠵᠦᠪᠰᠢᠶᠡᠷᠡᠨ ᠤᠷᠤᠭᠤᠯᠬᠤ ᠭᠤᠷᠪᠠᠨ ᠤᠯᠠᠭᠠᠨ | ᠱᠤᠭᠤᠮ ᠢ ᠴᠢᠩᠭ᠎ᠠ ᠰᠠᠬᠢᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ᠂ ᠠᠵᠤ ᠦᠢᠯᠡᠰ ᠤᠨ | ᠲᠦᠷᠦ ᠶᠢᠨ ᠪᠤᠳᠤᠯᠭ᠎ᠠ ᠲᠠᠢ ᠨᠡᠶᠢᠴᠡᠬᠦ ᠦᠭᠡᠢ ᠲᠦᠷᠦᠯ ᠵᠤᠶᠢᠯ ᠪᠤᠯᠤᠨ ᠬᠤᠴᠤᠷᠤᠩᠭᠤᠢ ᠦᠢᠯᠡᠳᠪᠦᠷᠢᠯᠡᠯ ᠤᠨ | ᠴᠢᠳᠠᠪᠤᠷᠢ ᠶᠢ ᠡᠷᠡᠰ ᠤᠷᠤᠭᠤᠯᠬᠤ ᠦᠭᠡᠢ᠃ ᠶᠠᠭᠠᠬᠢᠭᠰᠠᠨ ᠴᠦ ᠠᠮᠢ ᠠᠬᠤᠢ ᠶᠢᠨ ᠤᠷᠴᠢᠨ ᠲᠤᠭᠤᠷᠢᠨ ᠢ | ᠦᠷᠡᠭᠳᠡᠭᠦᠯᠬᠦ ᠪᠠᠷ ᠦᠨ᠎ᠡ ᠲᠦᠯᠦᠪᠦᠷᠢ ᠪᠤᠯᠭᠠᠨ ᠨᠢᠭᠡᠨ ᠴᠠᠭ ᠤᠨ ᠠᠵᠤ ᠠᠬᠤᠢ ᠶᠢᠨ ᠨᠡᠮᠡᠭᠳᠡᠯ ᠢ ᠰᠤᠯᠢᠵᠤ | ᠠᠪᠴᠢᠷᠠᠬᠤ ᠦᠭᠡᠢ᠃ ᠠᠯᠠᠱᠠ ᠶᠢᠨ ᠠᠭᠤᠯᠠ ᠨᠢᠷᠤᠭᠤᠳ ᠢ ᠦᠨᠢᠳᠡ ᠬᠦᠬᠡᠮᠳᠦᠭ᠂ ᠭᠤᠤᠯ ᠤᠰᠤ ᠶᠢ ᠦᠨᠢᠳᠡ | ᠲᠤᠩᠭᠠᠯᠠᠭ᠂ ᠠᠭᠠᠷ ᠮᠠᠨᠳᠠᠯ ᠢ ᠦᠨᠢᠳᠡ ᠰᠤᠷᠭᠤᠭ ᠪᠠᠶᠢᠯᠭᠠᠨ᠎ᠠ᠃ | ᠬᠤᠶᠠᠷ ᠲᠤ᠂ ᠲᠠᠷᠢᠶᠠᠯᠠᠩ ᠢ ᠠᠭᠰᠢᠭᠠᠵᠤ ᠬᠦᠭᠵᠢᠬᠦᠯᠬᠦ ᠶᠢ ᠠᠬᠢᠭᠤᠯᠤᠨ᠎ᠡ᠃ ᠠᠯᠠᠱᠨ ᠪᠤᠯ ᠬᠦᠡᠳᠤ | ᠰᠦᠷᠡᠭᠡᠢ ᠭᠠᠨᠭ᠌ ᠬᠠᠭᠰᠠᠷᠠᠭᠠᠨ ᠲᠠᠢ ᠤᠰᠤ ᠲᠤᠳᠠᠬᠳᠠᠬᠤ ᠤᠷᠤᠨ ᠪᠤᠯᠬᠤᠷ᠂ ᠡᠷᠭᠡᠪᠰᠢ ᠲᠠᠷᠢᠶᠠᠯᠠᠩ ᠢ ᠠᠭᠰᠢᠭᠠᠬᠤ᠂ | ᠲᠠᠷᠢᠶᠠᠯᠠᠬᠤ ᠤᠷᠤᠨ ᠢ ᠨᠡᠶᠢᠳᠭᠡᠬᠦ᠂ ᠲᠠᠷᠢᠶᠠᠴᠢᠳ ᠢ ᠲᠦᠪᠯᠡᠷᠡᠬᠦᠯᠬᠦ ᠭᠦᠭᠵᠢᠯᠳᠠ ᠶᠢᠨ ᠵᠠᠮ ᠢᠶᠠᠷ ᠵᠠᠮᠨᠠᠵᠤ᠂ | ᠲᠠᠷᠢᠶᠠᠯᠠᠬᠤ ᠪᠠᠨ ᠵᠤᠬᠰᠤᠭᠠᠨ ᠡᠪᠠᠰᠤ ᠮᠤᠳᠤ ᠲᠡᠷᠢᠬᠤ ᠶᠢ ᠭᠡᠷᠡᠭᠵᠢᠬᠦᠯᠵᠤ᠂ ᠰᠢᠨ᠎ᠡ ᠪᠠᠷ ᠠᠳᠠᠷ ᠬᠠᠭᠠᠯᠪᠤᠷᠢᠯᠠᠬᠤ ᠶᠢ | ᠴᠢᠩᠭ᠎ᠠ ᠴᠠᠭᠠᠵᠠᠯᠠᠵᠤ᠂ ᠤᠰᠤᠨ ᠤ ᠡᠬᠢ ᠪᠠᠶᠠᠯᠢᠬ ᠤᠨ ᠬᠠᠮᠢᠶᠠᠷᠤᠯᠳᠡ ᠶᠢᠨ ᠲᠦᠷᠢᠮ ᠢ ᠬᠦᠴᠤᠳᠠᠢ ᠠᠬᠢᠭᠤᠯᠵᠤ᠂ | ᠤᠰᠤᠨ ᠤ ᠭᠡᠮᠵᠢᠶ᠎ᠡ ᠪᠠᠷ ᠲᠠᠷᠢᠶᠠᠯᠠᠬᠤ ᠶᠢᠨ ᠬᠠᠮᠳᠤ ᠲᠠᠷᠢᠮᠠᠯ ᠤᠨ ᠵᠤᠶᠢᠯᠡᠰ ᠢᠶᠠᠨ ᠲᠤᠬᠳᠠᠭᠠᠵᠤ᠂ ᠲᠠᠷᠢᠮᠠᠯ ᠤᠨ | ᠪᠦᠳᠦᠴᠨ ᠪᠠᠨ ᠢᠳᠡᠪᠬᠢᠳᠡᠢ ᠵᠤᠬᠢᠴᠠᠭᠤᠯᠵᠤ᠂ ᠦᠡᠳᠤᠷ ᠦᠷ᠎ᠡ ᠠᠰᠢᠬᠳᠤ ᠠᠷᠪᠢᠳᠠᠢ ᠤᠰᠤᠯᠠᠯᠳᠠ ᠶᠢᠨ | ᠤᠠᠴᠠᠯᠢᠬᠳᠤ ᠲᠠᠷᠢᠶᠠᠯᠠᠩ ᠢ ᠶᠡᠭᠡᠪᠡᠷ ᠬᠦᠭᠵᠢᠬᠦᠯᠤᠨ᠂ ᠪᠤᠬᠢᠷᠳᠤᠯ ᠦᠭᠡᠢ ᠤᠷᠭᠠᠨᠢᠬ ᠲᠠᠷᠢᠶᠠᠯᠠᠩ ᠤᠨ | ᠪᠦᠳᠦᠭᠡᠭᠳᠡᠬᠦᠨ ᠢ ᠡᠳ᠋ᠰᠢᠬᠦᠯᠬᠦ ᠠᠵᠤ ᠦᠢᠯᠡᠰ ᠤᠨ ᠬᠦᠷᠢᠶᠡᠯᠠᠩ ᠢ ᠪᠦᠳᠦᠬᠡᠨ ᠪᠠᠶᠢᠭᠤᠯᠬᠤ ᠶᠢ ᠠᠬᠢᠭᠤᠯᠵᠤ᠂ ᠪᠦᠬᠦ | ᠠᠶᠢᠮᠠᠬ ᠤᠨ ᠲᠠᠷᠢᠮᠠᠯ ᠤᠨ ᠲᠠᠯᠠᠪᠠᠢ ᠶᠢ 30 ᠲᠦᠮᠡᠨ ᠮᠦ ᠶᠢᠨ ᠲᠤᠳᠤᠷ᠎ᠡ ᠬᠢᠵᠠᠭᠠᠷᠯᠠᠨ᠎ᠡ᠃ ᠦᠵᠡᠰᠬᠦᠯᠡᠩᠳᠤ | ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠬᠤ ᠲᠠᠢ ᠤᠶᠠᠯᠳᠤᠭᠤᠯᠤᠨ ᠮᠠᠯᠵᠢᠬᠤ ᠲᠠᠷᠢᠶᠠᠯᠠᠬᠤ ᠤᠷᠤᠨ ᠤ | ᠪᠦᠳᠦᠴᠨ ᠶᠢᠨ ᠪᠠᠶᠢᠷᠢᠰᠢᠭᠤᠯᠤᠯᠳᠡ ᠶᠢ ᠰᠢᠯᠢᠳᠡᠭᠵᠢᠬᠦᠯᠵᠤ᠂ ᠲᠠᠷᠢᠶᠠᠴᠢᠳ ᠤᠨ ᠬᠤᠳᠡ ᠳᠤ ᠤᠷᠤᠬᠤ᠂ ᠰᠢᠶᠠᠩ | ᠪᠠᠯᠭᠠᠰᠤ ᠪᠡ ᠬᠦᠮᠤᠨ ᠠᠮᠨ ᠲᠦᠪᠯᠡᠷᠡᠭᠰᠡᠨ ᠵᠠᠰᠠᠬ ᠵᠠᠬᠢᠷᠭᠠᠨ ᠤ ᠲᠤᠰᠬᠤᠨ ᠵᠦᠭ ᠰᠢᠯᠵᠢᠬᠦ ᠶᠢ ᠡᠮᠬᠢ ᠵᠢᠷᠤᠮ ᠲᠠᠢ | ᠵᠢᠯᠤᠭᠤᠳᠴᠦ᠂ ᠪᠦᠬᠦ ᠠᠶᠢᠮᠠᠬ ᠤᠨ ᠵᠠᠰᠠᠬ ᠵᠠᠬᠢᠷᠭᠠᠨ ᠤ ᠲᠤᠰᠬᠤᠨ ᠢ 198 ᠠᠴᠠ 170 ᠪᠤᠯᠭᠠᠨ ᠴᠤᠮᠬᠠᠳᠬᠠᠵᠤ | ᠂ ᠪᠠᠶᠢᠭᠠᠯᠢᠯᠢᠬ ᠲᠤᠰᠬᠤᠨ ᠢ 209 ᠪᠠᠶᠢᠬᠰᠠᠨ ᠠᠴᠠ 29 ᠪᠤᠯᠭᠠᠨ ᠴᠤᠮᠬᠠᠳᠬᠠᠨ᠎ᠠ᠃ | ᠭᠤᠷᠪᠡ ᠳᠤ᠂ ᠮᠠᠯ ᠠᠵᠤ ᠠᠬᠤᠢ ᠶᠢ ᠲᠤᠬᠢᠷᠠᠮᠵᠢᠳᠠᠢ ᠪᠠᠷ ᠬᠦᠭᠵᠢᠬᠦᠯᠬᠦ ᠶᠢ ᠠᠬᠢᠭᠤᠯᠤᠨ᠎ᠡ᠃ ᠮᠠᠯ ᠠᠵᠤ | ᠠᠬᠤᠢ ᠶᠢ ᠲᠤᠬᠢᠷᠠᠮᠵᠢᠳᠠᠢ ᠪᠠᠷ ᠬᠦᠭᠵᠢᠬᠦᠯᠬᠦ ᠨᠢ ᠨᠤᠳᠤᠬ ᠤᠰᠤ ᠬᠢᠯᠢ ᠬᠢᠵᠠᠭᠠᠷ ᠢᠶᠠᠨ ᠬᠠᠮᠠᠭᠠᠯᠠᠬᠤ᠂ ᠰᠢᠯᠢᠳᠡᠭ ᠮᠠᠯ | ᠤᠨ ᠡᠬᠦᠯᠳᠡᠷ ᠢ ᠬᠠᠮᠠᠭᠠᠯᠠᠬᠤ ᠪᠤᠰᠤᠳᠴᠢ ᠱᠠᠭᠠᠷᠳᠠᠯᠭ᠎ᠠ ᠲᠠᠢ ᠨᠠᠶᠢᠴᠠᠬᠦ ᠪᠠᠷ ᠪᠠᠷᠠᠬᠤ ᠦᠭᠡᠢ ᠦᠡᠳᠤᠰᠤᠳᠠᠨ ᠤ | ᠦᠷᠬᠦᠯᠵᠢᠯᠡᠨ ᠬᠦᠭᠵᠢᠬᠦ᠂ ᠠᠯᠠᠱᠨ ᠶᠢᠨ ᠤᠠᠴᠠᠯᠢᠬ ᠢ ᠤᠷᠳᠤ ᠤᠳᠠᠭᠠᠨ ᠬᠤᠭᠤᠴᠠᠭ᠎ᠠ ᠪᠠᠷ ᠬᠠᠳᠠᠭᠠᠯᠠᠬᠤ | ᠭᠡᠷᠡᠭᠴᠡᠭᠡ ᠶᠢ ᠪᠠᠷᠢᠮᠳᠠᠯᠠᠵᠤ ᠪᠠᠶᠢᠭ᠎ᠠ ᠶᠠᠪᠤᠳᠠᠯ ᠮᠦᠨ᠃ ᠬᠡᠪᠡᠴᠦ ᠰᠤᠬᠤᠷ ᠪᠠᠯᠠᠢ ᠪᠠᠷ ᠬᠦᠭᠵᠢᠬᠦᠯᠬᠦ᠂ ᠡᠮᠬᠢ | ᠵᠠᠮᠪᠠᠷᠠᠭ᠎ᠠ ᠦᠭᠡᠢ ᠪᠠᠷ ᠦᠷᠭᠡᠳᠭᠡᠬᠦ ᠠᠴᠠ ᠬᠢᠴᠢᠶᠡᠨ᠎ᠡ᠃ ᠡᠷᠭᠡᠪᠰᠢ ᠠᠮᠢ ᠠᠬᠤᠢ ᠤᠷᠴᠢᠨ ᠲᠤᠭᠤᠷᠢᠨ ᠢ | ᠬᠠᠮᠠᠭᠠᠯᠠᠬᠤ᠂ ᠦᠵᠡᠰᠬᠦᠯᠡᠩᠳᠤ ᠰᠠᠶᠢᠬᠠᠨ ᠭᠡᠷ ᠤᠷᠤᠨ ᠢ ᠪᠦᠳᠦᠬᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ | ᠦᠡᠳᠤᠷᠴᠨ ᠳᠤ ᠵᠤᠬᠰᠤᠵᠤ᠂ ᠮᠠᠯ ᠠᠵᠤ ᠠᠬᠤᠢ ᠶᠢ ᠲᠤᠬᠢᠷᠠᠮᠵᠢᠳᠡᠢ ᠬᠦᠭᠵᠢᠬᠦᠯᠬᠦ᠂ ᠮᠠᠯᠵᠢᠬᠤ ᠤᠷᠤᠨ ᠤ | ᠵᠤᠬᠢᠰᠳᠠᠢ ᠪᠠᠶᠢᠷᠢᠰᠢᠯ᠂ ᠮᠠᠯᠴᠢᠳ ᠤᠨ ᠮᠠᠯ ᠠᠵᠤ ᠠᠬᠤᠢ ᠪᠠᠨ ᠬᠦᠭᠵᠢᠬᠦᠯᠤᠨ ᠬᠢᠯᠢ ᠬᠢᠵᠠᠭᠠᠷ ᠢᠶᠠᠨ ᠰᠠᠬᠢᠨ | ᠬᠠᠮᠠᠭᠠᠯᠠᠬᠤ ᠰᠡᠳᠬᠢᠴᠨ ᠶᠤᠰᠤᠭᠠᠷ ᠪᠡᠯᠴᠢᠭᠡᠷᠯᠡᠬᠦᠯᠬᠦ ᠶᠢ ᠵᠤᠭᠰᠤᠭᠠᠨ ᠰᠡᠯᠬᠦᠨ ᠮᠠᠯᠵᠢᠬᠤ᠂ ᠪᠡᠯᠴᠢᠭᠡᠷ ᠢ ᠰᠡᠷᠬᠦᠬᠡᠬᠦ | ᠪᠡ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠯᠠᠱᠨ ᠶᠢᠨ ᠬᠤᠤᠰ | ᠪᠦᠬᠦᠳᠤ ᠲᠡᠮᠡᠭᠡ᠂ ᠨᠤᠯᠤᠤᠷ ᠤᠨ ᠴᠠᠭᠠᠨ ᠢᠮᠠᠭ᠎ᠠ ᠵᠡᠷᠭᠡ ᠰᠢᠯᠢᠳᠡᠭ ᠡᠬᠦᠯᠳᠡᠷ ᠢ ᠬᠠᠮᠠᠭᠠᠯᠠᠬᠤ ᠶᠢ ᠴᠢᠩᠭᠠᠳᠬᠠᠵᠤ᠂ | ᠲᠡᠮᠡᠭᠡᠨ ᠤ ᠠᠵᠤ ᠦᠢᠯᠡᠰ ᠵᠢᠴᠢ ᠮᠢᠬ᠎ᠠ ᠨᠤᠯᠤᠤᠷ ᠰᠦ ᠵᠡᠷᠭᠡ ᠮᠠᠯ ᠤᠨ ᠠᠰᠢᠬ ᠰᠢᠮ᠎ᠡ ᠶᠢ ᠡᠳ᠋ᠰᠢᠬᠦᠯᠬᠦ ᠦᠢᠯᠡᠰ ᠢ | ᠨᠠᠷᠢᠯᠢᠬᠵᠢᠭᠤᠯᠬᠤ᠂ ᠲᠡᠬᠡᠳᠤ ᠲᠦᠪᠰᠢᠨ ᠢᠶᠠᠷ ᠬᠦᠭᠵᠢᠬᠦᠯᠬᠦ ᠶᠢ ᠠᠬᠢᠭᠤᠯᠵᠤ᠂ ᠪᠦᠬᠦ ᠤᠯᠤᠰ ᠲᠤ ᠠᠩᠬᠠᠳᠠᠬᠴᠢ | ᠲᠡᠮᠡᠭᠡᠨ ᠤ ᠠᠵᠤ ᠦᠢᠯᠡᠰ ᠤᠨ ᠰᠢᠠᠵᠢᠯᠡᠬᠦ ᠤᠬᠠᠭᠠᠨ ᠮᠡᠷᠭᠡᠵᠢᠯ ᠤᠨ ᠬᠦᠷᠢᠶᠠᠯᠡᠩ ᠤᠨ ᠡᠳ᠋ᠰᠢᠬᠦᠯᠬᠦ ᠦᠢᠯᠡᠳᠪᠤᠷᠢᠯᠡᠯ | ᠤᠨ ᠱᠤᠭᠤᠮ ᠢ ᠪᠡᠯᠨ ᠤᠷᠤᠭᠤᠯᠤᠨ ᠲᠤᠷᠰᠢᠨ ᠦᠢᠯᠡᠳᠪᠤᠷᠢᠯᠡᠵᠤ᠂ ᠮᠸᠡᠭ ᠷᠦᠡᠭ ᠨᠤᠯᠤᠤᠷ ᠤᠨ ᠢᠮᠠᠭ᠎ᠠ ᠶᠢᠨ | ᠠᠵᠤ ᠦᠢᠯᠡᠰ ᠤᠨ ᠰᠤᠳᠤᠯᠭᠠᠨ ᠤ ᠬᠦᠷᠢᠶᠡᠯᠠᠩ ᠢ ᠡᠬᠢᠯᠡᠵᠤ ᠪᠦᠳᠦᠬᠡᠨ ᠪᠠᠶᠢᠭᠤᠯᠤᠨ᠎ᠡ᠃ ᠨᠤᠳᠤᠬ ᠤᠰᠤ ᠬᠢᠯᠢ | ᠬᠢᠵᠠᠭᠠᠷ ᠢᠶᠠᠨ ᠰᠠᠬᠢᠨ ᠬᠠᠮᠠᠭᠠᠯᠠᠵᠤ ᠪᠠᠶᠢᠭ᠎ᠠ ᠮᠠᠯᠴᠢᠳ ᠢ ᠭᠡᠷ ᠤᠷᠤᠨ ᠠᠴᠠ ᠨᠢ ᠨᠡᠬᠦᠯᠬᠡᠬᠦ ᠪᠢᠰᠢ᠂ ᠬᠠᠷᠢᠨ ᠲᠡᠭᠡᠳᠤ | ᠲᠡᠰ ᠤᠨ ᠪᠠᠷᠢᠮᠵᠢᠶ᠎ᠡ ᠪᠠᠷ ᠲᠠᠳᠡᠨᠠᠷ ᠤᠨ ᠭᠡᠷ ᠤᠷᠤᠨ ᠢ ᠰᠠᠶᠢᠬᠠᠨ ᠪᠠᠶᠢᠭᠤᠯᠤᠨ ᠦᠭᠴᠤ᠂ ᠲᠡᠳᠡᠨ ᠤ ᠤᠷᠤᠨ | ᠰᠠᠭᠤᠴᠡ ᠶᠢ ᠪᠦᠷ ᠴᠢᠨᠠᠷ ᠰᠠᠶᠢᠳᠠᠢ ᠪᠠᠶᠢᠭᠤᠯᠵᠤ ᠥᠭᠭᠦᠨ᠎ᠡ᠃ | ᠲᠦᠷᠪᠡ ᠳᠤ᠂ ᠬᠤᠳᠡ ᠬᠦᠳᠡᠭᠡ ᠶᠢ ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠤᠨ᠎ᠡ᠃ ᠠᠯᠠᠱᠨ ᠶᠢᠨ | ᠬᠤᠳᠡ ᠬᠦᠳᠡᠭᠡ ᠶᠢᠨ ᠪᠠᠶᠢᠷᠢᠰᠢᠯ ᠲᠠᠷᠬᠠᠢ ᠪᠤᠳᠠᠷᠬᠠᠢ᠂ ᠬᠤᠶᠠᠷ ᠡᠰᠢᠳᠤ ᠪᠦᠳᠦᠴᠨ ᠲᠤᠪᠤᠶᠢᠮ᠎ᠠ ᠪᠠᠶᠢᠭ᠎ᠠ ᠪᠤᠳᠠᠳᠤ | ᠪᠠᠶᠢᠳᠠᠯ ᠳᠤ ᠵᠤᠬᠢᠴᠠᠭᠤᠯᠤᠨ ᠲᠡᠯᠡᠭᠡᠢ ᠶᠢᠨ ᠵᠢᠭᠤᠯᠴᠢᠯᠠᠯ ᠤᠨ ᠬᠠᠷᠠᠯᠳᠠᠳᠤ ᠤᠷᠤᠨ ᠪᠤᠯᠭᠠᠨ ᠪᠦᠳᠦᠬᠡᠨ ᠪᠠᠶᠢᠭᠤᠯᠬᠤ | ᠲᠤᠭᠤᠷᠢᠨ ᠳᠤ᠂ ᠬᠤᠳᠡ ᠬᠦᠳᠡᠭᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠤ᠂ ᠬᠤᠳᠡ | ᠬᠦᠳᠡᠭᠡ ᠶᠢᠨ ᠨᠢᠭᠡ ᠴᠤᠬᠴᠠᠵᠢᠭᠤᠯᠤᠯᠳᠡ ᠶᠢ ᠲᠦᠷᠭᠡᠳᠭᠡᠵᠤ᠂ ᠰᠡᠯᠡᠬᠦᠨ ᠲᠠᠭᠠᠯᠠᠮᠵᠢᠳᠡᠢ ᠵᠤᠭᠠᠴᠠᠬᠤ ᠳᠤ | ᠵᠤᠬᠢᠴᠠᠬᠰᠠᠨ ᠮᠦᠷᠳᠡᠬᠡᠨ ᠠᠵᠢᠯ ᠦᠢᠯᠡᠰ ᠢᠶᠠᠨ ᠬᠦᠭᠵᠢᠬᠦᠯᠬᠦ ᠳᠤ ᠲᠤᠬᠢᠷᠠᠮᠵᠢᠳᠡᠢ ᠬᠤᠳᠡ ᠬᠦᠳᠡᠭᠡ ᠶᠢᠨ ᠪᠠᠶᠢᠷᠢᠰᠢᠯ | ᠢ ᠪᠦᠷᠢᠯᠳᠦᠬᠦᠯᠦᠨ᠎ᠡ᠃ ᠪᠠᠶᠠᠠᠬᠤᠳᠡ ᠶᠢ ᠡᠷᠬᠢᠮᠰᠦᠭ ᠭᠤᠶᠤ᠂ ᠤᠷᠤᠰᠢᠨ ᠰᠠᠭᠤᠬᠤ ᠳᠤ ᠲᠠᠭᠠᠯᠠᠮᠵᠢᠳᠠᠢ᠂ | ᠲᠤᠰᠬᠠᠶᠢᠵᠢᠬᠰᠠᠨ ᠤᠠᠴᠠᠯᠢᠬ ᠲᠠᠢ ᠲᠡᠯᠡᠭᠡᠢ ᠶᠢᠨ ᠵᠢᠭᠤᠯᠴᠢᠯᠠᠯ ᠤᠨ ᠬᠠᠷᠠᠯᠳᠠᠳᠤ ᠬᠤᠳᠡ ᠪᠤᠯᠭᠠᠨ ᠪᠦᠳᠦᠬᠡᠨ | ᠪᠠᠶᠢᠭᠤᠯᠬᠤ ᠲᠤᠭᠤᠷᠢᠨ ᠳᠤ᠂ ᠨᠢᠳᠤᠨᠤᠨ ᠤ ᠬᠤᠶᠠᠷ ᠵᠤᠷᠪᠤᠰ ᠲᠤᠮᠤ ᠵᠡᠭᠡᠯᠢ ᠶᠢᠨ ᠦᠵᠡᠮᠵᠢ ᠶᠢ ᠦᠭᠡᠷᠡᠴᠢᠯᠡᠨ | ᠰᠠᠶᠢᠵᠢᠷᠠᠭᠤᠯᠵᠤ ᠲᠡᠰ ᠲᠡᠪᠰᠢᠬᠦᠯᠬᠦ ᠢᠡᠵᠧᠨᠧᠷᠢᠩ᠂ 8 ᠵᠤᠷᠪᠤᠰ ᠪᠤᠭᠤᠨᠢ ᠵᠠᠮ ᠢ ᠨᠡᠪᠳᠡᠷᠡᠬᠦᠯᠬᠦ ᠵᠡᠷᠭᠡ ᠲᠦᠷᠦᠯ | ᠵᠦᠢᠯ ᠤᠨ ᠰᠠᠭᠤᠷᠢᠨ ᠲᠡᠭᠡᠷ᠎ᠡ ᠬᠤᠳᠡ ᠶᠢᠨ ᠵᠠᠬ᠎ᠠ ᠶᠢᠨ 6 ᠲᠦᠮᠨᠨ ᠮᠦ ᠲᠠᠯ᠎ᠡ ᠨᠤᠳᠤᠬ᠂ 6000 ᠮᠦ ᠶᠢᠨ | ᠤᠪᠤᠭ᠎ᠠ ᠤᠷᠤᠬ ᠬᠤᠷᠢᠮ ᠤᠨ ᠴᠡᠴᠡᠷᠯᠢᠭ᠂ 6000 ᠮᠦ ᠶᠢᠨ ᠪᠤᠷᠤ ᠭᠤᠤᠯᠳᠤ ᠶᠢᠨ ᠠᠮᠢ ᠠᠬᠤᠢ ᠶᠢᠨ | ᠬᠦᠷᠢᠶᠡᠯᠠᠩ᠂ 6000 ᠮᠦ ᠶᠢᠨ ᠶᠢᠩ ᠫᠡᠨ ᠱᠠᠨ ᠬᠤᠳᠡ ᠶᠢᠨ ᠴᠡᠴᠡᠷᠯᠢᠭ᠂ 6000 ᠮᠦ ᠶᠢᠨ ᠨᠠᠨ ᠲᠢᠶᠠᠨ | ᠨᠤᠭᠤ ᠭᠠᠵᠠᠷ ᠤᠨ ᠴᠡᠴᠡᠷᠯᠢᠭ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢ ᠲᠦᠷᠭᠡᠳᠭᠡᠵᠤ᠂ ᠠᠭᠤᠷ | ᠠᠮᠢᠰᠬᠤᠯ ᠴᠡᠪᠠᠷ ᠲᠤᠩᠭᠠᠯᠠᠬ᠂ ᠬᠠᠷᠠᠭᠠᠨ ᠰᠠᠷᠠᠯ ᠢᠯᠭᠤᠮ᠂ ᠰᠠᠨᠠᠭ᠎ᠠ ᠰᠡᠳᠬᠢᠯ ᠲᠠᠶᠢᠪᠤᠩ᠂ ᠦᠡᠳᠤᠰᠤᠳᠠᠨ ᠤ | ᠵᠠᠩ ᠵᠠᠩᠰᠢᠯ ᠦᠳᠭᠡᠨ ᠵᠤᠵᠠᠭᠠᠨ ᠪᠠᠶᠢᠬᠤ ᠪᠠᠷ ᠪᠠᠶᠠᠠᠬᠤᠳᠡ ᠶᠢᠨ ᠭᠤᠶᠤ ᠦᠵᠡᠮᠵᠢ ᠶᠢᠨ ᠨᠡᠷ᠎ᠡ ᠶᠢᠨ ᠬᠠᠭᠤᠳᠠᠰᠤ | ᠪᠤᠯᠭᠠᠬᠤ ᠪᠠᠷ ᠪᠤᠢ᠃ ᠪᠤᠰᠤᠳ ᠬᠤᠳᠡ ᠪᠠᠯᠭᠠᠰᠤ ᠶᠢᠨ ᠲᠡᠤᠭᠡ ᠶᠢᠨ ᠲᠤᠳᠤᠭᠠᠳᠤ ᠠᠭᠤᠯᠬᠤᠨ᠂ ᠰᠤᠶᠤᠯ ᠤᠨ | ᠤᠤᠷ ᠴᠢᠨᠠᠷ ᠪᠡ ᠡᠳᠡᠭᠡᠳ ᠤᠠᠴᠠᠯᠢᠬ ᠢ ᠢᠯᠡᠷᠡᠬᠦᠯᠵᠤ᠂ ᠨᠢᠭᠡ ᠪᠦᠯᠦᠭ ᠰᠤᠶᠤᠯ ᠵᠢᠭᠤᠯᠴᠢᠯᠠᠯ ᠤᠨ ᠬᠡᠯᠪᠡᠷᠢ ᠶᠢᠨ᠂ | ᠦᠢᠯᠡᠳᠪᠤᠷᠢᠯᠡᠨ ᠡᠳ᠋ᠰᠢᠬᠦᠯᠬᠦ ᠬᠡᠯᠪᠡᠷᠢ ᠶᠢᠨ᠂ ᠠᠷᠠᠯᠵᠢᠶ᠎ᠡ ᠬᠤᠳᠠᠯᠳᠤᠭ᠎ᠠ ᠰᠤᠯᠢᠯᠴᠠᠭ᠎ᠠ ᠶᠢᠨ ᠬᠡᠯᠪᠡᠷᠢ ᠶᠢᠨ᠂ | ᠨᠡᠬᠡᠬᠡᠯᠳᠠᠳᠤ ᠬᠡᠯᠪᠡᠷᠢ ᠶᠢᠨ ᠤᠨᠴᠠᠯᠢᠬᠳᠤ ᠪᠠᠯᠭᠠᠰᠤ ᠶᠢ ᠪᠦᠳᠦᠭᠡᠨ ᠪᠠᠶᠢᠭᠤᠯᠤᠨ᠎ᠡ᠃ ᠦᠵᠡᠰᠭᠦᠯᠡᠩᠳᠤ ᠰᠠᠶᠢᠬᠠᠨ ᠭᠡᠷ | ᠤᠷᠤᠨ ᠢ ᠪᠦᠳᠤᠬᠡᠨ ᠪᠠᠶᠢᠭᠤᠯᠬᠤ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠢᠨᠵᠧᠨᠧᠷᠢᠩ ᠲᠠᠢ | ᠤᠶᠠᠯᠳᠤᠭᠤᠯᠵᠤ᠂ ᠭᠠᠵᠠᠷ ᠤᠷᠤᠨ ᠤ ᠪᠤᠳᠠᠳᠤ ᠪᠠᠶᠢᠳᠠᠯ ᠳᠠᠭᠠᠨ ᠵᠤᠬᠢᠴᠠᠭᠤᠯᠤᠨ ᠬᠦᠮᠤᠨ ᠠᠮᠠ ᠲᠦᠪᠯᠡᠷᠡᠭᠰᠡᠨ | ᠵᠠᠰᠠᠭ ᠵᠠᠬᠢᠷᠭᠠᠨ ᠤ ᠳᠤᠰᠬᠤᠨ ᠢ ᠪᠦᠭᠦᠶᠢᠯᠡ ᠤᠷᠤᠨ ᠪᠦᠰᠡ ᠪᠠᠷ ᠨᠢ ᠵᠢᠭᠤᠯᠴᠢᠯᠠᠯ ᠤᠨ ᠦᠢᠯᠡᠴᠢᠯᠡᠬᠡᠨ ᠤ | ᠦᠨᠳᠤᠰᠤᠨ ᠦᠷᠳᠡᠭᠡ ᠪᠤᠯᠭᠠᠨ ᠪᠦᠳᠦᠬᠡᠨ ᠪᠠᠶᠢᠭᠤᠯᠵᠤ᠂ ︽ᠮᠠᠩᠬᠠᠨ ᠠᠶᠢᠯ︾᠂ ︽ᠳᠤᠤᠷᠡᠢ ᠶᠢᠨ ᠠᠶᠢᠯ︾᠂ ︽ | ᠠᠯᠠᠱᠠ ᠠᠶᠢᠯ︾᠂ ︽ᠬᠠᠳᠤᠨ ᠭᠤᠤᠯ ᠤᠨ ᠵᠢᠭᠠᠰᠤᠨ ᠳᠤᠰᠬᠤᠨ︾ ᠵᠡᠷᠬᠡ ᠶᠢᠨ ᠠᠵᠤ ᠦᠢᠯᠡᠰᠵᠢᠭᠰᠡᠨ | ᠬᠡᠯᠪᠡᠷᠢ ᠪᠠᠷ ᠬᠦᠭᠵᠢᠨ ᠪᠤᠵᠡᠭᠠᠶᠢᠷᠠᠬᠤ ᠶᠢ ᠨᠢ ᠳᠠᠮᠵᠢᠵᠤ᠂ ᠬᠦᠳᠡᠭᠡ ᠳᠤᠰᠬᠤᠨ ᠤ ᠵᠢᠭᠤᠯᠴᠢᠯᠠᠯ ᠢᠶᠠᠷ ᠳᠠᠮᠵᠢᠨ ᠨᠠᠩ | ᠤᠯᠠᠨ ᠮᠠᠯᠴᠢᠨ ᠳᠠᠷᠢᠶᠠᠴᠢᠨ ᠳᠤ ᠠᠰᠢᠬ ᠬᠦᠷᠳᠡᠬᠡᠨ᠎ᠠ᠃ | ᠳᠠᠪᠤ ᠳᠤ᠂ ᠡᠯᠡᠰᠤᠨ ᠤ ᠠᠵᠤ ᠦᠢᠯᠡᠰ ᠤᠨ ᠬᠡᠪᠴᠢᠶᠠᠵᠢᠭᠰᠡᠨ ᠬᠦᠭᠵᠢᠯᠳᠠ ᠶᠢ ᠠᠬᠢᠭᠤᠯᠤᠨ᠎ᠠ᠃ ᠠᠯᠠᠱᠠ | ᠶᠢᠨ ᠴᠠᠭᠠᠨ ᠭᠤᠶᠤᠤ᠂ ᠤᠯᠠᠭᠠᠨ ᠭᠤᠶᠤᠤ ᠵᠡᠷᠬᠡ ᠰᠢᠯᠢᠳᠡᠭ ᠪᠠᠶᠠᠯᠢᠭ ᠡᠯᠡᠰᠤᠨ ᠤᠷᠭᠤᠮᠠᠯ ᠤᠨ ᠡᠬᠢ ᠪᠠᠶᠠᠯᠢᠬ ᠤᠨ | ᠳᠠᠪᠠᠭᠤᠯᠢᠬ ᠢ ᠪᠠᠳᠠᠷᠠᠭᠤᠯᠵᠤ᠂ ᠤᠯᠤᠰ ᠤᠨ ᠴᠢᠬᠤᠯᠠ ᠡᠯᠡᠰᠤᠨ ᠤ ᠠᠵᠤ ᠦᠢᠯᠡᠰ ᠤᠨ ᠵᠢᠱᠢᠶ᠎ᠠ ᠦᠵᠡᠬᠦᠯᠬᠦ | ᠰᠠᠭᠤᠷᠢᠨ ᠢ ᠪᠦᠳᠤᠬᠡᠨ ᠪᠠᠶᠢᠭᠤᠯᠬᠤ ᠳᠤᠭᠤᠷᠢᠨ ᠳᠤ ᠬᠡᠪᠴᠢᠶᠠᠵᠢᠬᠦᠯᠤᠨ ᠬᠦᠭᠵᠢᠬᠦᠯᠬᠦ᠂ ᠲᠠᠭᠠᠭᠤᠯᠤᠭᠴᠢ ᠶᠢ | ᠳᠠᠶᠢᠴᠢᠯᠠᠬᠤ᠂ ᠰᠢᠨᠵᠢᠯᠡᠬᠦ ᠤᠬᠠᠭᠠᠨ ᠮᠡᠷᠬᠡᠵᠢᠯ ᠢ ᠲᠦᠰᠢᠬᠦ ᠰᠡᠳᠬᠢᠴᠠ ᠪᠠᠷ ︽ᠲᠠᠭᠠᠭᠤᠯᠤᠭᠴᠢ ᠠᠵᠤ ᠠᠬᠤᠶᠢᠯᠠᠯ | + ᠳᠠᠷᠢᠮᠠᠯ ᠤᠨ ᠰᠠᠭᠤᠷᠢᠨ + ᠰᠢᠨᠵᠢᠯᠡᠬᠦ ᠤᠬᠠᠭᠠᠨ ᠮᠠᠷᠬᠡᠵᠢᠯ ᠤᠨ ᠨᠡᠪᠴᠢᠬᠦᠯᠦᠬᠦᠷ + ᠮᠠᠯᠵᠢᠬᠤ ᠳᠠᠷᠢᠶᠠᠯᠠᠬᠤ | ᠡᠷᠤᠬᠡ︾ ᠶᠢᠨ ᠬᠦᠭᠵᠢᠯᠳᠠ ᠶᠢᠨ ᠵᠠᠬᠪᠤᠷ ᠢ ᠪᠤᠶᠢᠷᠢᠯᠳᠤᠬᠦᠯᠵᠤ᠂ ᠠᠵᠤ ᠦᠢᠯᠠᠰ ᠠᠮᠢ ᠠᠬᠤᠶᠢᠵᠢᠭᠰᠠᠨ᠂ ᠠᠮᠢ | ᠠᠬᠤᠢ ᠠᠵᠤ ᠦᠢᠯᠡᠰᠵᠢᠭᠰᠡᠨ ᠬᠦᠭᠵᠢᠯᠳᠠ ᠶᠢ ᠠᠬᠢᠭᠤᠯᠵᠤ᠂ ᠤᠯᠠᠭᠠᠨᠪᠤᠬ᠎ᠠ ᠪᠤᠯᠤᠨ ᠠᠮᠢ ᠠᠬᠤᠢ ᠶᠢᠨ ᠡᠯᠡᠰᠤᠨ ᠤ | ᠠᠵᠤ ᠦᠢᠯᠡᠰ ᠤᠨ ᠲᠠᠬᠡᠳᠤ ᠰᠢᠨ᠎ᠠ ᠮᠡᠷᠬᠡᠵᠢᠯ ᠤᠨ ᠠᠵᠤ ᠦᠢᠯᠡᠰ ᠤᠨ ᠨᠡᠬᠡᠬᠡᠯᠳᠠ ᠶᠢᠨ ᠳᠤᠭᠤᠷᠢᠭ ᠢ ᠬᠦᠴᠤᠯᠠᠨ | ᠪᠦᠳᠦᠬᠡᠨ ᠪᠠᠶᠢᠭᠤᠯᠬᠤ ᠮᠦᠷᠳᠡᠬᠡᠨ ᠠᠯᠠᠱᠠ ᠶᠢᠨ ᠡᠯᠡᠰᠤᠨ ᠤ ᠠᠵᠤ ᠦᠢᠯᠡᠰ ᠤᠨ ᠬᠦᠭᠵᠢᠯᠳᠡ ᠶᠢᠨ ᠡᠷᠡᠬᠦᠯ | ᠰᠠᠷᠠᠭᠤᠯ ᠰᠢᠨᠵᠢᠯᠡᠬᠦ ᠤᠬᠠᠭᠠᠨ ᠮᠡᠷᠬᠡᠵᠢᠯ ᠤᠨ ᠬᠦᠷᠢᠶᠠᠯᠠᠩ ᠪᠤᠯᠭᠠᠨ ᠪᠦᠳᠦᠬᠡᠨ ᠪᠠᠶᠢᠭᠤᠯᠵᠤ᠂ ᠦᠢᠯᠡᠳᠪᠤᠷᠢᠯᠡᠯ | ᠵᠢᠭᠠᠨ ᠰᠤᠷᠭᠠᠯᠳᠠ ᠪᠠ ᠰᠤᠳᠤᠯᠭᠠᠨ ᠢ ᠢᠵᠢ ᠲᠦᠭᠦᠷᠵᠢᠭᠦᠯᠦᠨ ᠬᠡᠯᠬᠢᠶᠠᠵᠢᠬᠦᠯᠦᠭᠰᠡᠨ ᠡᠯᠡᠰᠤᠨ ᠤ ᠠᠵᠤ ᠦᠢᠯᠡᠰ | ᠤᠨ ᠬᠦᠷᠢᠶᠠᠯᠠᠩ ᠳᠤᠭᠤᠷᠢᠭ ᠢ ᠪᠤᠢ ᠪᠤᠯᠭᠠᠨ᠎ᠡ᠃ ᠤᠳᠤᠬᠠᠨ ᠳᠤ ᠪᠦᠬᠦ ᠠᠶᠢᠮᠠᠭ ᠤᠨ ᠳᠠᠷᠢᠭᠰᠠᠨ ᠵᠠᠭ ᠤᠨ ᠤᠢ | ᠶᠢᠨ ᠳᠠᠯᠠᠪᠠᠢ 270 ᠲᠦᠮᠠᠨ ᠮᠤ᠋ ᠳᠤ ᠬᠦᠷᠴᠤ᠂ ᠡᠯᠡᠰᠤᠨ ᠦᠵᠤᠮ᠂ ᠬᠠᠷ᠎ᠠ ᠴᠢᠨ᠋ᠸ᠎ᠠ ᠶᠢᠨ ᠬᠠᠷᠮᠠᠭ ᠵᠡᠷᠬᠡ ᠶᠢ 7. | 9 ᠲᠦᠮᠠᠨ ᠮᠤ᠋ ᠳᠠᠷᠢᠵᠤ᠂ ᠡᠯᠡᠰᠤᠨ ᠤ ᠠᠵᠤ ᠦᠢᠯᠡᠰ ᠤᠨ 37 ᠠᠵᠤ ᠠᠬᠤᠶᠢᠯᠠᠯ ᠲᠠᠢ ᠪᠤᠯᠵᠤ᠂ 40 ᠭᠠᠷᠤᠢ | ᠲᠦᠷᠦᠯ ᠵᠦᠢᠯ ᠤᠨ ᠮᠡᠷᠬᠡᠵᠢᠯ ᠪᠤᠯᠤᠨ ᠪᠦᠳᠤᠬᠡᠭᠳᠡᠬᠦᠨ ᠢ ᠪᠦᠬᠦᠠ ᠢ ᠳᠤᠷᠰᠢᠯᠳᠠ ᠪᠠᠷ ᠲᠠᠮᠵᠢᠨ ᠨᠡᠬᠡᠬᠡᠨ | ᠬᠦᠭᠵᠢᠬᠦᠯᠵᠤ᠂ ᠴᠠᠭᠠᠨ ᠭᠤᠶᠤᠤ ᠶᠢ ᠰᠢᠨ᠎ᠠ ᠢᠳᠡᠬᠡᠨ ᠤ ᠵᠦᠢᠯᠡᠰ ᠤᠨ ᠲᠦᠬᠦᠬᠡᠢ ᠮᠠᠲ᠋ᠧᠷᠢᠶᠠᠯ ᠢᠶᠠᠷ ᠮᠡᠳᠡᠬᠦᠯᠦᠨ | ᠨᠢᠬᠡᠨᠳᠡ ᠤᠯᠤᠰ ᠤᠨ ᠬᠠᠮᠢᠶ᠎ᠠ ᠪᠦᠬᠦᠢ ᠳᠤᠰᠬᠠᠢ ᠮᠡᠷᠬᠡᠵᠢᠯ ᠤᠨ ᠳᠤᠭᠤᠶᠢᠯᠠᠩ ᠤᠨ ᠬᠢᠨᠠᠨ ᠳᠤᠭᠳᠠᠭᠠᠯᠳᠠ ᠶᠢ | ᠥᠩᠭᠡᠷᠡᠭᠡᠪᠡ᠃ | ᠵᠢᠷᠭᠤᠭ᠎ᠠ ᠳᠤ᠂ ᠴᠡᠪᠡᠷ ᠡᠨᠧᠷᠬᠢ ᠶᠢᠨ ᠦᠢᠯᠡᠰ ᠢ ᠤᠶᠤᠨᠴᠢ ᠪᠠᠷ ᠬᠦᠭᠵᠢᠬᠦᠯᠬᠦ ᠶᠢ ᠠᠬᠢᠭᠤᠯᠤᠨ᠎ᠠ᠃ | ᠠᠯᠠᠱᠠ ᠶᠢᠨ ᠦᠩᠬᠡ ᠦᠵᠡᠮᠵᠢ ᠡᠬᠢ ᠪᠠᠶᠠᠯᠢᠭ ᠲᠦᠪᠯᠡᠷᠡᠭᠰᠡᠨ ᠳᠠᠪᠠᠭᠤᠯᠢᠬ ᠢ ᠪᠠᠳᠠᠷᠠᠭᠤᠯᠵᠤ᠂ ᠤᠯᠤᠰ ᠤᠨ | ᠭᠤᠤᠯᠳᠠᠯᠭ᠎ᠠ ᠲᠠᠢ ᠴᠡᠪᠡᠷ ᠡᠨᠧᠷᠬᠢ ᠶᠢᠨ ᠵᠢᠱᠢᠶ᠎ᠠ ᠦᠵᠡᠬᠦᠯᠬᠦ ᠰᠠᠭᠤᠷᠢᠨ ᠢ ᠪᠦᠳᠤᠬᠡᠨ ᠪᠠᠶᠢᠭᠤᠯᠬᠤ ᠳᠤᠭᠤᠷᠢᠨ ᠳᠤ | ᠭᠠᠳᠠᠭᠰᠢ ᠬᠦᠷᠬᠡᠬᠦ ᠵᠠᠮ ᠱᠤᠭᠤᠮ ᠲᠠᠢ᠂ ᠮᠡᠷᠬᠡᠵᠢᠯ ᠤᠨ ᠵᠡᠮ ᠱᠤᠭᠤᠮ ᠲᠠᠢ᠂ ᠠᠵᠤ ᠦᠢᠯᠡᠰ ᠤᠨ ᠪᠡᠯᠠ | ᠤᠷᠤᠭᠤᠯᠤᠯᠳᠠ ᠲᠠᠢ ᠪᠠᠶᠢᠬᠤ ᠰᠡᠳᠬᠢᠴᠠ ᠪᠠᠷ ᠪᠦᠬᠦ ᠠᠶᠢᠮᠠᠭ ᠢ ᠪᠦᠬᠦᠶᠢᠯᠡ ᠳᠤᠨᠢ ᠪᠤᠳᠤᠯᠬᠢᠯᠠᠨ ᠶᠡᠭᠡ ᠲᠦᠷᠦᠯ | ᠵᠤᠶᠢᠯ ᠢ ᠤᠷᠤᠭᠤᠯᠬᠤ ᠠᠴᠠ ᠪᠢᠰᠢ ᠪᠠᠭ᠎ᠠ ᠲᠦᠷᠦᠯ ᠵᠤᠶᠢᠯ ᠢ ᠤᠷᠤᠭᠤᠯᠬᠤ ᠦᠬᠡᠢ ᠪᠠᠶᠢᠬᠤ ᠶᠢ ᠪᠠᠷᠢᠮᠳᠠᠯᠠᠵᠤ᠂ | ᠦᠩᠬᠡ ᠦᠵᠡᠮᠵᠢ ᠡᠬᠢ ᠪᠠᠶᠠᠯᠢᠭ ᠢ ᠰᠢᠯᠢᠳᠡᠭ ᠴᠢᠨᠡᠷ ᠢᠶᠠᠷ᠂ ᠦᠨᠳᠤᠷ ᠦᠷ᠎ᠠ ᠠᠰᠢᠭ ᠲᠠᠢ ᠪᠠᠷ ᠨᠡᠬᠡᠬᠡᠨ | ᠠᠰᠢᠬᠯᠠᠵᠤ᠂ ᠠᠵᠤ ᠦᠢᠯᠡᠰᠵᠢᠭᠰᠡᠨ᠂ ᠪᠦᠯᠦᠭᠵᠢᠭᠰᠡᠨ᠂ ᠬᠡᠪᠴᠢᠶᠡᠵᠢᠭᠰᠡᠨ ᠬᠦᠭᠵᠢᠯᠳᠠ ᠶᠢ ᠠᠬᠢᠭᠤᠯᠵᠤ᠂ ᠴᠡᠪᠡᠷ | ᠡᠨᠧᠷᠬᠢ ᠶᠢᠨ ᠠᠵᠤ ᠦᠢᠯᠡᠰ ᠤᠨ ᠬᠦᠷᠢᠶᠠᠯᠠᠩ ᠳᠤᠭᠤᠷᠢᠭ ᠢ ᠪᠦᠳᠦᠬᠡᠨ ᠪᠠᠶᠢᠭᠤᠯᠵᠤ᠂ ᠨᠢᠬᠡ ᠬᠦᠭ ᠤᠨ | ᠬᠠᠯᠠᠭᠤᠨ ᠢᠶᠠᠷ ᠴᠠᠯᠬᠢᠭᠤᠯᠤᠨ ᠬᠦᠭᠵᠢᠬᠦᠯᠬᠦ ᠪᠤᠶᠤ ᠨᠡᠩ ᠴᠤ ᠢᠷᠡᠬᠡᠳᠤᠢ ᠶᠢᠨ ᠬᠦᠭᠵᠢᠯᠳᠠ ᠳᠤ ᠬᠠᠷᠠᠮᠰᠠᠯ | ᠦᠯᠡᠳᠡᠬᠡᠵᠤ ᠪᠤᠯᠬᠤ ᠦᠬᠡᠢ᠃ ᠤᠳᠤᠬᠠᠨ ᠳᠤ ᠠᠯᠠᠱᠠ ᠶᠢᠨ 1000 ᠲᠦᠮᠠᠨ ᠺᠢᠯᠤᠸᠠᠲ ᠤᠨ ᠨᠠᠷᠠᠨ ᠤ | ᠡᠨᠧᠷᠬᠢ ᠪᠠᠷ ᠴᠠᠬᠢᠯᠭᠠᠨ ᠭᠠᠷᠭᠠᠬᠤ ᠰᠠᠭᠤᠷᠢᠨ᠂ ᠠᠯᠠᠱᠠ — ᠬᠤᠸ᠋ᠨ ᠵᠦᠩ 800 ᠺᠢᠯᠤᠸᠠᠲ ᠤᠨ ᠳᠤᠭᠳᠠᠮᠠᠯ | ᠬᠦᠶᠤᠳᠠᠯᠳᠤ ᠤᠨᠴᠠ ᠦᠨᠳᠤᠷ ᠬᠦᠴᠦᠳᠡᠯᠳᠤ ᠴᠠᠬᠢᠯᠭᠠᠨ ᠤ ᠵᠠᠮ ᠱᠤᠭᠤᠮ ᠵᠡᠷᠬᠡ ᠲᠦᠷᠦᠯ ᠵᠦᠢᠯ ᠤᠳ ᠨᠢᠬᠡᠨᠳᠠ | ᠤᠯᠤᠰ ᠤᠨ ︽13.5︾ ᠶᠢᠨ ᠲᠦᠯᠦᠪᠵᠢᠬᠦᠯᠬᠡ ᠳᠤ ᠤᠷᠤᠭᠠᠳ ᠪᠤᠢ᠃ |