ᠠᠷᠪᠠᠨ ᠬᠤᠶᠠᠳᠤᠭᠠᠷ ᠬᠤᠭᠤᠴᠠᠭᠠᠨ ᠤ ᠣᠷᠳᠣᠰ ᠤᠨ ᠣᠯᠠᠨ ᠤᠯᠤᠰ ᠤᠨ ᠨᠡᠭᠦᠷᠡᠰᠦ ᠪᠠ ᠡᠨᠧᠷᠭᠢ ᠶᠢᠨ ᠠᠵᠤ ᠦᠢᠯᠡᠳᠪᠦᠷᠢ ᠶᠢᠨ ᠦᠵᠡᠰᠭᠦᠯᠡᠩ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2017/4/17
     ᠠᠷᠪᠠᠨ ᠬᠤᠶᠠᠳᠤᠭᠠᠷ ᠬᠤᠭᠤᠴᠠᠭᠠᠨ ᠤ ᠣᠷᠳᠣᠰ ᠤᠨ ᠣᠯᠠᠨ ᠤᠯᠤᠰ ᠤᠨ ᠨᠡᠭᠦᠷᠡᠰᠦ ᠪᠠ ᠡᠨᠧᠷᠭᠢ ᠶᠢᠨ ᠦᠵᠡᠰᠬᠦᠯᠡᠩ ᠤᠨ ᠴᠤᠭᠯᠠᠭᠠᠨ 4 ᠳ᠋ᠦ᠋ᠭᠡᠷ ᠰᠠᠷ᠎ᠠ ᠶᠢᠨ 16᠎ ᠤ ᠡᠳᠦᠷ ᠡᠬᠢᠯᠡᠪᠡ      4 ᠳ᠋ᠦ᠋ᠭᠡᠷ ᠰᠠᠷ᠎ᠠ ᠶᠢᠨ 16᠎ ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠣᠷᠳᠣᠰ ᠤᠨ ᠣᠯᠠᠨ ᠤᠯᠤᠰ ᠤᠨ ᠨᠡᠭᠦᠷᠡᠰᠦ ᠪᠠ ᠡᠨᠧᠷᠬᠢ ᠶᠢᠨ ᠠᠵᠤ ᠦᠢᠯᠡᠳᠪᠦᠷᠢ ᠶᠢᠨ ᠦᠵᠡᠰᠬᠦᠯᠡᠩ ᠤᠨ ᠴᠤᠭᠯᠠᠭᠠᠨ ᠵᠢᠴᠢ ︽ᠨᠡᠭᠦᠷᠡᠰᠦᠨ ᠤ ᠬᠢᠴᠢᠶᠡᠯ ᠤᠨ ᠲᠣᠮᠣ ᠲᠠᠩᠬᠢᠮ︾ ᠤᠷᠳᠤᠰ ᠲᠤ ᠤᠷᠤᠬᠤ — — ᠳᠤᠮᠳᠠᠳᠤ ᠤᠯᠤᠰ ᠤᠨ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠡᠭᠡ ᠬᠤᠷᠠᠯ ᠤᠷᠳᠤᠰ ᠤᠨ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠡᠬᠢᠯᠡᠪᠡ᠃      ᠲᠤᠰ ᠬᠤᠭᠤᠴᠠᠭᠠᠨ ᠤ ᠨᠡᠭᠦᠷᠡᠰᠦ ᠶᠢᠨ ᠦᠵᠡᠰᠬᠦᠯᠡᠩ ᠤᠨ ᠴᠤᠭᠯᠠᠭᠠᠨ ᠨᠢ 3 ᠡᠳᠦᠷ ᠶᠠᠪᠤᠭᠳᠠᠵᠤ᠂ ᠶᠡᠷᠦᠩᠬᠡᠶ ᠲᠠᠯᠠᠪᠠᠶ ᠨᠢ ᠨᠡᠶᠢᠲᠡ 3 ᠲᠦᠮᠡᠨ ᠲᠡᠭᠰᠢ ᠳᠥᠷᠪᠡᠯᠵᠢᠨ ᠮᠧᠲᠷ ᠪᠦᠬᠦᠢ 2 ᠭᠡᠷ ᠳᠤᠲᠤᠷ᠎ᠠ ᠳᠡᠯᠭᠡᠨ ᠦᠵᠡᠭᠦᠯᠬᠦ ᠣᠷᠳᠣᠨ ᠪᠣᠯᠤᠨ1 ᠭᠡᠷ ᠤᠨ ᠭᠠᠳᠠᠨ᠎ᠠ ᠳᠡᠯᠭᠡᠨ ᠦᠵᠡᠭᠦᠯᠬᠦ ᠭᠠᠵᠠᠷ ᠲᠤᠬᠢᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 310 ᠭᠠᠷᠤᠢ ᠲᠤᠮᠤ ᠬᠡᠯᠪᠡᠷᠢ ᠶᠢᠨ ᠡᠨᠧᠷᠭᠢ ᠶᠢᠨ ᠠᠵᠤ ᠠᠬᠤᠶᠢᠯᠠᠯ ᠤᠨ ᠨᠡᠭᠦᠷᠡᠰᠦᠨ ᠮᠠᠰᠢᠨ ᠦᠢᠯᠡᠳᠬᠦ ᠬᠤᠳᠠᠯᠳᠤᠭᠠᠴᠢᠨ᠂ ᠨᠡᠭᠦᠷᠡᠰᠦ ᠶᠢ ᠤᠬᠢᠶᠠᠨ ᠰᠢᠯᠢᠵᠦ ᠪᠣᠯᠪᠠᠰᠤᠷᠠᠭᠤᠯᠬᠤ ᠪᠣᠯᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠲᠤᠨᠤᠭ ᠲᠥᠬᠦᠭᠡᠷᠦᠮᠵᠢ ᠦᠢᠯᠡᠳᠪᠦᠷᠢᠯᠡᠬᠦ ᠦᠢᠯᠡᠳᠪᠦᠷᠢ ᠶᠢᠨ ᠬᠤᠳᠠᠯᠳᠤᠭᠠᠴᠢᠨ ᠣᠷᠣᠯᠴᠠᠵᠠᠶ᠃ ᠦᠵᠡᠭᠦᠯᠦᠯᠭᠡ ᠨᠢ ᠤᠯᠠᠨ ᠤᠯᠤᠰ ᠤᠨ ᠬᠠᠮᠲᠤᠷᠠᠨ ᠠᠵᠢᠯᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠨᠴᠠᠯᠢᠭ ᠢ ᠳᠤᠪᠤᠶᠢᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠭᠦᠷᠡᠰᠦᠨ ᠤ ᠠᠵᠢᠯ ᠳᠦᠷᠦᠯ ᠤᠨ ᠣᠯᠤᠭᠰᠠᠨ ᠰᠢᠨ᠎ᠡ ᠦᠷ᠎ᠡ ᠪᠦᠲᠦᠭᠡᠯ᠂ ᠰᠢᠨ᠎ᠡ ᠲᠠᠷᠠᠭᠯᠠᠯ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠲᠥᠪᠯᠡᠷᠡᠭᠦᠯᠦᠨ ᠦᠵᠡᠭᠦᠯᠵᠦ᠂ ᠨᠢᠭᠡ ᠤᠳᠠᠭᠠᠨ ᠤ ᠬᠠᠮᠲᠤᠷᠠᠯᠴᠠᠭ᠎ᠠ ᠶᠢ ᠴᠤᠭᠯᠠᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠭᠰᠠᠠ ᠨᠡᠭᠦᠷᠡᠰᠦᠨ ᠤ  ᠠᠵᠢᠯ ᠲᠦᠷᠦᠯ ᠤᠨ ᠦᠪᠡᠳᠡᠭᠰᠢ ᠶᠡᠭᠡ ᠴᠤᠭᠯᠠᠭᠠᠨ ᠪᠤᠯᠪᠠ᠃ ᠡᠨᠡ ᠬᠤᠭᠤᠴᠠᠭᠠᠨ ᠳᠤ ᠪᠠᠰᠠ ︽ᠨᠡᠭᠦᠷᠡᠰᠦᠨ ᠤ ᠬᠢᠴᠢᠶᠡᠯ ᠤᠨ ᠲᠣᠮᠣ ᠲᠠᠩᠬᠢᠮ︾ ᠤᠷᠳᠤᠰ ᠲᠤ ᠤᠷᠤᠬᠤ — — ᠳᠤᠮᠳᠠᠳᠤ ᠤᠯᠤᠰ ᠤᠨ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠡᠭᠡ ᠬᠤᠷᠠᠯ ᠢ ᠡᠷᠬᠢᠯᠡᠵᠦ᠂ ᠠᠵᠢᠯ ᠲᠦᠷᠦᠯ ᠤᠨ ᠳᠤᠲᠤᠷᠠᠬᠢ ᠨᠡᠷᠡᠲᠦ ᠲᠤᠰᠬᠠᠶ ᠮᠡᠷᠭᠡᠵᠢᠯᠲᠡᠨ ᠡᠷᠳᠡᠮᠲᠡᠳ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠲᠤᠬᠠᠶ ᠭᠦᠨᠵᠡᠭᠡᠶ ᠦᠭᠦᠯᠡᠭᠰᠡᠨ ᠪᠠ ᠰᠦᠪᠡᠭᠴᠢᠯᠡᠯᠲᠡ ᠬᠢᠪᠡ᠃      ᠤᠶᠢᠷ᠎ᠠ ᠶᠢᠨ ᠵᠢᠯ ᠤᠳ ᠲᠤ ᠣᠷᠳᠣᠰ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠨᠡᠭᠦᠷᠡᠰᠦᠨ ᠤ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠪᠠ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠨᠡᠭᠦᠷᠡᠰᠦ ᠪᠠ ᠡᠨᠧᠷᠬᠢ ᠶᠢᠨ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠪᠠᠭ᠎ᠠ ᠪᠥᠭᠡᠳ ᠥᠨᠳᠥᠷ ᠪᠦᠲᠦᠮᠵᠢᠲᠡᠶ ᠬᠥᠭᠵᠢᠯᠲᠡ ᠶᠢᠨ ᠵᠠᠮ ᠢ ᠰᠦᠪᠡᠭᠴᠢᠯᠡᠨ ᠨᠡᠭᠡᠭᠡᠵᠦ᠂ ᠨᠡᠭᠦᠷᠡᠰᠦᠨ ᠤ ᠡᠬᠢ ᠪᠠᠶᠠᠯᠢᠭ ᠤᠨ ᠪᠤᠬᠢᠷᠳᠤᠯ ᠦᠭᠡᠢ᠂ ᠠᠷᠢᠭᠤᠨ ᠴᠡᠪᠡᠷ᠂ ᠠᠮᠤᠷ ᠲᠦᠪᠰᠢᠨ ᠪᠠ ᠦᠷᠬᠦᠯᠵᠢᠯᠡᠬᠦᠶᠢᠴᠡ ᠬᠦᠭᠵᠢᠯᠲᠡ ᠶᠢ ᠪᠡᠶᠡᠯᠡᠭᠦᠯᠪᠡ᠃ ᠪᠦᠬᠦ ᠬᠤᠳᠠ ᠳᠤ ᠤᠳᠤ ᠨᠡᠭᠦᠷᠡᠰᠦᠨ ᠠᠭᠤᠷᠬᠠᠶ 335 ᠪᠠᠶᠢᠬᠤ ᠪᠦᠭᠡᠳ ᠶᠡᠷᠦᠩᠬᠡᠶ ᠵᠢᠷᠤᠭ ᠲᠥᠯᠥᠪᠯᠡᠭᠡᠨ ᠤ ᠦᠢᠯᠡᠳᠪᠦᠷᠢᠯᠡᠯ ᠤᠨ ᠴᠢᠳᠠᠪᠤᠷᠢ ᠨᠢ ᠵᠢᠯ ᠳᠤ 76806 ᠲᠦᠮᠡᠨ ᠲᠣᠨ ᠪᠠᠶᠢᠵᠤ᠂ ᠤᠯᠤᠰ ᠤᠨ ᠲᠦᠯᠦᠪᠵᠢᠭᠦᠯᠦᠨ ᠪᠦᠳᠦᠬᠡᠨ ᠪᠠᠶᠢᠭᠤᠯᠤᠭᠰᠠᠨ 14 ᠲᠤᠮᠤ ᠬᠡᠯᠪᠡᠷᠢ ᠶᠢᠨ ᠨᠡᠭᠦᠷᠡᠰᠦᠨ ᠤ ᠰᠠᠭᠤᠷᠢᠨ ᠭᠠᠵᠠᠷ ᠤᠨ ᠨᠢᠭᠡ ᠨᠢ ᠪᠤᠯᠬᠤ ᠪᠠ 9 ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ ᠤᠨ ᠨᠢᠭᠡ ᠨᠢ ᠪᠤᠯᠤᠨ᠎ᠠ᠂ ᠨᠡᠭᠦᠷᠡᠰᠦᠨ ᠠᠭᠤᠷᠬᠠᠶ ᠶᠢᠨ ᠮᠠᠯᠲᠠᠯᠭ᠎ᠠ ᠶᠢ ᠮᠧᠬᠠᠨᠢᠭᠵᠢᠭᠤᠯᠤᠭᠰᠠᠨ ᠬᠡᠮᠵᠢᠶ᠎ᠡ ᠨᠢ 95%᠎ ᠳᠤ ᠬᠦᠷᠴᠦ᠂ ᠨᠡᠭᠦᠷᠡᠰᠦᠨ ᠠᠭᠤᠷᠬᠠᠶ ᠶᠢᠨ ᠨᠡᠭᠦᠷᠡᠰᠦ ᠮᠠᠯᠲᠠᠬᠤ ᠣᠷᠣᠨ ᠤ ᠲᠠᠬᠢᠵᠤ ᠮᠠᠯᠲᠠᠬᠤ ᠨᠤᠷᠮ᠎ᠠ 80% ᠬᠦᠷᠴᠦ᠂ ᠠᠵᠤ ᠦᠢᠯᠡᠰ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠨᠢ ᠠᠵᠢᠯ ᠲᠦᠷᠦᠯ ᠤᠨ ᠳᠤᠲᠤᠷ᠎ᠠ ᠤᠷᠤᠶᠢᠯᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号