ᠦᠪᠦᠷ ᠮᠣᠩᠭᠤᠯ ᠤᠨ ᠲᠣᠮᠣ ᠳ᠋ᠠᠶᠢᠲ᠋ᠠ ᠶᠠᠷᠢᠶ᠎ᠠ ᠬᠡᠯᠡᠯᠴᠡᠭᠡ ᠶᠢᠨ ᠣᠶᠤᠨ ᠤ ᠰᠠᠩ ᠵᠢᠴᠢ ᠨᠡᠶᠢᠭᠡᠮ ᠤᠨ ᠪᠠᠶᠢᠴᠠᠭᠠᠯᠲᠠ ᠰᠣᠳᠤᠯᠤᠯᠲᠠ ᠶᠢᠨ ᠲᠥᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2017/4/13
                        ᠢᠯᠡᠷᠬᠡᠶᠢᠯᠡᠯ ᠰᠡᠬᠦᠬᠦ ᠶᠣᠰᠣᠯᠠᠯ ᠤᠨ ᠠᠬᠤᠢ ᠲᠠᠯᠠᠪᠠᠢ      4 ᠳ᠋ᠦ᠋ᠭᠡᠷ ᠰᠠᠷ᠎ᠠ ᠶᠢᠨ 12᠎ ᠤᠨ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠳᠬ᠎ᠠ ᠵᠣᠬᠢᠶᠠᠯ ᠰᠣᠨᠢᠨ ᠮᠡᠳᠡᠭᠡᠯᠡᠯ ᠤᠨ ᠳᠡᠭᠡᠳᠦ ᠰᠤᠷᠭᠠᠭᠤᠯᠢ ᠬᠢᠭᠡᠳ ᠰᠢᠨᠬᠤᠸᠠ ᠬᠤᠷᠢᠶ᠎ᠠ ᠳᠤᠮᠳᠠᠳᠤ ᠤᠯᠤᠰ ᠤᠨ ᠠᠵᠤ ᠠᠬᠤᠶ ᠶᠢᠨ ᠮᠡᠳᠡᠭᠡ ᠵᠠᠩᠭᠢ ᠶᠢᠨ ᠬᠤᠷᠢᠶ᠎ᠠ ᠶᠢᠨ ᠥᠪᠥᠷ ᠮᠣᠩᠭᠤᠯ ᠳᠠᠬᠢ ᠲᠥᠪ ᠤᠨ ᠬᠠᠮᠲᠤᠷᠠᠨ ᠪᠠᠶᠢᠭᠤᠯᠤᠭᠰᠠᠨ ︽ᠦᠪᠦᠷ ᠮᠣᠩᠭᠤᠯ ᠤᠨ ᠲᠣᠮᠣ ᠳ᠋ᠠᠶᠢᠲ᠋ᠠ ᠶᠠᠷᠢᠶ᠎ᠠ ᠬᠡᠯᠡᠯᠴᠡᠭᠡ ᠶᠢᠨ ᠣᠶᠤᠨ ᠤ ᠰᠠᠩ ᠵᠢᠴᠢ ᠨᠡᠶᠢᠭᠡᠮ ᠤᠨ ᠪᠠᠶᠢᠴᠠᠭᠠᠯᠲᠠ ᠰᠣᠳᠤᠯᠤᠯᠲᠠ ᠶᠢᠨ ᠲᠥᠪ︾᠎ ᠤᠨ ᠢᠯᠡᠷᠬᠡᠶᠢᠯᠡᠯ ᠰᠡᠬᠦᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠲᠠᠢ ᠫᠢᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠬᠤ᠋ ᠹᠧᠩ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠵᠥ ᠪᠢᠩ ᠸᠧᠨ᠂ ᠰᠢᠨᠬᠤᠸᠠ ᠬᠤᠷᠢᠶ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶ᠎ᠠ ᠶᠢᠨ ᠳᠠᠷᠤᠭ᠎ᠠ ᠯᠢ ᠷᠧᠨ ᠬᠤ᠋ ᠨᠠᠷ ᠬᠤᠷᠠᠯ ᠳᠤ ᠣᠷᠤᠯᠴᠠᠭᠰᠠᠨ ᠪᠦᠭᠡᠳ ᠬᠠᠮᠲᠤ ᠪᠠᠷ ᠢᠯᠡᠷᠬᠡᠶᠢᠯᠡᠯ ᠤᠨ ᠬᠥᠰᠢᠭᠡ ᠰᠡᠬᠦᠪᠡ᠃      ︽ᠦᠪᠦᠷ ᠮᠣᠩᠭᠤᠯ ᠤᠨ ᠲᠣᠮᠣ ᠳ᠋ᠠᠶᠢᠲ᠋ᠠ ᠶᠠᠷᠢᠶ᠎ᠠ ᠬᠡᠯᠡᠯᠴᠡᠭᠡ ᠶᠢᠨ ᠣᠶᠤᠨ ᠤ ᠰᠠᠩ ᠵᠢᠴᠢ ᠨᠡᠶᠢᠭᠡᠮ ᠤᠨ ᠪᠠᠶᠢᠴᠠᠭᠠᠯᠲᠠ ᠰᠣᠳᠤᠯᠤᠯᠲᠠ ᠶᠢᠨ ᠲᠥᠪ︾᠎ ᠨᠢ ᠰᠢᠨᠬᠤᠸᠠ ᠬᠤᠷᠢᠶ᠎ᠠ ᠶᠢᠨ ᠬᠦᠴᠦᠷᠬᠡᠭ ᠶᠡᠭᠡ ᠵᠠᠭᠤᠴᠢᠯᠠᠭᠤᠷ ᠤᠨ ᠡᠬᠢ ᠪᠠᠶᠠᠯᠢᠭ᠂ ᠳᠤᠮᠳᠠᠳᠤ ᠤᠯᠤᠰ ᠤᠨ ᠠᠵᠤ ᠠᠬᠤᠶ ᠶᠢᠨ ᠮᠡᠳᠡᠭᠡ ᠵᠠᠩᠭᠢ ᠶᠢᠨ ᠬᠤᠷᠢᠶ᠎ᠠ ᠪᠣᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠣᠳᠤᠯᠤᠯ ᠤᠨ ᠪᠣᠳᠠᠲᠤ ᠬᠦᠴᠦᠨ ᠳᠤ ᠲᠦᠰᠢᠭᠯᠡᠨ᠂ ᠥᠩᠭᠡᠷᠡᠭᠰᠡᠨ ᠤ ᠳᠠᠩ ᠭᠠᠭᠴᠠ ᠪᠠᠷ ᠠᠵᠢᠯᠯᠠᠵᠤ ᠪᠠᠶᠢᠭᠰᠠᠨ ᠪᠠᠶᠢᠳᠠᠯ ᠢ ᠬᠤᠪᠢᠷᠠᠭᠤᠯᠤᠨ᠂ ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠴᠢᠩᠭ᠎ᠠ᠂ ᠬᠠᠷᠢᠭᠤᠴᠠᠬᠤ ᠴᠢᠨᠠᠷ ᠢᠶᠠᠷ ᠪᠠᠶᠠᠯᠢᠭ ᠰᠤᠳᠤᠯᠭᠠᠨ ᠤ ᠦᠷ᠎ᠡ ᠪᠦᠲᠦᠭᠡᠯ ᠢ ᠪᠤᠢ ᠪᠣᠯᠭᠠᠬᠤ ᠳᠤ ᠲᠤᠰᠠᠲᠠᠶ ᠪᠣᠯᠭᠠᠵᠤ᠂ ᠥᠪᠥᠷ ᠮᠣᠩᠭᠤᠯ ᠤᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠳᠤ ᠴᠢᠨᠠᠷ ᠰᠠᠶᠢᠲᠠᠶ ᠤᠶᠤᠨ ᠮᠡᠳᠡᠯᠭᠡ ᠶᠢᠨ ᠳᠡᠮᠵᠢᠯᠭᠡ ᠣᠯᠭᠤᠵᠣ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠬᠦ ᠳᠤ ᠬᠦᠴᠦ ᠨᠡᠮᠡᠷᠢᠯᠡᠬᠦ ᠪᠣᠯᠣᠨ᠎ᠠ᠃      ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠯᠡᠯ ᠤᠨ ᠳᠡᠭᠡᠳᠦ ᠰᠤᠷᠭᠠᠭᠤᠯᠢ ᠶᠢᠨ ᠭᠦᠶᠴᠡᠳᠬᠡᠬᠦ ᠵᠠᠬᠢᠷᠤᠯ᠂ ᠰᠤᠷᠭᠠᠨ ᠬᠥᠮᠦᠵᠢᠯ ᠤᠨ ᠶᠠᠮᠤᠨ ᠤ ᠬᠥᠬᠡ ᠮᠦᠷᠡᠨ ᠡᠷᠳᠡᠮᠲᠡᠳ ᠤᠨ ᠣᠨᠴᠠ ᠤᠷᠢᠭᠰᠠᠨ ᠫᠷᠣᠹᠧᠰᠰᠣᠷ ᠢᠥᠢ ᠭᠦᠸᠧ ᠮᠢᠩ᠂ ᠰᠢᠨᠬᠤᠸᠠ ᠬᠤᠷᠢᠶ᠎ᠠ ᠳᠤᠮᠳᠠᠳᠤ ᠤᠯᠤᠰ ᠤᠨ ᠠᠵᠤ ᠠᠬᠤᠶ ᠶᠢᠨ ᠮᠡᠳᠡᠭᠡ ᠵᠠᠩᠭᠢ ᠶᠢᠨ ᠬᠤᠷᠢᠶ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠬᠦ ᠲᠥᠪ ᠤᠨ ᠶᠡᠷᠦᠩᠬᠡᠶ ᠳᠠᠭᠠᠭᠠᠮᠠᠯ᠂ ᠳᠡᠭᠡᠳᠦ ᠵᠡᠷᠭᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠤᠨ ᠰᠢᠨᠵᠢᠯᠡᠭᠴᠢ ᠳ᠋ᠥᠩ ᠱᠢ ᠬᠤᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠨᠠᠮ ᠤᠨ ᠬᠤᠷᠢᠶ᠎ᠠ ᠶᠢᠨ ᠱᠦᠵᠢ ᠼᠠᠢ ᠴᠠᠩ ᠴᠢᠩ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠤᠨ ᠲᠡᠷᠢᠭᠦᠯᠡᠭᠴᠢ ᠬᠠᠩ ᠱᠤᠸᠠᠨ ᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠰᠤᠳᠤᠯᠤᠭᠴᠢ ᠯᠢ ᠫᠸᠢ ᠶᠠᠨ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠶ ᠰᠤᠳᠤᠯᠬᠤ ᠭᠠᠵᠠᠷ ᠤᠨ ᠳᠠᠷᠤᠭ᠎ᠠ ᠢᠥᠢ ᠭᠤᠸᠠᠩ ᠵᠢᠶᠦ᠋ᠨ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠤᠯ ᠤᠨ ᠳᠡᠳ᠋ ᠳᠠᠷᠤᠭ᠎ᠠ ᠶᠤᠸᠠᠢ ᠴᠢ᠂ ᠰᠢᠨᠬᠤᠸᠠ ᠬᠤᠷᠢᠶ᠎ᠠ ᠶᠢᠨ ᠳᠡᠭᠡᠳᠦ ᠵᠡᠷᠭᠡ ᠶᠢᠨ ᠰᠤᠷᠪᠤᠯᠵᠢᠯᠠᠭᠴᠢ ᠳᠠᠩ ᠵᠢᠶ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠳ᠋ᠦ᠋ ᠹᠧᠩ ᠯᠢᠶᠠᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠯᠢᠦ ᠶᠢᠨ ᠰᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠯᠡᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠲᠣᠭᠲᠠᠬᠤ᠂ ᠥᠪᠥᠷ ᠮᠣᠩᠭᠤᠯ ᠤᠨ ᠨᠠᠮ ᠤᠨ ᠰᠤᠷᠭᠠᠭᠤᠯᠢ᠂ ᠥᠪᠥᠷ ᠮᠣᠩᠭᠤᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠬᠡᠯᠲᠡᠰ ᠤᠨ ᠳᠡᠳ᠋ ᠫᠷᠣᠹᠧᠰᠰᠣᠷ ᠰᠠᠷᠠᠨ᠎ᠠ ᠵᠡᠷᠭᠡ 12 ᠡᠷᠳᠡᠮᠲᠡᠨ᠂ ᠲᠤᠰᠬᠠᠶ ᠮᠡᠷᠭᠡᠵᠢᠯᠲᠡᠳ ᠢ ︽ᠦᠪᠦᠷ ᠮᠣᠩᠭᠤᠯ ᠤᠨ ᠲᠣᠮᠣ ᠳ᠋ᠠᠶᠢᠲ᠋ᠠ ᠶᠠᠷᠢᠶ᠎ᠠ ᠬᠡᠯᠡᠯᠴᠡᠭᠡ ᠶᠢᠨ ᠣᠶᠤᠨ ᠤ ᠰᠠᠩ ᠵᠢᠴᠢ ᠨᠡᠶᠢᠭᠡᠮ ᠤᠨ ᠪᠠᠶᠢᠴᠠᠭᠠᠯᠲᠠ ᠰᠣᠳᠤᠯᠤᠯᠲᠠ ᠶᠢᠨ ᠲᠥᠪ︾᠎ ᠤᠨ ᠲᠤᠰᠬᠠᠢ ᠮᠡᠷᠭᠡᠵᠢᠯᠲᠡᠨ ᠤ ᠺᠣᠮᠢᠰ ᠤᠨ ᠠᠩᠬᠠᠳᠤᠭᠠᠷ ᠪᠦᠯᠦᠭ ᠤᠨ ᠭᠡᠰᠢᠭᠦᠨ ᠢᠶᠠᠷ ᠤᠷᠢᠪᠠ᠃      ᠢᠯᠡᠷᠬᠡᠶᠢᠯᠡᠯ ᠰᠡᠬᠦᠬᠦ ᠶᠣᠰᠣᠯᠠᠯ ᠳᠡᠭᠡᠷ᠎ᠡ᠂ ︽2016 ᠣᠨ ᠤ ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠦᠯᠦᠯᠲᠡ︾᠎ ᠶᠢ ᠨᠡᠶᠢᠲᠡᠯᠡᠭᠰᠡᠨ ᠪᠠᠶᠢᠨ᠎ᠠ᠃ ᠮᠡᠳᠡᠭᠦᠯᠦᠯᠲᠡ ᠨᠢ 2016 ᠣᠨ ᠤ ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠬᠠᠯᠠᠮᠰᠢᠯ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠡᠭᠦᠰᠦᠭᠰᠡᠨ ᠬᠦᠷᠢᠶ᠎ᠡ ᠬᠡᠪᠴᠢᠶ᠎ᠡ᠂ ᠣᠷᠣᠨ ᠪᠦᠰᠡ᠂ ᠣᠨᠴᠠᠯᠢᠭ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠲᠤᠰᠬᠠᠭᠰᠠᠨ ᠲᠠᠯ᠎ᠠ ᠪᠠᠷ ᠬᠢ ᠣᠯᠵᠠᠭ᠎ᠠ ᠠᠯᠳᠠᠭ᠎ᠠ ᠶᠢ ᠪᠦᠬᠦ ᠲᠠᠯ᠎ᠠ ᠪᠠᠷ ᠡᠮᠬᠢᠯᠡᠵᠦ᠂ ᠪᠠᠰᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠨ ᠠᠷᠭᠠᠴᠠᠬᠤ ᠴᠢᠳᠠᠪᠤᠷᠢ ᠪᠠᠨ ᠬᠡᠷᠬᠢᠨ ᠳᠡᠭᠡᠭᠰᠢᠯᠡᠭᠦᠯᠬᠦ ᠲᠤᠬᠠᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号