ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠰᠢᠨ᠎ᠠ ᠨᠢᠬᠡ ᠡᠬᠡᠯᠵᠢ ᠶᠢᠨ ᠵᠡᠬᠦᠨ ᠬᠤᠶᠢᠳᠤ ᠶᠢᠨ ᠭᠠᠵᠠᠷ ᠤᠷᠤᠨ ᠢ ᠬᠥᠭᠵᠢᠬᠦᠯᠤᠨ ᠮᠠᠨᠳᠤᠭᠤᠯᠬᠤ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2017/4/20
      4 ᠳ᠋ᠦ᠋ᠭᠡᠷ ᠰᠠᠷ᠎ᠠ ᠶᠢᠨ 19᠎ ᠤ ᠦᠳᠡ ᠶᠢᠨ ᠡᠮᠦᠨ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠤᠯᠤᠰ ᠠᠴᠠ ᠰᠢᠨ᠎ᠠ ᠨᠢᠬᠡ ᠡᠬᠡᠯᠵᠢ ᠶᠢᠨ ᠵᠡᠬᠦᠨ ᠬᠤᠶᠢᠳᠤ ᠶᠢᠨ ᠭᠠᠵᠠᠷ ᠤᠷᠤᠨ ᠢ ᠬᠥᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠭᠰᠡᠨ ᠠᠴᠠ ᠨᠠᠰᠢᠬᠢ ᠬᠠᠮᠢᠶ᠎ᠠ ᠪᠦᠬᠦᠢ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠎ ᠤᠨ ᠲᠤᠬᠠᠢ ᠮᠡᠳᠡᠭᠳᠡᠪᠡ᠃      2016 ᠣᠨ ᠤ 2 ᠳ᠋ᠤᠭᠠᠷ ᠰᠠᠷ᠎ᠠ ᠳᠤ᠂ ᠤᠯᠤᠰ ᠠᠴᠠ ᠰᠢᠨ᠎ᠠ ᠨᠢᠬᠡ ᠡᠬᠡᠯᠵᠢ ᠶᠢᠨ ᠵᠡᠬᠦᠨ ᠬᠤᠶᠢᠳᠤ ᠶᠢᠨ ᠭᠠᠵᠠᠷ ᠤᠷᠤᠨ ᠢ ᠬᠥᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠬᠢᠯᠡᠨ ᠬᠡᠷᠡᠭᠵᠢᠬᠦᠯᠦᠭᠰᠡᠨ ᠠᠴᠠ ᠨᠠᠰᠢ᠂ ᠦᠪᠡᠷᠳᠡᠬᠡᠨ ᠵᠠᠰᠠᠬᠤ ᠤᠷᠤᠨ ᠠᠴᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨ ᠬᠤᠶᠢᠳᠤ ᠶᠢᠨ ᠭᠠᠵᠠᠷ ᠤᠷᠤᠨ ᠢ ᠬᠥᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ ᠵᠡᠬᠦᠨ ᠪᠡᠶ᠎ᠠ ᠶᠢᠨ ᠠᠶᠢᠮᠠᠬ ᠬᠤᠳᠠ ᠶᠢᠨ ᠲᠠᠪᠠᠯᠳᠠᠳᠤ ᠬᠦᠭᠵᠢᠯᠳᠡ ᠶᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ︾ ᠎ ᠢ ᠲᠤᠭᠳᠠᠭᠠᠵᠦ ᠶᠡᠷᠦᠩᠬᠡᠢ ᠪᠠᠶᠢᠷᠢᠯᠠᠭᠤᠯᠤᠯᠳᠠ ᠬᠢᠵᠡᠢ᠃ 2016 ᠣᠨ ᠳᠤ᠂ ᠤᠯᠤᠰ ᠤᠨ ᠬᠦᠴᠦᠳᠡᠢ ᠲᠡᠮᠵᠢᠯᠬᠡ ᠪᠠ ᠪᠦᠬᠦ ᠤᠷᠤᠨ ᠲᠠᠶᠠᠭᠠᠷ ᠤᠨ ᠬᠠᠮᠳᠤ ᠶᠢᠨ ᠴᠢᠷᠮᠠᠶᠢᠯᠭ᠎ᠠ ᠲᠤᠤᠷ᠎ᠠ᠂ ᠮᠠᠨ ᠤ ᠤᠷᠤᠨ ᠤ ᠵᠡᠬᠦᠨ ᠪᠡᠶ᠎ᠠ ᠶᠢᠨ ᠠᠶᠢᠮᠠᠬ ᠬᠤᠳᠠ ᠶᠢᠨ ᠠᠵᠦ ᠠᠬᠤᠢ ᠶᠢᠨ ᠡᠷᠬᠢᠯᠳᠡ ᠶᠡᠷᠦᠩᠬᠡᠢ ᠳᠡᠭᠡᠨ ᠲᠤᠭᠳᠠᠭᠤᠨ ᠤ ᠲᠤᠮᠳᠠ ᠰᠠᠶᠢᠵᠢᠷᠠᠯᠳᠠ ᠲᠠᠢ ᠪᠠᠶᠢᠳᠠᠯ ᠢᠯᠡᠷᠡᠵᠦ᠂ ᠪᠦᠬᠦ ᠵᠢᠯ ᠳᠤ ᠤᠷᠤᠨ ᠨᠤᠲᠤᠬ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 7088.3 ᠳ᠋ᠦᠩᠰᠢᠭᠤᠷ ᠲᠦᠬᠦᠷᠢᠭ ᠲᠤ ᠬᠦᠷᠴᠤ᠂ ᠲᠡᠭᠡᠷ᠎ᠠ ᠵᠢᠯ ᠤᠨ ᠬᠢ ᠠᠴᠠ ᠪᠠᠨ 7.3%᠎ ᠪᠠᠷ ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠨᠢ 7.1%᠎ ᠪᠠᠷ ᠨᠡᠮᠡᠭᠳᠡᠵᠦ᠂ 500 ᠲᠦᠮᠡᠨ ᠲᠦᠬᠦᠷᠢᠭ ᠠᠴᠠ ᠲᠡᠭᠡᠭᠰᠢᠬᠢ ᠲᠦᠷᠦᠯ ᠵᠦᠢᠯ ᠤᠨ ᠪᠡᠯᠡ ᠤᠷᠤᠭᠤᠯᠤᠯᠳᠠ ᠲᠡᠭᠡᠷ᠎ᠠ ᠵᠢᠯ ᠤᠨ ᠬᠢ ᠠᠴᠠ 12%᠎ ᠢᠶᠠᠷ ᠨᠡᠮᠡᠭᠳᠡᠵᠦ᠂ ᠨᠡᠶᠢᠬᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠠ 9.9%᠎ ᠪᠠᠷ ᠨᠡᠮᠡᠭᠳᠡᠵᠦ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠨᠢ 7.2%᠎ ᠢᠶᠠᠷ ᠨᠡᠮᠡᠭᠳᠡᠵᠡᠢ᠃      ᠡᠨᠡ ᠵᠢᠯ ᠦᠪᠡᠷᠳᠡᠬᠡᠨ ᠵᠠᠰᠠᠬᠤ ᠤᠷᠤᠨ ᠠᠴᠠ ᠵᠡᠬᠦᠨ ᠪᠡᠶ᠎ᠠ ᠶᠢᠨ ᠠᠶᠢᠮᠠᠬ ᠬᠤᠳᠠ ᠶᠢᠨ ᠬᠦᠭᠵᠢᠯᠳᠡ ᠶᠢ ᠲᠦᠯᠦᠪᠵᠢᠬᠦᠯᠬᠡ ᠪᠠᠷ ᠬᠦᠲᠦᠯᠦᠨ ᠲᠠᠭᠠᠭᠤᠯᠬᠤ ᠪᠠ ᠲᠦᠷᠦ ᠶᠢᠨ ᠪᠤᠳᠤᠯᠭ᠎ᠠ ᠪᠠᠷ ᠲᠡᠮᠵᠢᠬᠦ ᠬᠦᠴᠦᠯᠡᠴᠡ ᠪᠠᠨ ᠨᠡᠮᠡᠭᠳᠡᠬᠦᠯᠬᠦ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠦᠬᠡᠷᠡᠴᠢᠯᠡᠯᠳᠡ ᠶᠢ ᠬᠦᠴᠦᠯᠡᠨ ᠠᠬᠢᠭᠤᠯᠬᠤ᠂ ᠵᠡᠬᠦᠨ ᠪᠡᠶ᠎ᠠ ᠶᠢᠨ ᠠᠶᠢᠮᠠᠬ ᠬᠤᠳᠠ ᠶᠢᠨ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠵᠦ ᠲᠡᠰ ᠲᠡᠪᠰᠢᠬᠦᠯᠬᠦ ᠶᠢ ᠲᠦᠷᠬᠡᠳᠬᠡᠨ ᠠᠬᠢᠭᠤᠯᠬᠤ᠂ ᠰᠠᠭᠤᠷᠢ ᠲᠦᠬᠦᠬᠡᠷᠦᠮᠵᠢ ᠶᠢᠨ ᠲᠤᠯᠭᠠᠭᠤᠷᠢᠯᠠᠵᠦ ᠪᠠᠲᠤᠯᠠᠬᠤ ᠴᠢᠳᠠᠪᠤᠷᠢ ᠶᠢ ᠴᠢᠩᠭᠠᠳᠬᠠᠬᠤ᠂ ᠪᠦᠬᠦ ᠲᠠᠯ᠎ᠠ ᠪᠠᠷ ᠲᠤᠳᠤᠭᠠᠳᠤ ᠭᠠᠳᠠᠭᠠᠳᠤ ᠨᠡᠬᠡᠬᠡᠯᠳᠡ ᠶᠢ ᠠᠬᠢᠭᠤᠯᠬᠤ ᠵᠡᠷᠬᠡ ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠬᠤ ᠪᠠᠷ ᠪᠠᠶᠢᠨ᠎ᠠ᠃      ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠵᠢᠴᠢ ᠬᠦᠯᠦᠨ ᠪᠤᠶᠢᠷ ᠬᠤᠳᠠ᠂ ᠬᠢᠩᠭᠠᠨ ᠠᠶᠢᠮᠠᠬ᠂ ᠲᠦᠩᠯᠢᠶᠤᠤ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠤᠯ ᠠᠶᠢᠮᠠᠬ᠂ ᠮᠠᠨᠵᠤᠤᠷ ᠬᠤᠳᠠ᠂ ᠡᠷᠢᠶᠡᠨ ᠬᠤᠳᠠ ᠶᠢᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠲᠤᠰᠪᠤᠷᠢ ᠪᠠᠶᠢᠳᠠᠯ ᠢᠶᠠᠨ ᠲᠠᠨᠢᠯᠴᠠᠭᠤᠯᠵᠦ᠂ ᠲᠠᠷᠠᠭᠠᠴᠢ ᠶᠢᠨ ᠠᠵᠢᠯ ᠤᠨ ᠲᠦᠰᠦᠪ ᠪᠠᠶᠢᠷᠢᠯᠠᠭᠤᠯᠤᠯᠳᠠ ᠪᠠᠨ ᠮᠡᠳᠡᠭᠳᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号