1949 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠠᠴᠠ ︽ᠡᠷᠡᠬᠦᠯ ᠬᠠᠮᠠᠭᠠᠯᠠᠯ ᠤᠨ ᠠᠵᠢᠯ ᠤᠨ ᠲᠤᠬᠠᠢ ᠵᠢᠭᠠᠪᠤᠷᠢ︾ ᠶᠢ ᠳᠠᠷᠬᠠᠭᠠᠵᠦ᠂ | ᠥᠪᠦᠷ ᠮᠤᠩᠭᠤᠯ ᠤᠨ ᠭᠠᠵᠠᠷ ᠤᠷᠤᠨ ᠤ ᠡᠪᠡᠳᠴᠢᠨ ᠬᠢᠵᠢᠭ ᠤᠨ ᠪᠠᠶᠢᠳᠠᠯ ᠪᠤᠳᠤᠯᠢᠶᠠᠠᠳᠠᠢ᠂ ᠦᠬᠦᠭᠰᠡᠨ ᠬᠦᠮᠦᠨ | ᠤ ᠲᠤᠭ᠎ᠠ ᠤᠯᠠᠨ ᠪᠠᠶᠢᠳᠠᠭ ᠠᠴᠠ ᠡᠯ᠎ᠠ ᠱᠠᠳᠤᠨ ᠤ ᠪᠠᠶᠢᠭᠤᠯᠤᠯᠭ᠎ᠠ ᠶᠢᠨ ᠬᠢᠨ ᠤᠷᠤᠨ ᠨᠤᠳᠤᠭ ᠤᠨ ᠡᠷᠡᠬᠦᠯ | ᠬᠠᠮᠠᠭᠠᠯᠠᠯ ᠤᠨ ᠠᠵᠢᠯ ᠢ ᠡᠷᠭᠡᠪᠰᠢ ᠳᠡᠭᠡᠳᠤ ᠭᠡᠮᠵᠢᠶ᠎ᠠ ᠪᠠᠷ ᠴᠢᠬᠤᠯᠠᠴᠢᠯᠠᠵᠦ᠂ ᠡᠷᠡᠬᠦᠯ ᠬᠠᠮᠠᠭᠠᠯᠠᠯ ᠬᠢᠵᠢᠭ | ᠰᠡᠷᠭᠡᠶᠢᠯᠡᠬᠦ ᠠᠵᠢᠯ ᠢ ᠴᠢᠬᠤᠯᠠ ᠪᠠᠶᠢᠷᠢᠨ ᠳᠤ ᠲᠠᠯᠪᠢᠪᠠᠯ ᠵᠤᠬᠢᠨ᠎ᠠ ᠭᠡᠵᠦ ᠵᠢᠭᠠᠵᠦ ᠭᠠᠷᠭᠠᠪᠠ᠃ | 60 ᠭᠠᠷᠤᠢ ᠵᠢᠯ ᠤᠨ ᠲᠤᠷᠰᠢ᠂ ᠥᠪᠦᠷ ᠮᠤᠩᠭᠤᠯ ᠤᠨ ᠡᠷᠡᠬᠦᠯ ᠬᠠᠮᠠᠭᠠᠯᠠᠯ ᠪᠤᠯᠤᠨ ᠡᠷᠡᠬᠦᠯ ᠡᠩᠭᠡ ᠶᠢᠨ | ᠦᠢᠯᠡᠰ ᠨᠢ ᠤᠷᠳᠤ ᠤᠳᠠᠭᠠᠨ ᠤ ᠬᠦᠭᠵᠢᠯᠳᠠ ᠲᠠᠢ ᠪᠤᠯᠵᠦ᠂ ᠠᠷᠠᠳ ᠲᠦᠮᠡᠨ ᠤ ᠡᠷᠡᠬᠦᠯ ᠮᠡᠨᠳᠦ ᠶᠢᠨ ᠲᠦᠪᠰᠢᠨ | ᠮᠡᠳᠡᠭᠳᠡᠮ᠎ᠠ ᠳᠡᠭᠡᠭᠰᠢᠯᠡᠵᠦ᠂ ᠡᠷᠡᠬᠦᠯ ᠬᠠᠮᠠᠭᠠᠯᠠᠯ ᠬᠢᠵᠢᠭ ᠰᠡᠷᠭᠡᠶᠢᠯᠡᠬᠦ ᠠᠵᠢᠯ ᠤᠷᠳᠤ ᠤᠳᠠᠭᠠᠨ ᠤ ᠬᠦᠭᠵᠢᠯᠳᠠ ᠲᠠᠢ | ᠪᠤᠯᠵᠠᠢ᠃ | ᠤᠳᠤᠬᠠᠨ ᠳᠤ᠂ ᠥᠪᠦᠷ ᠮᠤᠩᠭᠤᠯ ᠤᠨ ᠬᠠᠤᠯᠢ ᠳᠤ ᠲᠤᠭᠳᠠᠭᠰᠠᠨ ᠬᠠᠯᠳᠠᠪᠤᠷᠢᠳᠦ ᠡᠪᠡᠳᠴᠢᠨ ᠢ ᠮᠡᠳᠡᠬᠦᠯᠬᠦ | ᠨᠤᠷᠮ᠎ᠠ 99.67% ᠳᠤ ᠬᠦᠷᠴᠦ᠂ ᠳᠠᠷᠠᠭᠠᠯᠠᠨ 11 ᠵᠢᠯ ᠬᠦᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ | ᠬᠠᠯᠳᠠᠪᠤᠷᠢᠯᠠᠭᠰᠠᠨ ᠪᠠᠶᠢᠳᠠᠯ ᠭᠠᠷᠤᠭᠰᠠᠨ ᠦᠭᠡᠢ᠂ ᠡᠭᠡᠯᠢᠯᠡᠬᠦ ᠲᠦᠯᠦᠪᠵᠢᠬᠦᠯᠭᠡ ᠶᠢᠨ ᠸᠠᠺᠼᠢᠨ ᠢ ᠲᠠᠷᠢᠬᠤ | ᠨᠤᠷᠮ᠎ᠠ ᠶᠢ ᠦᠷᠭᠡᠳᠭᠡᠳ ᠦᠷᠬᠦᠯᠵᠢᠯᠡᠨ 95% ᠠᠴᠠ ᠳᠡᠭᠡᠭᠰᠢ ᠪᠠᠶᠢᠬᠤ ᠶᠢ ᠪᠠᠳᠤᠯᠠᠵᠦ᠂ ᠳᠠᠷᠠᠭᠠᠯᠠᠨ 22 ᠵᠢᠯ | ᠰᠠᠬᠤᠤ ᠡᠪᠡᠳᠴᠢᠨ ᠤ ᠵᠢᠱᠢᠶ᠎ᠠ ᠶᠢᠨ ᠮᠡᠳᠡᠬᠦᠯᠦᠯᠳᠠ ᠭᠠᠷᠤᠭᠰᠠᠨ ᠦᠭᠡᠢ᠂ ᠳᠠᠷᠠᠭᠠᠯᠠᠨ 5 ᠵᠢᠯ ᠲᠠᠷᠢᠬᠢᠨ ᠤ B | ᠦᠷᠪᠢᠰᠤᠯ ᠤᠨ ᠡᠪᠡᠳᠴᠢᠨ ᠤ ᠵᠢᠱᠢᠶ᠎ᠠ ᠶᠢᠨ ᠮᠡᠳᠡᠬᠦᠯᠦᠯᠳᠠ ᠭᠠᠷᠤᠭᠰᠠᠨ ᠦᠭᠡᠢ ᠁ | ᠦᠭᠡᠷᠡᠴᠢᠯᠡᠯᠳᠠ ᠨᠡᠭᠡᠭᠡᠯᠳᠠ ᠠᠴᠠ ᠨᠠᠰᠢ᠂ ᠢᠯᠠᠩᠭᠤᠶ᠎ᠠ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ | ᠨᠠᠰᠢ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠯ᠎ᠠ ᠱᠠᠳᠤᠨ ᠤ ᠵᠠᠰᠠᠭ ᠤᠨ ᠤᠷᠳᠤᠨ ᠪᠡᠯᠡ | ᠤᠷᠤᠭᠤᠯᠤᠯᠳᠠ ᠪᠠᠨ ᠦᠷᠬᠦᠯᠵᠢᠯᠡᠨ ᠨᠡᠮᠡᠭᠳᠡᠬᠦᠯᠵᠦ᠂ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠪᠠ ᠰᠢᠨ᠎ᠠ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠲᠦᠷᠦ ᠶᠢᠨ ᠪᠤᠳᠤᠯᠭ᠎ᠠ ᠶᠢᠨ | ᠭᠡᠪᠴᠢᠶᠠᠨ ᠳᠤ ᠡᠮᠨᠡᠯᠭᠡ ᠳᠤ ᠰᠠᠭᠤᠬᠤ ᠰᠦᠢᠳᠭᠡᠯ ᠤᠨ ᠳᠠᠩᠰᠠᠨ ᠠᠴᠠ ᠲᠠᠶᠢᠯᠬᠤ ᠬᠠᠷᠢᠴᠡᠯ ᠵᠢᠯ ᠳᠠᠷᠠᠭᠠᠯᠠᠨ | ᠨᠡᠮᠡᠭᠳᠡᠪᠡ᠃ ᠡᠮ ᠡᠮᠨᠡᠯᠭᠡ ᠶᠢᠨ ᠪᠠᠳᠤᠯᠠᠪᠤᠷᠢ ᠶᠢᠨ ᠲᠦᠪᠰᠢᠨ ᠳᠠᠰᠤᠷᠠᠯᠳᠠ ᠦᠭᠡᠢ ᠳᠡᠭᠡᠭᠰᠢᠯᠡᠬᠦ ᠶᠢ ᠳᠠᠭᠠᠯᠳᠤᠨ᠂ | ᠤᠯᠠᠨ ᠲᠦᠮᠡᠨ ᠤ ᠡᠪᠡᠳᠴᠢᠨ ᠢᠶᠠᠨ ᠦᠵᠡᠬᠦᠯᠬᠦ ᠭᠡᠷᠡᠭᠴᠡᠭᠡ ᠬᠦᠢᠴᠡᠳ ᠬᠠᠩᠭᠠᠭᠳᠠᠵᠦ᠂ ︽ᠪᠠᠭ᠎ᠠ ᠡᠪᠡᠳᠴᠢᠨ ᠢ | ᠰᠠᠭᠠᠳᠠᠭᠠᠬᠤ᠂ ᠬᠦᠨᠳᠦ ᠡᠪᠡᠳᠴᠢᠨ ᠢ ᠳᠡᠰᠪᠤᠷᠢᠯᠡᠬᠦ︾ ᠡᠪᠡᠳᠴᠢᠨ ᠢᠶᠠᠨ ᠦᠵᠡᠬᠦᠯᠬᠦ ᠮᠦᠩᠬᠦ ᠪᠠᠶᠢᠬᠤ ᠦᠭᠡᠢ ᠴᠠᠭ | ᠦᠶ᠎ᠠ ᠡᠴᠦᠰᠯᠡᠵᠡᠢ᠃ | ᠡᠬᠦᠨ ᠠᠴᠠ ᠭᠠᠳᠠᠨ᠎ᠠ᠂ ᠭᠡᠳᠦᠨ ᠵᠢᠯ ᠤᠨ ︽ᠡᠷᠡᠬᠦᠯ ᠡᠩᠭᠡ ᠥᠪᠦᠷ ᠮᠤᠩᠭᠤᠯ︾ ᠤᠨ ᠪᠠᠶᠢᠭᠤᠯᠤᠯᠳᠠ ᠪᠠᠷ | ᠳᠠᠮᠵᠢᠭᠤᠯᠤᠨ᠂ ᠮᠤᠩᠭᠤᠯ ᠬᠢᠳᠡᠳ ᠡᠮ ᠡᠮᠨᠡᠯᠭᠡ ᠶᠢᠨ ᠦᠢᠯᠡᠰ ᠲᠦᠷᠭᠡᠨ ᠬᠦᠭᠵᠢᠵᠡᠢ᠃ ᠪᠦᠬᠦ ᠤᠷᠤᠨ ᠨᠢ | ᠦᠪᠡᠷᠲᠡᠭᠡᠨ ᠵᠠᠰᠠᠬᠤ ᠤᠷᠤᠨ ᠤ ᠲᠡᠰ ᠤᠨ 3 ᠮᠤᠩᠭᠤᠯ ᠡᠮᠨᠡᠯᠭᠡ ᠬᠢᠳᠡᠳ ᠡᠮᠨᠡᠯᠭᠡ ᠶᠢᠨ ᠬᠤᠷᠢᠶ᠎ᠠ ᠪᠠᠷ | ᠳᠠᠭᠠᠭᠤᠯᠤᠭᠴᠢ ᠪᠤᠯᠭᠠᠵᠦ᠂ ᠠᠶᠢᠮᠠᠬ ᠬᠤᠳᠠ ᠶᠢᠨ ᠲᠡᠰ ᠤᠨ 16 ᠮᠤᠩᠭᠤᠯ ᠡᠮᠨᠡᠯᠭᠡ ᠬᠢᠳᠡᠳ ᠡᠮᠨᠡᠯᠭᠡ ᠶᠢᠨ | ᠬᠤᠷᠢᠶ᠎ᠠ ᠪᠠᠷ ᠭᠤᠤᠯ ᠬᠦᠴᠦᠨ ᠪᠤᠯᠭᠠᠵᠦ᠂ ᠬᠤᠰᠢᠭᠤ ᠰᠢᠶᠠᠨ ᠤ ᠲᠡᠰ ᠤᠨ 103 ᠮᠤᠩᠭᠤᠯ ᠡᠮᠨᠡᠯᠭᠡ ᠬᠢᠳᠡᠳ | ᠡᠮᠨᠡᠯᠭᠡ ᠶᠢᠨ ᠬᠤᠷᠢᠶ᠎ᠠ ᠪᠠᠷ ᠰᠠᠭᠤᠷᠢ ᠪᠤᠯᠭᠠᠵᠦ᠂ ᠰᠤᠮᠤ ᠰᠢᠶᠠᠩ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ | ᠪᠠ ᠨᠡᠶᠢᠭᠡᠮ ᠲᠤᠭᠤᠷᠢᠬ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠤᠩᠭᠤᠯ ᠡᠮᠨᠡᠯᠭᠡ | ᠬᠢᠳᠡᠳ ᠡᠮᠨᠡᠯᠭᠡ ᠶᠢᠨ ᠰᠠᠯᠠᠭ᠎ᠠ ᠪᠠᠷ ᠦᠨᠳᠦᠰᠦ ᠪᠤᠯᠭᠠᠭᠰᠠᠨ ᠲᠦᠷᠪᠡᠨ ᠲᠡᠰ ᠤᠨ ᠮᠤᠩᠭᠤᠯ ᠡᠮᠨᠡᠯᠭᠡ ᠬᠢᠳᠡᠳ | ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮᠵᠢ ᠪᠦᠷᠢᠯᠳᠦᠵᠦ᠂ ᠮᠤᠩᠭᠤᠯ ᠬᠢᠳᠡᠳ ᠡᠮ ᠡᠮᠨᠡᠯᠭᠡ ᠶᠢᠨ ᠤᠨᠴᠠᠯᠢᠭ | ᠪᠤᠯᠤᠨ ᠳᠠᠪᠠᠭᠤᠯᠢᠭ ᠡᠳᠦᠷ ᠢᠷᠡᠬᠦᠶ᠎ᠠ ᠢᠯᠡᠷᠭᠡᠢ ᠪᠤᠯᠵᠠᠢ᠃ |