4 ᠳ᠋ᠤᠭᠡᠷ ᠰᠠᠷ᠎ᠠ ᠶᠢᠨ 15 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠢᠭᠡᠳ | ᠤᠷᠤᠰ ᠤᠨ ᠬᠤᠯᠪᠤᠭ᠎ᠠ ᠶᠢᠨ ᠠᠷᠣ ᠪᠠᠶᠢᠭᠠᠯ ᠬᠢᠯᠢ ᠬᠢᠵᠠᠭᠠᠷ ᠤᠷᠤᠨ ᠤ ᠵᠠᠰᠠᠭ ᠤᠨ ᠤᠷᠳᠤᠨ ᠤ ᠬᠤᠭᠤᠷᠤᠨᠳᠦᠬᠢ | ᠲᠤᠬᠳᠠᠬᠰᠠᠨ ᠬᠤᠭᠤᠴᠠᠭ᠎ᠠ ᠲᠠᠢ ᠠᠭᠤᠯᠵᠡᠬᠤ ᠲᠤᠬᠳᠠᠴᠠ ᠶᠢᠨ ᠠᠩᠬᠠᠳᠤᠭᠠᠷ ᠣᠳᠠᠭ᠎ᠠ ᠶᠢᠨ ᠬᠤᠷᠠᠯ | ᠬᠦᠬᠡᠬᠤᠳᠠ ᠳᠤ ᠬᠤᠷᠠᠯᠳᠣᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ᠂ ᠤᠷᠤᠰ ᠤᠨ ᠬᠤᠯᠪᠣᠭ᠎ᠠ ᠶᠢᠨ ᠠᠷᠣ ᠪᠠᠶᠢᠭᠠᠯ ᠬᠢᠯᠢ ᠬᠢᠵᠠᠭᠠᠷ ᠤᠷᠤᠨ ᠤ ᠵᠠᠰᠠᠭ | ᠵᠠᠬᠢᠷᠭᠠᠨ ᠤ ᠲᠠᠷᠤᠭ᠎ᠠ ᠨᠠ · ᠨᠢᠢ · ᠿᠢᠳᠡᠨᠨᠤᠸᠠ ᠬᠤᠷᠠᠯ ᠳᠤ ᠤᠷᠤᠯᠴᠠᠵᠤ᠂ ᠬᠤᠶᠠᠷ ᠲᠠᠯ᠎ᠠ ᠪᠠᠷ ᠢᠶᠠᠨ ᠬᠤᠷᠠᠯ ᠤᠨ | ᠳᠣᠪᠴᠢ ᠲᠡᠮᠳᠡᠭᠯᠡᠯ ᠳᠤ ᠭᠠᠷ ᠦᠰᠦᠭ ᠵᠢᠷᠤᠪᠠ᠃ | ᠪᠦ᠋ ᠰᠢᠶᠤᠤ ᠯᠢᠨ ᠡᠩ ᠲᠡᠷᠢᠭᠦᠨ ᠳᠤ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠢ ᠲᠦᠯᠦᠭᠡᠯᠡᠵᠤ᠂ ᠿᠢᠳᠡᠨᠨᠤᠸᠠ ᠨᠠᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠬᠳᠤᠵᠤ ᠪᠠᠶᠢᠬᠤ ᠪᠠᠨ | ᠢᠯᠡᠳᠭᠡᠭᠦ ᠶᠢᠨ ᠬᠠᠮᠳᠤ ᠦᠪᠦᠷ ᠮᠤᠩᠭᠤᠯ ᠤᠨ ᠦᠨᠳᠦᠰᠦᠨ ᠪᠠᠶᠢᠳᠠᠯ ᠢᠶᠠᠨ ᠲᠦᠭᠦᠮ ᠲᠠᠨᠢᠯᠴᠠᠭᠤᠯᠪᠠ᠃ ᠲᠡᠷᠡ | ᠬᠡᠯᠡᠭᠰᠡᠨ ᠨᠢ᠂ ᠦᠪᠦᠷ ᠮᠤᠩᠭᠤᠯ ᠪᠤᠯ ᠲᠤᠮᠳᠠᠳᠤ ᠤᠯᠤᠰ ᠤᠨ ᠬᠠᠮᠤᠭ ᠤᠨ ᠡᠷᠳᠡ ᠪᠠᠶᠢᠭᠤᠯᠤᠭᠳᠠᠭᠰᠠᠨ ᠴᠦᠭᠡᠨ | ᠲᠤᠭᠠᠳᠦ ᠦᠨᠳᠦᠰᠦᠳᠡᠨ ᠤ ᠦᠪᠡᠷᠳᠡᠭᠡᠨ ᠵᠠᠰᠬᠠᠤ ᠤᠷᠤᠨ ᠪᠣᠯᠣᠨ᠎ᠠ᠂ ᠮᠠᠯ ᠠᠵᠤ ᠠᠬᠤᠢ ᠲᠠᠷᠢᠶᠠᠯᠠᠩ ᠤᠨ ᠡᠬᠢ | ᠪᠠᠶᠠᠯᠢᠭ᠂ ᠠᠭᠤᠷᠬᠠᠢ ᠶᠢᠨ ᠡᠬᠢ ᠪᠠᠶᠠᠯᠢᠭ ᠡᠯᠪᠡᠭ ᠲᠡᠯᠪᠡᠭ᠂ ᠡᠳᠡᠭᠡᠷ ᠡᠬᠢ ᠪᠠᠶᠠᠯᠢᠭ ᠲᠠᠭᠠᠨ ᠲᠦᠰᠢᠭᠯᠡᠨ ᠡᠨᠧᠷᠬᠢ᠂ | ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠤᠯᠪᠠᠰᠤᠷᠠᠭᠤᠯᠬᠤ ᠪᠠᠷᠢᠯᠭ᠎ᠠ ᠶᠢᠨ ᠮᠠᠲ᠋ᠧᠷᠢᠶᠠᠯ᠂ ᠲᠤᠨᠤᠬᠯᠠᠯ ᠦᠢᠯᠡᠳᠭᠦ | ᠵᠡᠷᠭᠡ ᠲᠠᠪᠠᠭᠤᠯᠢᠭᠳᠣ ᠤᠨᠴᠠᠯᠢᠬᠳᠦ ᠠᠵᠤ ᠦᠢᠯᠡᠰ ᠢ ᠪᠦᠷᠢᠯᠳᠦᠭᠦᠯᠪᠡ᠃ ᠤᠳᠤᠬᠠᠨ ᠳᠤ ᠶᠠᠭ ᠠᠵᠤ ᠦᠢᠯᠡᠰ ᠤᠨ | ᠪᠦᠳᠦᠴᠡ ᠳᠡᠭᠡᠨ ᠢᠳᠡᠪᠬᠢᠳᠡᠢ ᠲᠤᠬᠢᠷᠠᠭᠤᠯᠣᠯᠳᠠ ᠬᠢᠵᠣ᠂ ᠰᠢᠨ᠎ᠡ ᠡᠨᠧᠷᠬᠢ᠂ ᠰᠢᠨ᠎ᠠ ᠮᠠᠲ᠋ᠧᠷᠢᠶᠠᠯ᠂ ᠡᠨᠧᠷᠬᠢ | ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠲᠡᠭᠡᠳᠦ ᠲᠡᠰ ᠤᠨ ᠲᠤᠨᠤᠬᠯᠠᠯ᠂ ᠲᠤᠮᠤ ᠳ᠋ᠠᠶᠢᠲ᠋ᠠ ᠵᠡᠷᠭᠡ | ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠶᠡᠭᠡᠪᠡᠷ ᠬᠦᠭᠵᠢᠭᠦᠯᠵᠤ ᠪᠠᠶᠢᠨ᠎ᠠ᠃ ᠠᠷᠣ ᠪᠠᠶᠢᠭᠠᠯ ᠬᠢᠯᠢ ᠬᠢᠵᠠᠭᠠᠷ | ᠤᠷᠤᠨ ᠪᠤᠯ ᠦᠵᠡᠮᠵᠢ ᠲᠡᠭᠦᠰ ᠮᠦᠷᠳᠡᠭᠡᠨ ᠠᠮᠢᠵᠢᠷᠠᠯ ᠤᠨ ᠬᠦᠴᠦᠨ ᠪᠢᠯᠬᠠᠭᠰᠠᠨ ᠭᠠᠵᠠᠷ ᠪᠣᠯᠣᠨ᠎ᠠ᠂ ᠡᠯ᠎ᠠ | ᠲᠠᠯ᠎ᠠ ᠶᠢᠨ ᠬᠦᠭᠵᠢᠯᠳᠡ ᠶᠢᠨ ᠠᠮᠵᠢᠯᠳᠡ ᠨᠢ ᠪᠢᠳᠡᠨ ᠤ ᠰᠤᠷᠤᠯᠴᠠᠨ ᠲᠤᠯᠢᠯᠠᠭᠤᠰᠢᠳᠠᠢ ᠵᠦᠢᠯ ᠪᠤᠯᠤᠨ᠎ᠠ᠃ ᠤᠯᠠᠨ | ᠵᠢᠯ ᠤᠨ ᠲᠤᠷᠰᠢ᠂ ᠦᠪᠦᠷ ᠮᠤᠩᠭᠤᠯ ᠬᠢᠭᠡᠳ ᠠᠷᠣ ᠪᠠᠶᠢᠭᠠᠯ ᠬᠢᠯᠢ ᠬᠢᠵᠠᠭᠠᠷ ᠤᠷᠤᠨ ᠠᠵᠤ ᠠᠬᠤᠢ ᠠᠷᠠᠯᠵᠢᠶ᠎ᠠ᠂ | ᠵᠢᠭᠤᠯᠴᠢᠯᠠᠯ᠂ ᠡᠷᠡᠭᠦᠯ ᠬᠠᠮᠠᠭᠠᠯᠠᠯ᠂ ᠰᠤᠶᠤᠯ ᠵᠡᠷᠭᠡ ᠲᠠᠯ᠎ᠠ ᠪᠠᠷ ᠪᠦᠷ ᠰᠤᠯᠢᠯᠴᠠᠭ᠎ᠠ ᠬᠠᠮᠳᠤᠷᠠᠯᠴᠠᠭ᠎ᠠ ᠬᠢᠵᠦ᠂ 7 | ᠬᠤᠤᠰ ᠨᠦᠬᠦᠷᠰᠡᠭ ᠬᠤᠳᠠ ᠶᠢᠨ ᠬᠠᠷᠢᠴᠠᠭ᠎ᠠ ᠪᠠᠶᠢᠭᠤᠯᠤᠨ᠂ 4 ᠬᠠᠭᠤᠷᠠᠢ ᠵᠠᠮ ᠤᠨ ᠪᠤᠭᠤᠮᠳᠠ ᠨᠢᠭᠤᠷᠯᠠᠨ | ᠬᠦᠷᠰᠢᠯᠡᠵᠦ᠂ ᠦᠪᠦᠷ ᠮᠤᠩᠭᠤᠯ ᠤᠨ 40 ᠭᠠᠷᠤᠢ ᠠᠵᠤ ᠠᠬᠤᠶᠢᠯᠠᠯ ᠠᠷᠣ ᠪᠠᠶᠢᠭᠠᠯ ᠬᠢᠯᠢ ᠬᠢᠵᠠᠭᠠᠷ ᠤᠷᠤᠨ ᠳᠤ | ᠪᠡᠯᠡ ᠤᠷᠤᠭᠤᠯᠵᠤ ᠪᠤᠢ᠃ ᠬᠤᠶᠠᠷ ᠭᠠᠵᠠᠷ ᠣᠷᠣᠨ ᠤ ᠬᠠᠮᠳᠤᠷᠠᠨ ᠠᠵᠢᠯᠯᠠᠬᠤ ᠤᠷᠤᠨ ᠵᠠᠢ ᠦᠷᠭᠡᠨ ᠪᠦᠭᠡᠳ | ᠬᠠᠷᠢᠯᠴᠠᠨ ᠨᠦᠬᠦᠪᠦᠷᠢᠯᠡᠭᠦ ᠴᠢᠨᠠᠷ ᠢᠶᠠᠷ ᠴᠢᠩᠭ᠎ᠠ᠂ ᠬᠤᠶᠠᠷ ᠲᠠᠯ᠎ᠠ ᠶᠢᠨ ᠬᠠᠮᠳᠤ ᠶᠢᠨ ᠴᠢᠷᠮᠠᠶᠢᠯᠭ᠎ᠠ ᠪᠠᠷ ᠲᠤᠬᠳᠠᠭᠰᠠᠨ | ᠬᠤᠭᠤᠴᠠᠭ᠎ᠠ ᠲᠠᠢ ᠠᠭᠤᠯᠵᠠᠬᠤ ᠲᠤᠬᠳᠠᠴᠠ ᠶᠢᠨ ᠡᠨᠡᠭᠦ ᠲᠠᠪᠴᠠᠩ ᠢᠶᠠᠷ ᠲᠠᠮᠵᠢᠨ᠂ ᠬᠤᠶᠠᠷ ᠭᠠᠵᠠᠷ ᠤᠨ ᠨᠦᠬᠦᠷᠯᠡᠯ | ᠪᠤᠯᠤᠨ ᠬᠠᠮᠳᠤᠷᠠᠯᠴᠠᠭ᠎ᠠ ᠲᠠᠰᠤᠷᠠᠯᠳᠠ ᠦᠭᠡᠢ ᠬᠦᠨᠵᠡᠭᠡᠶᠢᠷᠡᠨᠡ ᠬᠡᠳᠡᠭ ᠢ ᠢᠳᠡᠭᠡᠵᠤ ᠪᠠᠶᠢᠨ᠎ᠠ ᠬᠡᠵᠡᠢ᠃ | ᠿᠧᠳᠡᠨᠨᠤᠸᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠬᠠᠯᠠᠭᠤᠨ ᠵᠣᠴᠢᠯᠠᠭ᠎ᠠ ᠳᠤ ᠲᠠᠯᠠᠷᠬᠠᠵᠤ᠂ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠤᠯᠤᠬᠰᠠᠨ ᠠᠮᠵᠢᠯᠳᠠ ᠪᠦᠳᠦᠮᠵᠢ ᠶᠢ ᠮᠠᠬᠳᠠᠨ ᠰᠠᠶᠢᠰᠢᠶᠠᠪᠠ᠃ ᠲᠡᠷᠡ ᠬᠡᠯᠡᠭᠰᠡᠨ ᠨᠢ᠂ ᠠᠷᠣ | ᠪᠠᠶᠢᠭᠠᠯ ᠬᠢᠯᠢ ᠬᠢᠵᠠᠭᠠᠷ ᠤᠷᠤᠨ ᠬᠢᠭᠡᠳ ᠦᠪᠦᠷ ᠮᠤᠩᠭᠤᠯ ᠤᠨ ᠨᠦᠬᠦᠷᠰᠡᠭ ᠬᠠᠷᠢᠴᠠᠭ᠎ᠠ ᠦᠨᠢ ᠤᠳᠠᠭᠠᠨ | ᠤᠯᠠᠮᠵᠢᠯᠠᠯ ᠲᠠᠢ᠂ ᠬᠠᠮᠳᠤᠷᠠᠨ ᠠᠵᠢᠯᠯᠠᠬᠤ ᠰᠠᠭᠤᠷᠢ ᠰᠠᠶᠢᠨ᠃ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ | ᠠᠭᠤᠯᠵᠠᠯᠳᠠ ᠪᠠᠷ ᠲᠤᠬᠢᠶᠠᠯ ᠪᠤᠯᠭᠠᠵᠤ᠂ ᠲᠠᠷᠢᠶᠠᠯᠠᠩ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠭᠦ᠂ | ᠮᠤᠳᠤᠨ ᠮᠠᠲ᠋ᠧᠷᠢᠶᠠᠯ ᠪᠤᠯᠪᠠᠰᠤᠷᠠᠭᠤᠯᠬᠤ᠂ ᠬᠢᠯᠢ ᠠᠯᠤᠰᠯᠠᠬᠰᠠᠨ ᠵᠢᠭᠤᠯᠴᠢᠯᠠᠯ᠂ ᠰᠠᠭᠤᠷᠢ ᠲᠦᠭᠦᠭᠡᠷᠦᠮᠵᠢ᠂ ᠡᠮ | ᠡᠮᠨᠡᠯᠭᠡ ᠡᠷᠡᠭᠦᠯ ᠬᠠᠮᠠᠭᠠᠯᠠᠯ᠂ ᠰᠤᠶᠤᠯ ᠵᠡᠷᠭᠡ ᠬᠦᠷᠢᠶᠡᠨ ᠳᠠᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ | ᠬᠦᠨᠵᠡᠭᠡᠢ ᠠᠬᠢᠭᠤᠯᠵᠤ᠂ ᠬᠤᠶᠠᠷ ᠭᠠᠵᠠᠷ ᠤᠨ ᠨᠦᠬᠦᠷᠰᠡᠭ ᠬᠠᠷᠢᠴᠠᠭ᠎ᠠ ᠶᠢ ᠰᠢᠨ᠎ᠠ ᠲᠦᠪᠰᠢᠨ ᠳᠤ ᠬᠦᠷᠳᠡᠯ᠎ᠡ | ᠲᠡᠭᠡᠭᠰᠢᠯᠡᠭᠦᠯᠭᠦ ᠶᠢ ᠬᠦᠰᠡᠵᠤ ᠪᠠᠶᠢᠨ᠎ᠠ ᠬᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ | ᠤᠷᠤᠨ ᠤ ᠪᠠᠶᠢᠡᠭᠭᠤ ᠶᠢᠨ ᠳᠡᠳ᠋ ᠲᠡᠷᠢᠭᠦᠯᠡᠭᠴᠢ ᠵᠠᠩ ᠵᠢᠶᠠᠨ ᠮᠢᠨ᠂ ᠠᠷᠤ ᠪᠠᠶᠢᠭᠠᠯ ᠬᠢᠯᠢ ᠬᠢᠵᠠᠭᠠᠷ ᠤᠷᠤᠨ ᠤ | ᠵᠠᠰᠠᠭ ᠤᠨ ᠤᠷᠳᠤᠨ ᠤ ᠲᠡᠳ᠋ ᠲᠡᠷᠢᠭᠦᠯᠡᠭᠴᠢ᠂ ᠠᠵᠦ ᠠᠬᠤᠢ ᠶᠢᠨ ᠭᠦᠭᠵᠢᠯᠳᠡ ᠶᠢᠨ ᠶᠠᠮᠤᠨ ᠤ ᠰᠠᠶᠢᠳ ᠰᠢᠶᠧ · | ᠰᠢᠶᠧ · ᠨᠤᠸᠢᠴᠢᠨᠺᠧ ᠠᠭᠤᠯᠵᠠᠯᠳᠠ ᠵᠡᠷᠭᠡ ᠳᠤ ᠤᠷᠤᠯᠴᠠᠵᠠᠢ᠃ |