4 ᠳ᠋ᠦ᠋ᠭᠡᠷ ᠰᠠᠷ᠎ᠠ ᠶᠢᠨ 10 ᠤ ᠡᠳᠦᠷ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠠᠴᠠ ᠣᠶᠢᠯᠠᠭᠠᠭᠰᠠᠨ ᠢᠶᠠᠷ᠂ ᠤᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ | ᠣᠷᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠵᠢᠷᠭᠤᠭ᠎ᠠ ᠳᠤ ᠣᠷᠣᠭᠤᠯᠬᠤ︾ ︵ | ᠪᠠᠶᠢᠭᠤᠯᠭ᠎ᠠ᠂ ᠰᠤᠷᠭᠠᠭᠤᠯᠢ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠬᠥᠳᠡᠭᠡ ᠲᠣᠰᠬᠤᠨ᠂ ᠱᠠᠰᠢᠨ | ᠰᠤᠷᠲᠠᠬᠤᠨ ᠤ ᠭᠠᠵᠠᠷ ᠲᠠᠯᠠᠪᠤᠷ ᠲᠤ ᠣᠷᠣᠭᠤᠯᠬᠤ︶ ᠪᠠᠷ ᠭᠠᠷᠲᠠᠴᠠ ᠪᠣᠯᠭᠠᠵᠤ᠂ ᠠᠵᠢᠯᠯᠠᠭᠠᠨ ᠤ ᠠᠴᠢᠶᠠᠯᠠᠪᠤᠷᠢ | ᠪᠣᠯᠤᠨ ᠠᠷᠭ᠎ᠠ ᠮᠠᠶ᠋ᠢᠭ ᠢ ᠲᠠᠰᠤᠷᠠᠯᠲᠠ ᠦᠭᠡᠢ ᠰᠢᠨᠡᠳᠬᠡᠵᠦ᠂ ᠡᠯ᠎ᠡ ᠦᠨᠳᠦᠰᠦᠲᠡᠨ ᠤ ᠰᠣᠯᠢᠯᠴᠠᠭ᠎ᠠ ᠶᠠᠪᠤᠯᠴᠠᠭ᠎ᠠ | ᠠᠭᠤᠰᠤᠯᠴᠠᠭ᠎ᠠ ᠶᠢ ᠠᠬᠢᠭᠤᠯᠬᠤ ᠲᠠᠪᠴᠠᠩ ᠢ ᠢᠳᠡᠪᠬᠢᠲᠡᠶ ᠪᠠᠷ ᠪᠠᠶᠢᠭᠤᠯᠪᠠ᠃ ᠥᠨᠥ ᠪᠣᠯᠬᠤ ᠳᠤ᠂ 129 | ᠨᠢᠭᠡᠴᠡ ᠶᠢ ᠥᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ | ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠴᠦ᠂ 19 ᠨᠢᠭᠡᠴᠡ ᠶᠢ ᠤᠯᠤᠰ ᠤᠨ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠠᠴᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠪᠡ᠃ | | | | ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠬᠡᠤᠬᠡᠳ ᠪᠠᠭᠠᠴᠤᠳ ᠠᠴᠠ ᠡᠬᠢᠯᠡᠨ ᠠᠳᠬᠤᠬᠤ ᠴᠢᠬᠤᠯᠠᠲᠠᠶ | | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠬᠦ ᠶᠠᠪᠤᠳᠠᠯ ᠪᠣᠯ᠂ ᠥᠪᠡᠷᠲᠡᠭᠡᠨ | ᠵᠠᠰᠠᠬᠤ ᠣᠷᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ | ᠴᠣᠭᠴᠠᠯᠠᠵᠤ ᠪᠠᠶᠢᠭ᠎ᠠ ᠨᠢᠭᠡᠨ ᠪᠣᠳᠠᠲᠠᠶ ᠠᠷᠭ᠎ᠠ ᠬᠡᠮᠵᠢᠶ᠎ᠡ ᠮᠥᠨ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠬᠢᠨᠠᠮᠠᠭᠠᠶ ᠰᠠᠶᠢᠲᠤᠷ ᠥᠷᠨᠢᠭᠦᠯᠬᠦ ᠶᠢᠨ ᠲᠤᠰᠠᠳᠠ᠂ 2011 ᠣᠨ ᠤ 3 | ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ | ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠬᠠᠮᠲᠤᠷᠠᠨ ︽ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ | ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠡ᠃ 2013 ᠣᠨ ᠤ 4 ᠳ᠋ᠦ᠋ᠭᠡᠷ ᠰᠠᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︽ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ | ᠨᠢᠭᠡᠴᠡ ᠶᠢ ᠨᠡᠷᠡᠶᠢᠳᠬᠦ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠤ ᠬᠠᠮᠲᠤ ᠲᠤᠰ ᠵᠢᠯ ᠠᠩᠬ᠎ᠠ ᠤᠳᠠᠭ᠎ᠠ | 38 ᠨᠢᠭᠡᠴᠡ ᠶᠢ ᠥᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠴᠦ᠂ 2016 ᠣᠨ ᠤ ᠵᠢᠯ ᠤᠨ ᠡᠴᠦᠰ | ᠪᠣᠯᠲᠠᠯ᠎ᠠ᠂ ᠤᠷᠢᠳ ᠬᠤᠵᠢᠳ 3 ᠪᠦᠯᠦᠭ ᠨᠡᠷᠡᠶᠢᠳᠦᠭᠰᠡᠨ ᠥᠪᠡᠷᠲᠡᠭᠡᠨ ᠵᠠᠰᠠᠬᠤ ᠣᠷᠣᠨ ᠤ ᠳᠡᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠶᠢᠨ ᠶᠡᠷᠦᠩᠬᠡᠶ | ᠲᠤᠭ᠎ᠠ 129 ᠳᠤ ᠬᠦᠷᠪᠡ᠃ | | | | ᠮᠣᠷᠢᠨ ᠬᠤᠭᠤᠷ ᠢᠶᠠᠨ ᠲᠠᠲᠠᠵᠤ᠂ ᠦᠨᠳᠦᠰᠦᠲᠡᠨ ᠤ ᠰᠣᠶᠣᠯ ᠢᠶᠠᠨ ᠪᠠᠳᠠᠷᠠᠭᠤᠯᠤᠶ᠎ᠠ | | ᠥᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠵᠢᠱᠢᠶ᠎ᠡ ᠦᠵᠡᠬᠦᠯᠬᠦ ᠨᠢᠭᠡᠴᠡ ᠪᠤᠯᠤᠭᠰᠠᠨ ᠤ ᠬᠤᠪᠢ ᠳᠤ᠂ ᠬᠢᠩᠭᠠᠨ ᠠᠶᠢᠮᠠᠭ 2013 ᠣᠨ ᠳᠤ | ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠳᠤ ᠠᠩᠬᠠᠳᠤᠭᠠᠷ ᠪᠦᠯᠦᠭ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠬᠦᠯᠬᠦ ᠠᠶᠢᠮᠠᠭ ᠤᠨ | ᠲᠤᠷᠰᠢᠯᠲᠠ ᠶᠢᠨ ᠴᠢᠭ᠋ ᠢᠶᠠᠷ ᠲᠤᠭᠲᠠᠭᠠᠯᠭᠠᠭᠰᠠᠨ ᠠᠴᠠ ᠨᠠᠰᠢ᠂ ᠡᠭᠦᠳᠦᠨ ᠪᠠᠶᠢᠭᠤᠯᠬᠤ ᠠᠵᠢᠯ ᠬᠢᠭᠡᠳ ᠠᠵᠤ ᠠᠬᠤᠶ | ᠨᠡᠶᠢᠭᠡᠮ ᠤᠨ ᠬᠥᠭᠵᠢᠯᠲᠡ ᠶᠢ ᠵᠡᠷᠭᠡ ᠳᠤᠨᠢ ᠲᠦᠯᠦᠪᠵᠢᠬᠦᠯᠬᠦ᠂ ᠵᠡᠷᠭᠡ ᠳᠤᠨᠢ ᠪᠠᠶᠢᠷᠢᠯᠠᠭᠤᠯᠬᠤ᠂ ᠵᠡᠷᠭᠡ ᠳᠤᠨᠢ | ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠰᠭᠡᠬᠦ᠂ ᠠᠷᠠᠳ ᠤᠨ | ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ᠂ ᠦᠨᠳᠦᠰᠦᠲᠡᠨ ᠤ ᠰᠣᠶᠣᠯ ᠢ ᠤᠯᠠᠮᠵᠢᠯᠠᠬᠤ ᠵᠡᠷᠭᠡ 9 ᠵᠦᠢᠯ ᠤᠨ | ᠭᠤᠣᠯᠳᠠᠯᠭ᠎ᠠ ᠲᠠᠢ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠬᠠᠷᠢᠭᠤᠴᠠᠯᠭ᠎ᠠ ᠪᠠᠨ ᠭᠦᠶᠴᠡᠳᠬᠡᠵᠦ ᠵᠡᠭᠦᠳᠦ ᠪᠠᠨ | ᠲᠡᠷᠭᠡᠯᠰᠢᠭᠦᠯᠬᠦ᠂ ᠨᠠᠮ ᠪᠠ ᠤᠯᠠᠨ ᠲᠦᠮᠡᠨ ᠰᠡᠳᠬᠢᠯ ᠰᠡᠳᠬᠢᠯ ᠢᠶᠠᠨ ᠬᠤᠯᠪᠤᠬᠤ᠂ ᠭᠠᠷ ᠭᠠᠷ ᠢᠶᠠᠨ ᠬᠤᠯᠪᠤᠯᠴᠠᠨ | ᠴᠢᠨᠡᠭᠡᠯᠢᠭᠵᠢᠬᠦ ᠪᠠ ᠲᠡᠷᠢᠭᠦᠨ ᠤ ᠵᠢᠱᠢᠶᠡᠴᠢ ᠶᠢ ᠴᠢᠷᠮᠠᠶᠢᠨ ᠡᠭᠦᠳᠬᠦ ᠵᠡᠷᠭᠡ 4 ᠵᠦᠢᠯ ᠤᠨ ᠭᠤᠣᠯ ᠰᠡᠳᠦᠪᠲᠦ | ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠤᠯᠠᠨ ᠤ ᠤᠬᠠᠭᠠᠨ ᠬᠠᠮᠲᠤ ᠶᠢᠨ | ᠬᠦᠴᠦᠨ ᠢᠶᠠᠷ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ 2016 ᠣᠨ ᠳᠤ ᠤᠯᠤᠰ ᠪᠠ ᠥᠪᠡᠷᠲᠡᠭᠡᠨ | ᠵᠠᠰᠠᠬᠤ ᠣᠷᠣᠨ ᠤ ᠰᠢᠯᠭᠠᠨ ᠬᠤᠷᠢᠶᠠᠬᠤ ᠳᠤ ᠤᠷᠤᠭᠰᠢᠲᠠᠶ ᠪᠠᠲᠤᠯᠠᠭᠳᠠᠵᠤ᠂ ᠤᠯᠤᠰ ᠤᠨ ᠦᠨᠳᠦᠰᠦᠲᠡᠨ ᠤ ᠬᠡᠷᠡᠭ | ᠡᠷᠬᠢᠯᠡᠬᠦ ᠵᠦᠪᠯᠡᠯ ᠢᠶᠠᠷ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠵᠢᠱᠢᠶ᠎ᠡ ᠦᠵᠡᠬᠦᠯᠬᠦ ᠠᠶᠢᠮᠠᠭ ᠢᠶᠠᠷ ᠨᠡᠷᠡᠶᠢᠳᠦᠭᠳᠡᠪᠡ᠃ | ᠤᠷᠳᠤᠰ ᠬᠤᠳᠠ ᠵᠢᠯ ᠪᠦᠷᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠶᠢ | ᠵᠣᠬᠢᠶᠠᠨ ᠪᠠᠶᠢᠭᠤᠯᠤᠨ ᠦᠷᠨᠢᠬᠦᠯᠬᠦ᠂ 2 ᠵᠢᠯ ᠪᠦᠷᠢ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠨᠢᠭᠡᠴᠡ ᠶᠢ ᠨᠡᠷᠡᠶᠢᠳᠬᠦ᠂ 3 ᠵᠢᠯ ᠪᠦᠷᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ | ᠦᠨᠳᠦᠰᠦᠲᠡᠨ ᠨᠦᠭᠦᠳ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠨ ᠬᠠᠷᠢᠯᠴᠠᠨ | ᠲᠤᠰᠠᠯᠠᠯᠴᠠᠬᠤ᠂ ᠡᠶ᠎ᠡ ᠵᠣᠬᠢᠴᠠᠯ ᠲᠠᠢ ᠪᠠᠷ ᠬᠥᠭᠵᠢᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠤᠯᠭᠠᠪᠠ᠃ | ᠤᠯᠠᠨ ᠵᠢᠯ ᠤᠨ ᠲᠤᠷᠰᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠠᠮᠲᠤ ᠨᠡᠶᠢᠲᠡ 13᠂ ᠵᠢᠱᠢᠶ᠎ᠡ ᠦᠵᠡᠭᠦᠯᠬᠦ ᠬᠤᠪᠢ ᠬᠥᠮᠦᠨ 11 ᠴᠣᠯᠭᠤᠷᠠᠨ ᠭᠠᠷᠤᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠠᠮᠲᠤ | ᠨᠡᠶᠢᠲᠡ 83᠂ ᠵᠢᠱᠢᠶ᠎ᠡ ᠦᠵᠡᠭᠦᠯᠬᠦ ᠬᠤᠪᠢ ᠬᠥᠮᠦᠨ 111 ᠪᠤᠢ᠃ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠬᠤᠰᠢᠭᠤ 2᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠡᠭᠦᠳᠦᠨ ᠪᠠᠶᠢᠭᠤᠯᠬᠤ ᠵᠢᠱᠢᠶ᠎ᠡ ᠦᠵᠡᠬᠦᠯᠬᠦ ᠨᠢᠭᠡᠴᠡ | 10 ᠪᠣᠶ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠢᠭᠡᠨ ᠬᠠᠷᠢᠭᠤᠴᠠᠯᠭᠠᠲᠠᠨ | ᠲᠠᠨᠢᠯᠴᠠᠭᠤᠯᠤᠭᠰᠠᠨ ᠢᠶᠠᠷ᠂ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ ᠪᠦᠷᠢᠨᠰᠢᠬᠦᠯᠵᠤ᠂ ᠰᠢᠯᠭᠠᠨ | ᠦᠨᠡᠯᠡᠬᠦ ᠬᠢᠨᠠᠨ ᠰᠢᠯᠭᠠᠬᠤ ᠬᠦᠢᠴᠡᠳᠭᠡᠯ ᠲᠤᠭ᠎ᠠ ᠶᠢᠨ ᠨᠡᠩ ᠰᠢᠨᠵᠢᠯᠡᠬᠦ ᠤᠬᠠᠭᠠᠨᠴᠢ ᠰᠢᠰᠲ᠋ᠧᠮᠵᠢ ᠪᠤᠯᠤᠨ ᠡᠭᠦᠳᠦᠨ | ᠪᠠᠶᠢᠭᠤᠯᠬᠤ ᠠᠵᠢᠯᠯᠠᠭ᠎ᠠ ᠶᠢᠨ ᠰᠠᠶᠢᠰᠢᠶᠠᠨ ᠬᠥᠬᠢᠭᠦᠯᠬᠦ ᠠᠷᠭ᠎ᠠ ᠶᠢ ᠪᠦᠷᠢᠨᠰᠢᠬᠦᠯᠵᠤ᠂ ᠡᠭᠦᠳᠦᠨ ᠪᠠᠶᠢᠭᠤᠯᠬᠤ | ᠠᠵᠢᠯ ᠤᠨ ᠰᠢᠰᠲ᠋ᠧᠮᠵᠢᠯ᠂ ᠳᠦᠷᠢᠮᠵᠢᠯ᠂ ᠵᠢᠷᠤᠮᠵᠢᠯ ᠢ ᠲᠦᠯᠬᠢᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠥᠪᠡᠷᠲᠡᠭᠡᠨ | ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ᠎ᠡ ᠬᠡᠪᠡ᠃ |