ᠥᠪᠥᠷ ᠮᠣᠩᠭᠤᠯ᠄ ᠬᠤᠰᠢᠭᠤ ᠰᠢᠶᠠᠨ ᠤ ᠬᠡᠪᠴᠢᠶᠡᠨ ᠳᠠᠬᠢ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠡᠪᠡᠳᠴᠢᠲᠡᠳ ᠲᠤ ᠤᠷᠢᠳᠠᠪᠠᠷ ᠡᠮᠨᠡᠭᠦᠯᠵᠦ ᠰᠡᠭᠦᠯ ᠳᠤᠨᠢ ᠰᠦᠢᠳᠬᠡᠯ ᠲᠤᠰᠢᠶᠠᠬᠤ ᠶᠢ ᠬᠡᠷᠡᠭᠵᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2017/4/19
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠵᠡᠷᠭᠡ ᠭᠤᠷᠪᠠᠨ ᠰᠠᠯᠠᠭ᠎ᠠ ᠮᠥᠴᠢᠷ ᠤᠨ ᠬᠠᠮᠲᠤᠷᠠᠨ ᠲᠠᠷᠬᠠᠭᠠᠭᠰᠠᠨ ︽ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠡᠮᠨᠡᠯᠭᠡ ᠳᠤ ᠰᠠᠭᠤᠬᠤ ᠡᠪᠡᠳᠴᠢᠲᠡᠳ ᠲᠤ ᠬᠤᠰᠢᠭᠤ ᠰᠢᠶᠠᠨ ᠤ ᠬᠡᠪᠴᠢᠶᠡᠨ ᠲᠣᠲᠣᠷ᠎ᠠ ᠤᠷᠢᠳᠠᠪᠠᠷ ᠡᠮᠨᠡᠭᠦᠯᠵᠦ ᠰᠡᠭᠦᠯ ᠳᠤᠨᠢ ᠰᠦᠢᠳᠬᠡᠯ ᠲᠤᠰᠢᠶᠠᠬᠤ ᠶᠢ ᠬᠡᠷᠡᠭᠵᠢᠭᠦᠯᠬᠦ ᠲᠥᠰᠦᠯ ᠤᠨ ᠲᠤᠬᠠᠢ ᠮᠡᠳᠡᠭᠳᠡᠯ︾᠎ ᠢ ᠦᠨᠳᠦᠰᠦᠯᠡᠪᠡᠯ᠂ ᠬᠤᠰᠢᠭᠤ ᠰᠢᠶᠠᠨ ᠤ ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠶᠠᠳᠠᠭᠤ ᠬᠦᠴᠢᠷᠳᠡᠯᠲᠡᠶ ᠡᠮᠨᠡᠯᠭᠡ ᠳᠤ ᠰᠠᠭᠤᠬᠤ ᠡᠪᠡᠳᠴᠢᠲᠡᠳ ᠤᠨ ︽ᠤᠷᠢᠳᠠᠪᠠᠷ ᠡᠮᠨᠡᠭᠦᠯᠵᠦ᠂ ᠰᠡᠭᠦᠯ ᠳᠤᠨᠢ ᠰᠦᠢᠳᠬᠡᠯ ᠲᠤᠰᠢᠶᠠᠬᠤ︾᠎ ᠶᠢ ᠲᠦᠯᠬᠢᠨ ᠠᠬᠢᠭᠤᠯᠵᠤ᠂ ᠡᠮᠨᠡᠯᠭᠡ ᠳᠤ ᠰᠠᠭᠤᠬᠤ ᠳᠤ ᠪᠠᠷᠢᠴᠠᠭᠠᠨ ᠤ ᠮᠥᠩᠭᠦ ᠲᠤᠰᠢᠶᠠᠬᠤ ᠦᠭᠡᠢ᠂ ᠲᠣᠭᠲᠠᠭᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ ᠪᠣᠯᠤᠨ ᠬᠤᠳᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠢ ᠭᠠᠷᠳᠠᠨ ᠭᠦᠢᠴᠡᠳᠬᠡᠬᠦ ᠬᠠᠮᠢᠶᠠᠷᠤᠯᠲᠠ ᠶᠢᠨ ᠪᠠᠶᠢᠭᠤᠯᠤᠮᠵᠢ ᠬᠤᠭᠤᠷᠣᠨᠳᠣ ᠪᠠᠨ ᠳ᠋ᠦᠩᠨᠡᠨ ᠪᠤᠳᠤᠵᠦ᠂ ᠡᠪᠡᠳᠴᠢᠲᠡᠳ ᠤᠨ ᠪᠠᠷᠢᠴᠠᠭᠠᠨ ᠮᠥᠩᠭᠦ ᠲᠤᠰᠢᠶᠠᠬᠤ ᠳᠠᠷᠤᠯᠲᠠ ᠶᠢ ᠬᠥᠩᠭᠡᠯᠡᠬᠦ ᠪᠠᠷ ᠪᠠᠶᠢᠨ᠎ᠠ᠃      ᠮᠡᠳᠡᠭᠳᠡᠯ ᠳᠤ᠂ ᠡᠨᠡ ᠵᠢᠯ ᠤᠨ 4 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ᠂ ᠡᠯ᠎ᠡ ᠠᠶᠢᠮᠠᠭ ᠬᠤᠳᠠ ᠨᠤᠭᠤᠳ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ︽ᠤᠷᠢᠳᠠᠪᠠᠷ ᠡᠮᠨᠡᠭᠦᠯᠵᠦ᠂ ᠰᠡᠭᠦᠯ ᠎ ᠳᠤᠨᠢ ᠰᠦᠢᠳᠬᠡᠯ ᠲᠤᠰᠢᠶᠠᠬᠤ︾ ᠵᠥᠪᠯᠡᠯᠴᠡᠭᠡᠷ ᠢ ᠵᠢᠷᠤᠮᠵᠢᠭᠤᠯᠵᠤ᠂ ᠡᠮᠨᠡᠯᠭᠡ ᠶᠢᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠬᠤᠭᠤᠴᠠᠭ᠎ᠠ ᠬᠤᠪᠢᠶᠠᠨ ᠵᠥᠪᠳᠡᠯᠴᠡᠭᠡᠷ ᠢ ᠵᠢᠷᠤᠮᠵᠢᠭᠤᠯᠵᠤ᠂ ᠡᠮ ᠡᠮᠨᠡᠯᠭᠡ ᠶᠢᠨ ᠵᠠᠷᠤᠳᠠᠯ ᠨᠢ ᠨᠡᠯᠢᠶᠡᠳ ᠥᠨᠳᠥᠷ ᠦᠶ᠎ᠡ ᠳᠤ ᠵᠠᠷᠤᠳᠠᠯ ᠢ ᠱᠠᠲᠤ ᠬᠤᠪᠢᠶᠠᠨ ᠳ᠋ᠦᠩᠨᠡᠨ ᠪᠣᠳᠣᠬᠤ ᠪᠣᠳᠠᠲᠠᠶ ᠠᠷᠭ᠎ᠠ ᠶᠢ ᠲᠣᠭᠲᠠᠭᠠᠵᠤ᠂ ᠪᠤᠶ ᠪᠦᠬᠦᠢ ᠲᠣᠭᠲᠠᠭᠠᠭᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠤᠨ ᠱᠠᠭᠠᠷᠳᠠᠵᠤ ᠪᠠᠶᠢᠭᠠᠳ ︽ᠤᠷᠢᠳᠠᠪᠠᠷ ᠡᠮᠨᠡᠭᠦᠯᠵᠦ᠂ ᠰᠡᠭᠦᠯ ᠳᠤ ᠰᠦᠢᠳᠬᠡᠯ ᠲᠤᠰᠢᠶᠠᠬᠤ︾ ᠦᠢᠯᠡᠴᠢᠯᠡᠭᠡᠨ ᠤ ᠵᠠᠭᠪᠤᠷ ᠢᠶᠠᠷ ᠠᠵᠢᠯᠯᠠᠬᠤ ᠶᠢ ᠪᠦᠬᠦ ᠲᠠᠯ᠎ᠠ ᠪᠠᠷ ᠡᠬᠢᠯᠡᠭᠦᠯᠦᠨ᠎ᠡ᠃ ᠬᠡᠷᠡᠭᠵᠢᠭᠦᠯᠬᠦ ᠣᠷᠣᠨ ᠪᠦᠰᠡ ᠨᠢ᠄ ᠲᠠᠷᠢᠶᠠᠯᠠᠬᠤ ᠮᠠᠯᠵᠢᠬᠤ ᠣᠷᠣᠨ ᠤ ᠶᠠᠳᠠᠭᠤ ᠬᠦᠴᠢᠷᠳᠡᠯᠲᠡᠶ ᠡᠪᠡᠳᠴᠢᠲᠡᠳ ᠤᠨ ᠪᠠᠶᠢᠭ᠎ᠠ ᠬᠤᠰᠢᠭᠤ ᠰᠢᠶᠠᠨ ᠤ ᠬᠡᠪᠴᠢᠶᠡᠨ ᠳᠠᠬᠢ ᠲᠣᠭᠲᠠᠭᠠᠭᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ᠂ ᠲᠤᠬᠠᠶᠢᠯᠠᠪᠠᠯ ᠡᠯ᠎ᠡ ᠬᠤᠰᠢᠭᠤ ᠰᠢᠶᠠᠨ ᠤ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠯᠪᠠᠨ ᠠᠴᠠ ᠪᠠᠶᠢᠭᠤᠯᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠣᠨ᠎ᠠ ᠭᠡᠪᠡ᠃      ᠣᠶᠢᠯᠠᠭᠠᠭᠰᠠᠨ ᠢᠶᠠᠷ᠂ ᠬᠤᠰᠢᠭᠤ ᠰᠢᠶᠠᠨ ᠤ ᠬᠡᠪᠴᠢᠶᠡᠨ ᠳᠠᠬᠢ ᠲᠣᠭᠲᠠᠭᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠳᠤ᠂ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠡᠪᠡᠳᠴᠢᠨ ᠢᠶᠠᠷ ᠡᠮᠨᠡᠯᠭᠡ ᠳᠤ ᠰᠠᠭᠤᠬᠤ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠡᠪᠡᠳᠴᠢᠲᠡᠳ᠂ ᠡᠮ ᠡᠮᠨᠡᠯᠭᠡ ᠶᠢᠨ ᠳᠠᠭᠠᠳᠬᠠᠯ ᠤᠨ ᠺᠠᠷᠲ᠂ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠪᠣᠯᠣᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠬᠢᠵᠦ ᠥᠭᠭᠦᠭᠰᠡᠨ ᠶᠠᠳᠠᠭᠤ ᠬᠦᠴᠢᠷᠳᠡᠯᠲᠡᠢ ᠭᠡᠷᠡᠴᠢ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠵᠦ ᠥᠭᠭᠦᠭᠰᠡᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠵᠡᠷᠭᠡ ᠬᠤᠯᠪᠣᠭᠳᠠᠯ ᠪᠦᠬᠦᠢ ᠭᠡᠷᠡᠴᠢ ︵ᠦᠨᠡᠮᠯᠡᠯ︶᠎ ᠪᠠᠷ ᠢᠶᠠᠨ ᠡᠮᠨᠡᠯᠭᠡ ᠳᠤ ᠰᠠᠭᠤᠬᠤ ᠭᠠᠷᠳᠠᠮ ᠢ ᠭᠦᠢᠴᠡᠳᠬᠡᠬᠦ ᠶᠢᠨ ᠬᠠᠮᠲᠤ ︽ᠤᠷᠢᠳᠠᠪᠠᠷ ᠡᠮᠨᠡᠭᠦᠯᠵᠦ᠂ ᠰᠡᠭᠦᠯ ᠳᠤᠨᠢ ᠰᠦᠢᠳᠬᠡᠯ ᠲᠤᠰᠢᠶᠠᠬᠤ︾ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠲᠤᠰᠢᠶᠠᠬᠤ ᠴᠢᠬᠤᠯᠠ ᠦᠭᠡᠢ᠂ ᠰᠢᠭᠤᠳ ᠡᠮᠨᠡᠯᠭᠡ ᠳᠤ ᠰᠠᠭᠤᠨ ᠡᠮᠨᠡᠭᠦᠯᠦᠨ᠎ᠡ᠃ ᠡᠭᠦᠨ ᠤ ᠬᠠᠮᠲᠤ᠂ ᠶᠠᠳᠠᠭᠤ ᠬᠦᠴᠢᠷᠳᠡᠯᠲᠡᠢ ᠡᠪᠡᠳᠴᠢᠲᠡᠳ ᠤᠨ ᠡᠮᠴᠢᠯᠡᠭᠡᠨ ᠤ ᠵᠠᠷᠤᠳᠠᠯ ᠢ ᠬᠤᠰᠢᠭᠤ ᠰᠢᠶᠠᠨ ᠤ ᠳᠣᠲᠣᠷ᠎ᠠ ︽ᠨᠢᠭᠡ ᠯᠡ ᠥᠷᠲᠡᠭᠡᠨ ᠤ ᠮᠠᠶ᠋ᠢᠭ︾᠎ ᠢᠶᠠᠷ ᠳ᠋ᠦᠩᠨᠡᠨ ᠪᠤᠳᠤᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠪᠡᠳᠴᠢᠨ ᠡᠮᠭᠡᠭ ᠤᠨ ᠪᠠᠴᠢᠮ ᠪᠠᠶᠢᠳᠠᠯ ᠤᠨ ᠠᠪᠤᠷᠠᠨ ᠲᠤᠰᠠᠯᠠᠯᠲᠠ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠭᠠᠷᠳᠠᠨ ᠬᠠᠮᠢᠶᠠᠷᠬᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠣᠭᠲᠠᠭᠠᠭᠰᠠᠨ ᠴᠢᠬ ᠤᠨ ᠡᠮᠨᠡᠯᠭᠡ ᠶᠢᠨ ᠬᠤᠷᠢᠶ᠎ᠠ ᠯᠤᠭ᠎ᠠ ᠰᠢᠭᠤᠳ ︽ᠨᠢᠭᠡ ᠯᠡ ᠥᠷᠲᠡᠭᠡᠨ ᠤ ᠮᠠᠶ᠋ᠢᠭ︾᠎ ᠤᠨ ᠮᠡᠳᠡᠭᠡ ᠵᠠᠩᠭᠢ ᠵᠠᠯᠭᠠᠭᠤᠯᠬᠤ ᠪᠠ ᠳᠠᠷᠤᠶ ᠳᠤᠨᠢ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号