ᠳᠡᠳ᠋ ᠲᠡᠷᠢᠭᠦᠯᠡᠭᠴᠢ ᠵᠠᠩ ᠬᠤᠸᠠ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2017/4/24
 
       4 ᠳ᠋ᠦ᠋ᠭᠡᠷ ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠬᠤᠸᠠ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠵᠠᠩ ᠬᠤᠸᠠ ᠤᠷᠢᠳ ᠬᠤᠵᠢᠳ ᠴᠠᠭ ᠠᠭᠤᠷ ᠤᠨ ᠮᠡᠳᠡᠭᠡ ᠵᠠᠩᠭᠢ ᠶᠢᠨ ᠲᠥᠪ᠂ ᠠᠮᠢ ᠠᠬᠤᠶ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠲᠥᠪ ᠲᠤ ᠬᠦᠷᠴᠦ᠂ ᠲᠣᠮᠣ ᠬᠡᠯᠪᠡᠷᠢ ᠶᠢᠨ ᠺᠣᠮᠫᠢᠦ᠋ᠲ᠋ᠧᠷ ᠤᠨ ᠠᠵᠢᠯᠯᠠᠭ᠎ᠠ ᠶᠢᠨ ᠬᠠᠮᠠᠭᠠᠯᠠᠯᠲᠠ᠂ ᠴᠠᠭ ᠠᠭᠤᠷ ᠤᠨ ᠳ᠋ᠠᠶᠢᠲ᠋ᠠ ᠶᠢᠨ ᠳᠠᠮᠵᠢᠭᠤᠯᠤᠨ ᠰᠢᠢᠳᠪᠦᠷᠢᠯᠡᠯᠲᠡ᠂ ᠲᠠᠷᠢᠶᠠᠯᠠᠩ ᠮᠠᠯ ᠠᠵᠤ ᠠᠬᠤᠶ ᠳᠠᠬᠢ ᠴᠠᠭ ᠠᠭᠤᠷ ᠤᠨ ᠦᠢᠯᠡᠴᠢᠯᠡᠭᠡ᠂ ᠠᠯᠤᠰ ᠡᠵᠡᠮᠰᠢᠯ ᠤᠨ ᠬᠢᠨᠠᠨ ᠬᠡᠮᠵᠢᠯᠲᠡ᠂ ᠠᠮᠢ ᠠᠬᠤᠶ ᠶᠢᠨ ᠬᠢᠨᠠᠨ ᠬᠡᠮᠵᠢᠯᠲᠡ ᠬᠢᠭᠡᠳ ᠦᠨᠡᠯᠡᠯᠲᠡ ᠵᠢᠴᠢ ᠤᠢ ᠰᠢᠭᠤᠶ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠬᠦ ᠤᠨᠲᠠᠷᠠᠭᠠᠬᠤ ᠵᠡᠷᠭᠡ ᠴᠠᠭ ᠠᠭᠤᠷ ᠤᠨ ᠠᠵᠢᠯ ᠳᠤ ᠭᠤᠣᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠬᠢᠪᠡ᠃      ᠵᠠᠩ ᠬᠤᠸᠠ ᠪᠥᠬᠦ ᠣᠷᠣᠨ ᠤ ᠴᠠᠭ ᠠᠭᠤᠷ ᠤᠨ ᠠᠵᠢᠯ ᠳᠤ ᠲᠠᠪᠤᠨ ᠱᠠᠭᠠᠷᠳᠠᠯᠭ᠎ᠠ ᠳᠤᠷᠠᠳᠪᠠ᠄ ᠨᠢᠭᠡ ᠳᠤ ᠡᠯ᠎ᠡ ᠰᠠᠯᠠᠭ᠎ᠠ ᠮᠥᠴᠢᠷ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠨᠳᠦᠷᠴᠡ ᠠᠴᠠ ᠴᠠᠭ ᠠᠭᠤᠷ ᠤᠨ ᠠᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠦᠢᠯᠡᠰ ᠤᠨ ᠬᠥᠭᠵᠢᠯᠲᠡ ᠳᠠᠬᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠭᠦᠢᠴᠡᠳ ᠲᠠᠨᠢᠵᠤ᠂ ᠴᠠᠭ ᠠᠭᠤᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ᠃ ᠬᠤᠶᠠᠷ ᠲᠤ᠂ ᠬᠠᠮ ᠲᠠᠷᠢᠶᠠᠯᠠᠩ ᠤᠨ ᠬᠤᠯᠪᠣᠭᠳᠠᠯ ᠪᠦᠬᠦᠢ ᠪᠠᠶᠢᠭᠤᠯᠤᠯ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠴᠠᠭ ᠠᠭᠤᠷ ᠤᠨ ᠰᠠᠯᠠᠭ᠎ᠠ ᠮᠥᠴᠢᠷ ᠯᠤᠭ᠎ᠠ ᠠᠭᠤᠰᠤᠯᠴᠠᠬᠤ ᠬᠡᠯᠪᠡᠷᠢ ᠶᠢᠨ ᠬᠥᠭᠵᠢᠯᠲᠡ ᠶᠢ ᠪᠡᠶᠡᠯᠡᠭᠦᠯᠵᠦ᠂ ᠴᠠᠭ ᠠᠭᠤᠷ ᠤᠨ ᠰᠠᠯᠠᠭ᠎ᠠ ᠮᠥᠴᠢᠷ ᠢ ᠰᠢᠨᠵᠢᠯᠡᠬᠦ ᠤᠬᠠᠭᠠᠨ ᠮᠡᠷᠭᠡᠵᠢᠯ ᠪᠠ ᠡᠬᠢ ᠪᠠᠶᠠᠯᠢᠭ ᠤᠨ ᠳᠠᠪᠠᠭᠤᠯᠢᠭ ᠢᠶᠠᠨ ᠨᠡᠩ ᠪᠦᠲᠦᠮᠵᠢᠲᠡᠶ ᠪᠠᠳᠠᠷᠠᠭᠤᠯᠬᠤ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠦᠷᠦᠯ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠭᠦᠯᠬᠦ ᠬᠡᠷᠡᠭᠲᠡᠶ᠃ ᠭᠤᠷᠪᠠ ᠳᠤ ᠣᠳᠣᠬᠠᠨ ᠳᠤ ᠴᠠᠭ ᠠᠭᠤᠷ ᠤᠨ ᠰᠠᠯᠠᠭ᠎ᠠ ᠮᠥᠴᠢᠷ ᠤᠳ ᠮᠠᠰᠢ ᠰᠠᠶᠢᠨ ᠬᠥᠭᠵᠢᠯᠲᠡ ᠲᠠᠢ ᠪᠠᠶᠢᠨ᠎ᠠ᠂ ᠡᠨᠡᠬᠦ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠭᠯᠡᠯ ᠪᠠ ᠲᠣᠭᠲᠠᠭᠰᠠᠨ ᠬᠠᠷᠠᠯᠲᠠ ᠶᠢ ᠦᠷᠭᠦᠯᠵᠢᠯᠡᠨ ᠵᠢᠷᠤᠮᠯᠠᠵᠤ᠂ ᠠᠮᠢ ᠠᠬᠤᠶ ᠶᠢᠨ ᠬᠠᠮᠠᠭᠠᠯᠠᠯᠲᠠ ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠵᠡᠷᠭᠡ ᠴᠠᠭ ᠠᠭᠤᠷ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠲᠦᠷᠪᠡ ᠳᠤ᠂ ᠴᠠᠭ ᠠᠭᠤᠷ ᠤᠨ ᠰᠠᠯᠠᠭ᠎ᠠ ᠮᠥᠴᠢᠷ ᠤᠳ ᠤᠯᠠᠨ ᠤᠯᠤᠰ ᠤᠨ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢ ᠣᠨᠢᠯᠠᠵᠤ᠂ ᠤᠯᠤᠰ ᠤᠨ ᠳᠣᠲᠣᠭᠠᠳᠤ ᠶᠢᠨ ᠬᠤᠰᠢᠭᠤᠷᠠᠯ ᠰᠢᠨᠵᠢᠯᠡᠭᠡ ᠰᠤᠳᠤᠯᠭᠠᠨ ᠤ ᠬᠢᠷᠢ ᠬᠡᠮᠵᠢᠶ᠎ᠡ ᠲᠠᠢ ᠨᠢᠭᠡᠳᠦᠯᠲᠡᠶ ᠪᠠᠶᠢᠵᠤ᠂ ᠡᠯ᠎ᠡ ᠲᠥᠷᠥᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠪᠣᠯᠤᠨ ᠲᠤᠮᠤ ᠳ᠋ᠠᠶᠢᠲ᠋ᠠ ᠶᠢᠨ ᠳᠠᠪᠠᠭᠤᠯᠢᠭ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠰᠢᠨ᠎ᠡ ᠳᠡᠭᠲᠡᠷ ᠲᠤ ᠭᠠᠷᠭᠠᠬᠤ ᠶᠢ ᠪᠦᠲᠦᠮᠵᠢᠲᠡᠶ ᠠᠬᠢᠭᠤᠯᠬᠤ ᠬᠡᠷᠡᠭᠲᠡᠢ᠃ ᠲᠠᠪᠤ ᠳᠤ᠂ ᠴᠠᠭ ᠠᠭᠤᠷ ᠤᠨ ᠰᠠᠯᠠᠭ᠎ᠠ ᠮᠥᠴᠢᠷ ᠤᠳ ᠦᠷᠭᠦᠯᠵᠢᠯᠡᠨ ᠴᠢᠳᠠᠪᠤᠷᠢᠲᠠᠨ ᠢ ᠬᠠᠶᠢᠷᠠᠯᠠᠵᠤ᠂ ᠴᠢᠳᠠᠪᠤᠷᠢᠲᠠᠨ ᠬᠥᠮᠦᠵᠢᠭᠦᠯᠵᠤ᠂ ᠴᠢᠳᠠᠪᠤᠷᠢᠲᠠᠨ ᠢ ᠢᠯᠡᠷᠡᠭᠦᠯᠵᠦ᠂ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠢᠳᠠᠪᠤᠷᠢᠲᠠᠨ ᠤ ᠵᠥᠭᠡᠯᠡᠨ ᠪᠣᠳᠠᠲᠤ ᠬᠦᠴᠦᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠶ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号