ᠥᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠲᠦᠪ ᠤᠨ ᠠᠯᠪᠠᠨ ᠤ | ᠵᠢᠷᠬᠢᠶ᠎ᠠ ᠳᠡᠭᠡᠨ᠂ ᠬᠠᠮᠢᠶ᠎ᠠ ᠪᠦᠬᠦᠢ ᠮᠡᠳᠡᠭᠳᠡᠯ ᠢ ᠦᠨᠳᠦᠰᠦᠯᠡᠵᠦ᠂ 2017 ᠤᠨ ᠳᠤ ᠤᠤᠯ ᠤᠨ ︽ᠦᠪᠦᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠤᠯᠤᠰ ᠤᠨ | ᠨᠢᠬᠡᠳᠦᠯᠳᠡᠢ ᠰᠢᠯᠭᠠᠯᠳᠠ ᠶᠢᠨ ᠬᠤᠪᠢ ᠪᠤᠳᠤᠬᠤ ᠠᠷᠭ᠎ᠠ︾ ᠳᠠᠬᠢ ᠬᠤᠤᠰ ᠬᠡᠯᠡᠨ ᠤ ᠵᠢᠭᠠᠨ ᠰᠤᠷᠭᠠᠯᠳᠠ ᠬᠦᠷᠳᠡᠵᠦ | ᠪᠠᠶᠢᠭ᠎ᠠ ᠤᠯᠤᠰ ᠤᠨ ᠨᠢᠬᠡᠳᠦᠯᠳᠡᠢ ᠰᠢᠯᠭᠠᠯᠳᠠ ᠳᠤ ᠰᠢᠯᠭᠠᠭᠤᠯᠤᠭᠴᠢ ᠶᠢᠨ ᠰᠢᠯᠭᠠᠯᠳᠠ ᠶᠢᠨ ᠬᠢᠴᠢᠶᠡᠯ ᠲᠦᠷᠦᠯ | ᠵᠢᠴᠢ ᠬᠤᠪᠢ ᠪᠤᠳᠤᠬᠤ ᠠᠷᠭ᠎ᠠ ᠳᠤ ᠵᠠᠰᠠᠪᠤᠷᠢ ᠤᠷᠤᠭᠤᠯᠤᠭᠰᠠᠨ ᠳᠤᠬᠠᠢ ᠨᠡᠶᠢᠳᠡᠯᠡᠵᠡᠢ᠃ | 2017 ᠤᠨ ᠤ ᠮᠠᠨ ᠤ ᠤᠷᠤᠨ ᠤ ᠪᠦᠬᠦ ᠤᠯᠤᠰ ᠤᠨ ᠨᠢᠬᠡᠳᠦᠯᠳᠡᠢ ᠰᠢᠯᠭᠠᠯᠳᠠ ᠶᠢᠨ ᠬᠤᠪᠢ ᠶᠢ ᠪᠤᠳᠤᠬᠤ | ᠠᠷᠭ᠎ᠠ ᠳᠤ᠂ ᠰᠢᠯᠭᠠᠯᠳᠠ ᠶᠢᠨ ᠬᠢᠴᠢᠶᠡᠯ ᠲᠦᠷᠦᠯ ᠢ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠨᠡᠶᠢᠬᠡᠮ ᠤᠨ | ᠰᠢᠨᠵᠢᠯᠡᠬᠦ ᠤᠬᠠᠭᠠᠨ ᠬᠡᠵᠦ ᠬᠤᠶᠠᠷ ᠶᠡᠭᠡ ᠲᠦᠷᠦᠯ ᠳᠤᠬᠢᠷᠠᠭᠤᠯᠵᠤ᠂ ︽3 + ᠨᠡᠶᠢᠬᠡᠮ ᠤᠨ ᠰᠢᠨᠵᠢᠯᠡᠬᠦ | ᠤᠬᠠᠭᠠᠨ ᠤ ᠶᠡᠷᠦᠩᠬᠡᠶᠢᠯᠡᠭᠰᠡᠨ ᠬᠢᠴᠢᠶᠡᠯ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠰᠡᠨ ᠲᠦᠷᠦᠯ︾ | ᠤᠨ ᠲᠦᠰᠦᠯ ᠢ ᠬᠡᠷᠡᠭᠵᠢᠬᠦᠯᠦᠨ᠎ᠡ᠃ | ᠡᠩ ᠤᠨ ᠨᠡᠶᠢᠬᠡᠮ ᠤᠨ ᠰᠢᠨᠵᠢᠯᠡᠬᠦ ᠤᠬᠠᠭᠠᠨ᠂ ᠬᠢᠳᠠᠳ ᠢᠶᠠᠷ ᠬᠢᠴᠢᠶᠡᠯᠯᠡᠬᠦ ᠤᠷᠠᠨ ᠵᠢᠷᠤᠭ᠂ ᠳᠠᠭᠤᠤ | ᠬᠦᠭᠵᠢᠮ᠂ ᠨᠠᠶᠢᠷᠠᠭᠤᠯᠤᠨ ᠤᠳᠤᠷᠢᠳᠤᠭᠠᠴᠢ ︵ᠨᠡᠶᠢᠬᠡᠮ ᠤᠨ ᠰᠢᠨᠵᠢᠯᠡᠬᠦ ᠤᠬᠠᠭᠠᠨ︶᠂ ᠪᠤᠰᠤᠳ ᠤᠷᠠᠯᠢᠭ ︵ | ᠨᠡᠶᠢᠬᠡᠮ ᠤᠨ ᠰᠢᠨᠵᠢᠯᠡᠬᠦ ᠤᠬᠠᠭᠠᠨ︶᠂ ᠬᠢᠳᠠᠳ ᠢᠶᠠᠷ ᠬᠢᠴᠢᠶᠡᠯᠯᠡᠬᠦ ᠳᠠᠮᠢᠷ ︵ᠨᠡᠶᠢᠬᠡᠮ ᠤᠨ ᠰᠢᠨᠵᠢᠯᠡᠬᠦ ᠤᠬᠠᠭᠠᠨ︶ | ᠤᠨ ᠰᠢᠯᠭᠠᠬᠤ ᠬᠢᠴᠢᠶᠡᠯ ᠲᠦᠷᠦᠯ᠄ ᠬᠡᠯᠡ ᠪᠢᠴᠢᠭ ︵ᠰᠤᠯᠤᠩᠭᠤᠰ ᠬᠡᠯᠡ︶᠂ ᠨᠡᠶᠢᠬᠡᠮ ᠤᠨ ᠰᠢᠨᠵᠢᠯᠡᠬᠦ | ᠤᠬᠠᠭᠠᠨ ᠤ ᠲᠤᠭᠠᠨ ᠤ ᠤᠬᠠᠭᠠᠨ᠂ ᠭᠠᠳᠠᠭᠠᠳᠤ ᠬᠡᠯᠡ᠂ ᠨᠡᠶᠢᠬᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ | ᠬᠢᠴᠢᠶᠡᠯ ᠢ ᠰᠢᠯᠭᠠᠨ᠎ᠠ᠃ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠬᠢᠳᠠᠳ ᠢᠶᠠᠷ ᠬᠢᠴᠢᠶᠡᠯᠯᠡᠬᠦ ᠤᠷᠠᠨ | ᠵᠢᠷᠤᠭ᠂ ᠳᠠᠭᠤᠤ ᠬᠦᠭᠵᠢᠮ᠂ ᠨᠠᠶᠢᠷᠠᠭᠤᠯᠤᠨ ᠤᠳᠤᠷᠢᠳᠤᠭᠠᠴᠢ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ | ᠪᠤᠰᠤᠳ ᠤᠷᠠᠯᠢᠭ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ ᠬᠢᠳᠠᠳ ᠢᠶᠠᠷ ᠬᠢᠴᠢᠶᠡᠯᠯᠡᠬᠦ ᠳᠠᠮᠢᠷ ︵ᠪᠠᠶᠢᠭᠠᠯᠢ ᠶᠢᠨ | ᠰᠢᠨᠵᠢᠯᠡᠬᠦ ᠤᠬᠠᠭᠠᠨ︶ ᠤᠨ ᠰᠢᠯᠭᠠᠬᠤ ᠬᠢᠴᠢᠶᠡᠯ ᠲᠦᠷᠦᠯ᠄ ᠬᠡᠯᠡ ᠪᠢᠴᠢᠭ ︵ᠰᠤᠯᠤᠩᠭᠤᠰ ᠬᠡᠯᠡ︶᠂ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠤᠭᠠᠨ ᠤ ᠤᠬᠠᠭᠠᠨ ᠤ ᠬᠢᠴᠢᠶᠡᠯ᠂ ᠭᠠᠳᠠᠭᠠᠳᠤ ᠬᠡᠯᠡ᠂ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠢ ᠰᠢᠯᠭᠠᠨ᠎ᠠ᠃ | ᠳᠡᠬᠡᠷᠡᠬᠢ ᠲᠦᠷᠦᠯ ᠳᠤ ᠨᠡᠷ᠎ᠡ ᠮᠡᠳᠡᠬᠦᠯᠦᠭᠰᠡᠳ ᠱᠠᠭᠠᠷᠳᠠᠯᠭ᠎ᠠ ᠪᠠᠷ ᠮᠤᠩᠭᠤᠯ ᠬᠡᠯᠡ ᠪᠢᠴᠢᠭ ᠤᠨ ︵ | ᠬᠦᠬᠡᠭᠴᠢᠨ︶ ᠲᠦᠷᠦᠯ ᠢ ᠨᠡᠮᠡᠵᠦ ᠰᠢᠯᠭᠠᠭᠤᠯᠤᠭᠰᠠᠳ᠂ ᠮᠤᠩᠭᠤᠯ ᠬᠡᠯᠡ ᠪᠢᠴᠢᠭ ︵ᠬᠦᠬᠡᠭᠴᠢᠨ︶ ᠤᠨ ᠲᠦᠷᠦᠯ ᠢ | ᠰᠢᠯᠭᠠᠬᠤ ᠮᠦᠷᠳᠡᠬᠡᠨ ᠪᠠᠰᠠ ᠭᠠᠳᠠᠭᠠᠳᠤ ᠬᠡᠯᠡ ᠰᠢᠯᠭᠠᠨ᠎ᠠ᠃ ᠬᠡᠯᠡ ᠪᠢᠴᠢᠭ᠂ ᠨᠡᠶᠢᠬᠡᠮ ᠤᠨ ᠰᠢᠨᠵᠢᠯᠡᠬᠦ ᠤᠬᠠᠭᠠᠨ ᠤ | ᠲᠤᠭᠠᠨ ᠤ ᠤᠬᠠᠭᠠᠨ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠭᠠᠨ ᠤ ᠤᠬᠠᠭᠠᠨ᠂ ᠨᠡᠶᠢᠬᠡᠮ ᠤᠨ ᠰᠢᠨᠵᠢᠯᠡᠬᠦ | ᠤᠬᠠᠭᠠᠨ ᠤ ᠶᠡᠷᠦᠩᠬᠡᠶᠢᠯᠡᠭᠰᠡᠨ ᠲᠦᠷᠦᠯ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ | ᠲᠦᠷᠦᠯ ᠤᠨ ᠰᠢᠯᠭᠠᠯᠳᠠ ᠶᠢᠨ ᠬᠢᠷᠢ ᠪᠦᠳᠦᠮᠵᠢ ᠶᠢ 100% ᠪᠠᠷ ᠪᠤᠳᠤᠵᠤ ᠤᠷᠤᠭᠤᠯᠤᠨ᠎ᠠ︔ ᠮᠤᠩᠭᠤᠯ ᠬᠡᠯᠡ | ᠪᠢᠴᠢᠭ ︵ᠬᠦᠬᠡᠭᠴᠢᠨ ᠲᠦᠷᠦᠯ︶ ᠪᠠ ᠭᠠᠳᠠᠭᠠᠳᠤ ᠬᠡᠯᠡ ᠶᠢᠨ ᠬᠢᠴᠢᠶᠡᠯ ᠤᠨ ᠬᠢᠷᠢ ᠪᠦᠳᠦᠮᠵᠢ ᠶᠢ 7᠄ 3 ᠶᠢᠨ | ᠬᠠᠷᠢᠴᠠᠯ ᠢᠶᠠᠷ ᠨᠤᠭᠤᠯᠤᠨ ᠪᠤᠳᠤᠵᠤ᠂ ᠨᠢᠬᠡ ᠬᠢᠴᠢᠶᠡᠯ ᠲᠦᠷᠦᠯ ᠤᠨ ᠬᠤᠪᠢ ᠪᠠᠷ ᠪᠤᠳᠤᠵᠤ ᠤᠷᠤᠭᠤᠯᠤᠨ᠎ᠠ᠃ | ᠳᠡᠬᠡᠷᠡᠬᠢ ᠲᠦᠷᠦᠯ ᠳᠤ ᠨᠡᠷ᠎ᠡ ᠮᠡᠳᠡᠬᠦᠯᠦᠭᠰᠡᠨ ᠰᠤᠯᠤᠩᠭᠤᠰ ᠬᠡᠯᠡ ᠪᠠᠷ ᠬᠢᠴᠢᠶᠡᠯᠡᠭᠰᠡᠳ ᠤᠨ ᠰᠢᠯᠭᠠᠯᠳᠠ ᠶᠢᠨ | ᠬᠢᠴᠢᠶᠡᠯ ᠲᠦᠷᠦᠯ᠄ ᠰᠤᠯᠤᠩᠭᠤᠰ ᠬᠡᠯᠡ᠂ ᠨᠡᠶᠢᠬᠡᠮ ᠤᠨ ᠰᠢᠨᠵᠢᠯᠡᠬᠦ ᠤᠬᠠᠭᠠᠨ ᠤ ᠳᠤᠭ᠎ᠠ ᠪᠤᠶᠤ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠲᠤᠭᠠᠨ ᠤ ᠤᠬᠠᠭᠠᠨ᠂ ᠨᠡᠶᠢᠬᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠲᠦᠷᠦᠯ | ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠲᠦᠷᠦᠯ᠂ ᠦᠨᠳᠦᠰᠦᠳᠡᠨ ᠤ ᠬᠢᠳᠠᠳ ᠬᠡᠯᠡᠨ ᠤ | ᠰᠢᠯᠭᠠᠯᠳᠠ ᠶᠢᠨ ᠭᠤᠷᠪᠠᠳᠤᠭᠠᠷ ᠳᠡᠰ ᠤᠨ ᠰᠢᠯᠭᠠᠯᠳᠠ ᠪᠠ ᠭᠠᠳᠠᠭᠠᠳᠤ ᠬᠡᠯᠡ ᠰᠢᠯᠭᠠᠨ᠎ᠠ᠃ ᠦᠨᠳᠦᠰᠦᠳᠡᠨ ᠤ | ᠬᠢᠳᠠᠳ ᠬᠡᠯᠡ ᠶᠢᠨ ᠭᠤᠷᠪᠠᠳᠤᠭᠠᠷ ᠳᠡᠰ ᠤᠨ ᠰᠢᠯᠭᠠᠯᠳᠠ ︵ᠨᠤᠭᠤᠯᠤᠨ ᠪᠤᠳᠤᠵᠤ ᠪᠦᠬᠦ ᠤᠯᠤᠰ ᠤᠨ ᠨᠢᠬᠡᠳᠦᠯᠳᠡᠢ | ᠰᠢᠯᠭᠠᠯᠳᠠ ᠶᠢᠨ ᠬᠢᠳᠠᠳ ᠬᠡᠯᠡ ᠶᠢᠨ ᠬᠤᠪᠢ ᠪᠠᠷ ᠪᠤᠳᠤᠨ᠎ᠠ︶ ᠪᠠ ᠭᠠᠳᠠᠭᠠᠳᠤ ᠬᠡᠯᠡ ᠶᠢᠨ ᠰᠢᠯᠭᠠᠯᠳᠠ ᠶᠢᠨ | ᠬᠤᠪᠢ ᠶᠢᠨ ᠬᠢᠷᠢ ᠪᠦᠳᠦᠮᠵᠢ ᠶᠢ 7᠄ 3 ᠶᠢᠨ ᠬᠠᠷᠢᠴᠠᠯ ᠢᠶᠠᠷ ᠨᠤᠭᠤᠯᠤᠨ ᠪᠤᠳᠤᠵᠤ᠂ ᠨᠢᠬᠡ ᠬᠢᠴᠢᠶᠡᠯ ᠲᠦᠷᠦᠯ ᠤᠨ | ᠬᠤᠪᠢ ᠪᠠᠷ ᠪᠤᠳᠤᠵᠤ ᠤᠷᠤᠭᠤᠯᠤᠨ᠎ᠠ᠃ ᠪᠤᠰᠤᠳ ᠬᠢᠴᠢᠶᠡᠯ ᠲᠦᠷᠦᠯ ᠤᠨ ᠬᠢᠷᠢ ᠪᠦᠳᠦᠮᠵᠢ ᠶᠢ 100 % ᠪᠠᠷ | ᠪᠤᠳᠤᠵᠤ ᠤᠷᠤᠭᠤᠯᠤᠨ᠎ᠠ᠃ ᠮᠤᠩᠭᠤᠯ ᠢᠶᠠᠷ ᠬᠢᠴᠢᠶᠡᠯᠯᠡᠬᠦ ᠨᠡᠶᠢᠬᠡᠮ ᠤᠨ ᠰᠢᠨᠵᠢᠯᠡᠬᠦ ᠤᠬᠠᠭᠠᠨ᠂ ᠮᠤᠩᠭᠤᠯ ᠢᠶᠠᠷ | ᠬᠢᠴᠢᠶᠡᠯᠯᠡᠬᠦ ᠤᠷᠠᠨ ᠵᠢᠷᠤᠭ᠂ ᠳᠠᠭᠤᠤ ᠬᠦᠭᠵᠢᠮ ︵ᠨᠡᠶᠢᠬᠡᠮ ᠤᠨ ᠰᠢᠨᠵᠢᠯᠡᠬᠦ ᠤᠬᠠᠭᠠᠨ︶᠂ ᠮᠤᠩᠭᠤᠯ ᠢᠶᠠᠷ | ᠬᠢᠴᠢᠶᠡᠯᠯᠡᠬᠦ ᠪᠤᠰᠤᠳ ᠤᠷᠠᠯᠢᠭ ︵ᠨᠡᠶᠢᠬᠡᠮ ᠤᠨ ᠰᠢᠨᠵᠢᠯᠡᠬᠦ ᠤᠬᠠᠭᠠᠨ︶᠂ ᠮᠤᠩᠭᠤᠯ ᠢᠶᠠᠷ ᠬᠢᠴᠢᠶᠡᠯᠯᠡᠬᠦ ᠳᠠᠮᠢᠷ ︵ | ᠨᠡᠶᠢᠬᠡᠮ ᠤᠨ ᠰᠢᠨᠵᠢᠯᠡᠬᠦ ᠤᠬᠠᠭᠠᠨ︶ ᠤᠨ ᠰᠢᠯᠭᠠᠬᠤ ᠬᠢᠴᠢᠶᠡᠯ ᠲᠦᠷᠦᠯ᠄ ᠮᠤᠩᠭᠤᠯ ᠬᠡᠯᠡ ᠪᠢᠴᠢᠭ ︵ᠬᠦᠬᠡ︶᠂ | ᠨᠡᠶᠢᠬᠡᠮ ᠤᠨ ᠰᠢᠨᠵᠢᠯᠡᠬᠦ ᠤᠬᠠᠭᠠᠨ ᠤ ᠲᠤᠭᠠᠨ ᠤ ᠤᠬᠠᠭᠠᠨ᠂ ᠨᠡᠶᠢᠬᠡᠮ ᠤᠨ ᠰᠢᠨᠵᠢᠯᠡᠬᠦ ᠤᠬᠠᠭᠠᠨ ᠤ | ᠶᠡᠷᠦᠩᠬᠡᠶᠢᠯᠡᠭᠰᠡᠨ ᠬᠢᠴᠢᠶᠡᠯ᠂ ᠦᠨᠳᠦᠰᠦᠳᠡᠨ ᠤ ᠬᠢᠳᠠᠳ ᠬᠡᠯᠡᠨ ᠤ ᠭᠤᠷᠪᠠᠳᠤᠭᠠᠷ ᠳᠡᠰ ᠵᠢᠴᠢ ᠭᠠᠳᠠᠭᠠᠳᠤ ᠬᠡᠯᠡ ᠶᠢ | ᠰᠢᠯᠭᠠᠨ᠎ᠠ᠃ | ᠮᠤᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠤᠩᠭᠤᠯ ᠢᠶᠠᠷ ᠬᠢᠴᠢᠶᠡᠯᠯᠡᠬᠦ ᠤᠷᠠᠨ | ᠵᠢᠷᠤᠭ᠂ ᠳᠠᠭᠤᠤ ᠬᠦᠭᠵᠢᠮ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ ᠮᠤᠩᠭᠤᠯ ᠢᠶᠠᠷ ᠬᠢᠴᠢᠶᠡᠯᠯᠡᠬᠦ ᠪᠤᠰᠤᠳ | ᠤᠷᠠᠯᠢᠭ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ ᠮᠤᠩᠭᠤᠯ ᠢᠶᠠᠷ ᠬᠢᠴᠢᠶᠡᠯᠯᠡᠬᠦ ᠳᠠᠮᠢᠷ ︵ᠪᠠᠶᠢᠭᠠᠯᠢ ᠶᠢᠨ | ᠰᠢᠨᠵᠢᠯᠡᠬᠦ ᠤᠬᠠᠭᠠᠨ︶ ᠤᠨ ᠰᠢᠯᠭᠠᠬᠤ ᠬᠢᠴᠢᠶᠡᠯ ᠲᠦᠷᠦᠯ᠄ ᠮᠤᠩᠭᠤᠯ ᠬᠡᠯᠡ ᠪᠢᠴᠢᠭ ︵ᠬᠦᠬᠡ︶᠂ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠲᠤᠭᠠᠨ ᠤ ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ᠂ | ᠦᠨᠳᠦᠰᠦᠳᠡᠨ ᠤ ᠬᠢᠳᠠᠳ ᠬᠡᠯᠡᠨ ᠤ ᠭᠤᠷᠪᠠᠳᠤᠭᠠᠷ ᠳᠡᠰ ᠤᠨ ᠰᠢᠯᠭᠠᠯᠳᠠ᠂ ᠭᠠᠳᠠᠭᠠᠳᠤ ᠬᠡᠯᠡ ᠶᠢ ᠰᠢᠯᠭᠠᠨ᠎ᠠ᠃ | ᠦᠨᠳᠦᠰᠦᠳᠡᠨ ᠤ ᠬᠢᠳᠠᠳ ᠬᠡᠯᠡ ᠶᠢᠨ ᠭᠤᠷᠪᠠᠳᠤᠭᠠᠷ ᠳᠡᠰ ᠤᠨ ᠰᠢᠯᠭᠠᠯᠳᠠ ︵ᠨᠤᠭᠤᠯᠤᠨ ᠪᠤᠳᠤᠵᠤ ᠪᠦᠬᠦ | ᠤᠯᠤᠰ ᠤᠨ ᠨᠢᠬᠡᠳᠦᠯᠳᠡᠢ ᠰᠢᠯᠭᠠᠯᠳᠠ ᠶᠢᠨ ᠬᠢᠳᠠᠳ ᠬᠡᠯᠡ ᠶᠢᠨ ᠬᠤᠪᠢ ᠪᠠᠷ ᠪᠤᠳᠤᠨ᠎ᠠ︶ ᠪᠠ ᠭᠠᠳᠠᠭᠠᠳᠤ ᠬᠡᠯᠡ ᠶᠢᠨ | ᠰᠢᠯᠭᠠᠯᠳᠠ ᠶᠢᠨ ᠬᠤᠪᠢ ᠶᠢᠨ ᠬᠢᠷᠢ ᠪᠦᠳᠦᠮᠵᠢ ᠶᠢ 7᠄ 3 ᠶᠢᠨ ᠬᠠᠷᠢᠴᠠᠯ ᠢᠶᠠᠷ ᠨᠤᠭᠤᠯᠤᠨ ᠪᠤᠳᠤᠵᠤ᠂ ᠨᠢᠬᠡ | ᠬᠢᠴᠢᠶᠡᠯ ᠲᠦᠷᠦᠯ ᠤᠨ ᠬᠤᠪᠢ ᠪᠠᠷ ᠪᠤᠳᠤᠵᠤ ᠤᠷᠤᠭᠤᠯᠤᠨ᠎ᠠ᠃ ᠪᠤᠰᠤᠳ ᠬᠢᠴᠢᠶᠡᠯ ᠲᠦᠷᠦᠯ ᠤᠨ ᠬᠢᠷᠢ | ᠪᠦᠳᠦᠮᠵᠢ ᠶᠢ 100 % ᠪᠠᠷ ᠪᠤᠳᠤᠵᠤ ᠤᠷᠤᠭᠤᠯᠤᠨ᠎ᠠ᠃ | ᠡᠯ᠎ᠡ ᠬᠢᠴᠢᠶᠡᠯ ᠲᠦᠷᠦᠯ ᠤᠨ ᠪᠦᠷᠢᠨ ᠬᠤᠪᠢ᠄ ᠨᠡᠶᠢᠬᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠬᠢᠴᠢᠶᠡᠯ ᠨᠢ ᠳᠤᠰᠪᠤᠷᠢ 300 ᠬᠤᠪᠢ᠂ ᠪᠤᠰᠤᠳ ᠬᠢᠴᠢᠶᠡᠯ ᠨᠢ 150 ᠬᠤᠪᠢ᠂ ︵ | ᠦᠨᠳᠦᠰᠦᠳᠡᠨ ᠤ ᠬᠢᠳᠠᠳ ᠬᠡᠯᠡᠨ ᠤ ᠭᠤᠷᠪᠠᠳᠤᠭᠠᠷ ᠳᠡᠰ ᠤᠨ ᠰᠢᠯᠭᠠᠯᠳᠠ ᠶᠢ ᠶᠡᠷᠦᠩᠬᠡᠢ ᠬᠤᠪᠢ ᠶᠢ 150 | ᠬᠤᠪᠢ ᠪᠠᠷ ᠨᠤᠭᠤᠯᠤᠨ ᠪᠤᠳᠤᠨ᠎ᠠ︶᠃ ᠨᠡᠶᠢᠳᠡ ᠬᠤᠪᠢ ᠨᠢ 750 ᠬᠤᠪᠢ᠃ ᠡᠬᠦᠨ ᠳᠤ᠂ ᠭᠠᠳᠠᠭᠠᠳᠤ ᠬᠡᠯᠡ ᠶᠢᠨ | ᠪᠢᠷ ᠤᠨ ᠰᠢᠯᠭᠠᠯᠳᠠ ᠶᠢᠨ ᠬᠤᠪᠢ ᠨᠢ 120 ᠬᠤᠪᠢ᠂ ᠳᠡᠭᠰᠢᠳᠬᠡᠵᠦ ᠪᠤᠳᠤᠭᠰᠠᠨ ᠤ ᠳᠠᠷᠠᠭ᠎ᠠ 150 ᠬᠤᠪᠢ ᠪᠠᠷ | ᠪᠤᠳᠤᠵᠤ ᠤᠷᠤᠭᠤᠯᠤᠨ᠎ᠠ︔ ᠭᠠᠳᠠᠭᠠᠳᠤ ᠬᠡᠯᠡ ᠶᠢᠨ ᠰᠤᠨᠤᠰᠬᠤ ᠴᠢᠳᠠᠪᠤᠷᠢ ᠶᠢᠨ ᠰᠢᠯᠭᠠᠯᠳᠠ 30 ᠬᠤᠪᠢ᠂ | ᠳᠤᠰᠬᠠᠢ ᠬᠤᠪᠢ ᠳᠡᠮᠳᠡᠭᠯᠡᠵᠦ᠂ ᠶᠡᠷᠦᠩᠬᠡᠢ ᠬᠤᠪᠢ ᠳᠤ ᠪᠤᠳᠤᠨ ᠤᠷᠤᠭᠤᠯᠬᠤ ᠦᠬᠡᠢ᠂ ᠰᠤᠷᠤᠭᠴᠢ ᠡᠯᠰᠡᠬᠦ | ᠦᠶ᠎ᠡ ᠳᠤ ᠬᠠᠮᠢᠶ᠎ᠠ ᠪᠦᠬᠦᠢ ᠶᠡᠭᠡ ᠳᠡᠬᠡᠳᠤ ᠰᠤᠷᠭᠠᠭᠤᠯᠢ ᠳᠤ ᠬᠠᠩᠭᠠᠨ ᠦᠭᠬᠦᠨ᠎ᠡ᠃ |