4 ᠳ᠋ᠦ᠋ᠭᠡᠷ ᠰᠠᠷ᠎ᠠ ᠶᠢᠨ 12 ᠤᠨ ᠡᠳᠦᠷ ᠦᠪᠦᠷ ᠮᠤᠩᠭᠤᠯ ᠤᠨ ᠪᠡᠶ᠎ᠠ ᠶᠢᠨ ᠲᠠᠮᠢᠷ ᠤᠨ ᠤᠷᠳᠤᠨ ᠳᠤ | ᠬᠤᠷᠠᠯᠳᠤᠭᠰᠠᠠ 2017 ᠤᠨ ᠤ ᠲᠡᠯᠡᠬᠡᠢ ᠶᠢᠨ ᠵᠢᠤᠳᠤᠤ ᠪᠦᠬᠡ ᠶᠢᠨ ᠱᠠᠩᠨᠠᠯᠳᠤ ᠤᠷᠤᠯᠳᠤᠭᠠᠨ ︵ᠲᠤᠮᠳᠠᠳᠤ | ᠤᠯᠤᠰ ᠲᠠᠬᠢ ᠦᠷᠳᠡᠭᠡ︶ ᠤ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠦᠢᠯᠠᠭᠠᠭᠰᠠᠠ ᠢᠶᠠᠷ᠂ ᠲᠤᠰ ᠲᠦᠷᠦᠯ ᠤᠨ | ᠤᠷᠤᠯᠳᠤᠭᠠᠨ ᠨᠢ ᠡᠨᠡ ᠵᠢᠯ ᠤᠨ 6 ᠳ᠋ᠤᠭᠠᠷ ᠰᠠᠷ᠎ᠠ ᠶᠢᠨ 30 ᠤ ᠡᠳᠦᠷ ᠠᠴᠠ 7 ᠳ᠋ᠤᠭᠠᠷ ᠰᠠᠷ᠎ᠠ ᠶᠢᠨ 2 ᠤᠨ ᠡᠳᠦᠷ | ᠪᠤᠯᠳᠠᠯ᠎ᠠ ᠬᠦᠬᠡᠬᠤᠳᠠ ᠳᠤ ᠶᠠᠪᠤᠭᠳᠠᠬᠤ ᠪᠠᠷ ᠪᠤᠯᠤᠭᠰᠠᠠ ᠪᠠᠶᠢᠨ᠎ᠠ᠃ ᠡᠨᠡ ᠪᠤᠯ ᠨᠢᠬᠡ ᠤᠳᠠᠭᠠᠨ ᠤ ᠲᠡᠤᠬᠡᠳᠤ | ᠴᠢᠨᠠᠷᠳᠠᠢ ᠵᠢᠤᠳᠤᠤ ᠪᠦᠬᠡ ᠶᠢᠨ ᠲᠤᠮᠤ ᠴᠤᠭᠯᠠᠭᠠᠨ ᠪᠠᠶᠢᠵᠤ᠂ ᠮᠦᠨᠴᠤ ᠦᠪᠡᠷᠳᠡᠬᠡᠨ ᠵᠠᠰᠠᠬᠤ ᠤᠷᠤᠨ ᠤ 70 ᠵᠢᠯ | ᠤᠨ ᠤᠢ ᠶᠢ ᠤᠬᠳᠤᠨ ᠪᠡᠯᠬᠡᠯᠡᠬᠦ ᠠᠵᠢᠯᠯᠠᠭ᠎ᠠ ᠶᠢᠨ ᠴᠢᠬᠤᠯᠠ ᠨᠢᠬᠡ ᠠᠭᠤᠯᠭ᠎ᠠ ᠪᠤᠯᠤᠨ᠎ᠠ᠃ | ᠲᠡᠯᠡᠬᠡᠢ ᠶᠢᠨ ᠵᠢᠤᠳᠤᠤ ᠪᠦᠬᠡ ᠶᠢᠨ ᠱᠠᠩᠨᠠᠯᠳᠤ ᠤᠷᠤᠯᠳᠤᠭᠠᠨ ᠪᠤᠯ ᠤᠯᠠᠨ ᠤᠯᠤᠰ ᠤᠨ ᠵᠢᠤᠳᠤᠤ ᠪᠦᠬᠡ ᠶᠢᠨ | ᠬᠤᠯᠪᠤᠭ᠎ᠠ ᠠᠴᠠ ᠡᠷᠬᠡ ᠤᠯᠭᠤᠭᠰᠠᠠ ᠬᠡᠰᠢᠬᠦᠨ ᠤᠯᠤᠰ ᠤᠨ ᠤᠨ ᠤ A ᠲᠡᠰ ᠤᠨ ᠤᠷᠤᠯᠳᠤᠭᠠᠨ᠂ ᠤᠯᠢᠮᠫᠢᠺ ᠤᠨ | ᠲᠠᠮᠢᠷ ᠤᠨ ᠴᠤᠭᠯᠠᠭᠠᠨ ᠤ ᠤᠨᠤᠭ᠎ᠠ ᠤᠯᠬᠤ ᠵᠠᠩᠬᠢᠯᠠᠭ᠎ᠠ ᠶᠢᠨ ᠤᠷᠤᠯᠳᠤᠭᠠᠨ᠂ 4 ᠵᠢᠯ ᠳᠤ ᠰᠠᠶ᠋ᠢ ᠨᠢᠬᠡ ᠤᠳᠠᠭ᠎ᠠ | ᠶᠠᠪᠤᠭᠳᠠᠳᠠᠭ ᠲᠡᠯᠡᠬᠡᠢ ᠶᠢᠨ ᠴᠢᠨᠠᠷᠳᠠᠢ ᠲᠤᠮᠤ ᠤᠷᠤᠯᠳᠤᠭᠠᠨ ᠪᠤᠯᠬᠤ ᠶᠤᠮ᠃ 2017 ᠤᠨ ᠤ ᠲᠡᠯᠡᠬᠡᠢ ᠶᠢᠨ | ᠵᠢᠤᠳᠤᠤ ᠪᠦᠬᠡ ᠶᠢᠨ ᠱᠠᠩᠨᠠᠯᠳᠤ ᠤᠷᠤᠯᠳᠤᠭᠠᠨ ︵ᠲᠤᠮᠳᠠᠳᠤ ᠤᠯᠤᠰ ᠲᠠᠬᠢ ᠦᠷᠳᠡᠭᠡ︶ ᠨᠢ 2020 ᠤᠨ ᠤ | ᠲᠤᠤᠺᠢᠣ᠋ ᠳᠤ ᠶᠠᠪᠤᠭᠳᠠᠬᠤ ᠤᠯᠢᠮᠫᠢᠺ ᠤᠨ ᠲᠠᠮᠢᠷ ᠤᠨ ᠴᠤᠭᠯᠠᠭᠠᠨ ᠤ ᠤᠨᠤᠭ᠎ᠠ ᠤᠯᠬᠤ ᠤᠷᠤᠯᠳᠤᠭᠠᠨ ᠪᠤᠯᠤᠭᠰᠠᠠ ᠤ | ᠬᠤᠪᠢ ᠳᠤ ᠮᠠᠩᠯᠠᠶᠢᠯᠠᠭᠴᠢ ᠶᠢᠨ ᠤᠯᠬᠤ ᠤᠨᠤᠭ᠎ᠠ 300 ᠬᠤᠪᠢ ᠳᠤ ᠬᠦᠷᠴᠤ᠂ ᠲᠤᠬᠠᠢ ᠶᠢᠨ ᠦᠶ᠎ᠠ ᠳᠤ | ᠲᠡᠯᠡᠬᠡᠢ ᠶᠢᠨ 60 ᠭᠠᠷᠤᠢ ᠤᠯᠤᠰ ᠪᠤᠯᠤᠨ ᠭᠠᠵᠠᠷ ᠤᠷᠤᠨ ᠤ 400 ᠭᠠᠷᠤᠢ ᠲᠠᠮᠢᠷᠴᠢᠨ ᠤᠷᠤᠯᠴᠠᠬᠤ ᠪᠤᠯᠤᠨ᠎ᠠ᠃ | ᠡᠵᠡᠨ ᠠᠩᠬᠢ ᠪᠤᠯᠤᠭᠰᠠᠠ ᠤ ᠬᠤᠪᠢ ᠳᠤ ᠲᠤᠰ ᠣᠳᠠᠭᠠᠨ ᠤ ᠤᠷᠤᠯᠳᠤᠭᠠᠨ ᠨᠢ ᠮᠠᠨ ᠤ ᠤᠷᠤᠨ ᠤ ᠲᠠᠮᠢᠷᠴᠢᠨ | ᠤᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠬᠤ ᠪᠤᠯᠤᠨ ᠤᠯᠢᠮᠫᠢᠺ ᠤᠨ ᠤᠨᠤᠭ᠎ᠠ ᠤᠯᠠᠨ ᠤᠯᠬᠤ ᠳᠤ | ᠠᠵᠠᠳᠠᠢ ᠲᠤᠬᠢᠶᠠᠯ ᠪᠤᠯᠤᠨ ᠨᠦᠬᠦᠴᠡᠯ ᠬᠠᠩᠭᠠᠭᠰᠠᠠ ᠪᠠᠶᠢᠨ᠎ᠠ᠃ |