4 ᠳ᠋ᠦ᠋ᠭᠡᠷ ᠰᠠᠷ᠎ᠠ ᠶᠢᠨ 21 ᠤ ᠡᠳᠦᠷ᠂ ᠪᠦᠬᠦ ᠤᠷᠤᠨ ᠤ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ | ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠭᠦ ᠶᠢ ᠠᠬᠢᠭᠤᠯᠬᠤ | ᠠᠵᠢᠯ ᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠬᠰᠠᠨ ᠨᠢ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠲᠦᠪ ᠤᠨ ︽ ᠬᠤᠶᠠᠷ ᠢ ᠰᠤᠷᠤᠯᠴᠠᠵᠤ | ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ | ᠲᠦᠷᠢᠮᠵᠢᠭᠦᠯᠭᠦ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ | ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ | ᠲᠤᠪᠤᠶᠢᠮ᠎ᠠ ᠠᠰᠠᠭᠤᠳᠠᠯ ᠢ ᠲᠠᠰᠤᠷᠠᠯᠳᠠ ᠦᠭᠡᠢ ᠰᠢᠢᠳᠪᠦᠷᠢᠯᠡᠵᠤ᠂ ᠰᠤᠷᠤᠯᠴᠠᠯᠭ᠎ᠠ ᠬᠦᠮᠦᠵᠢᠯ ᠤᠨ ᠰᠢᠯᠢᠳᠡᠭ | ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ | ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠡᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠽᠧᠩ ᠢ ᠴᠦᠨ ᠲᠦᠪ | ᠤᠨ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ | ᠪᠠᠶᠢᠩᠭᠤᠵᠢᠭᠤᠯᠵᠣ ᠲᠦᠷᠢᠮᠵᠢᠭᠦᠯᠭᠦ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ | ᠤᠯᠠᠮᠵᠢᠯᠠᠬᠤ ᠶᠢᠨ ᠬᠠᠮᠳᠤ ᠮᠠᠠ ᠤ ᠤᠷᠤᠨ ᠤ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠪᠤᠳᠠᠳᠠᠢ | ᠪᠠᠶᠢᠷᠢᠯᠠᠭᠤᠯᠪᠡ᠃ ᠦᠪᠡᠷᠳᠡᠭᠡᠨ ᠵᠠᠰᠬᠠᠤ ᠤᠷᠤᠨ ᠤ ᠤᠳᠤᠷᠢᠳᠤᠯᠭ᠎ᠠ ᠯᠢᠦ ᠴᠢ ᠹᠠᠨ᠂ ᠪᠠᠢ ᠢᠤᠢ ᠭᠠᠩ᠂ ᠯᠦᠸᠧ | ᠶᠦᠩ ᠭᠠᠩ᠂ ᠸᠠᠩ ᠬᠤᠸᠠᠨ ᠴᠧᠩ ᠵᠢᠴᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ | ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠲᠠᠷᠤᠭ᠎ᠠ ᠬᠤᠷᠠᠯ ᠳᠤ ᠤᠷᠤᠯᠴᠠᠪᠠ᠃ | ᠯᠢ ᠵᠢᠢ ᠾᠧᠩ ᠵᠢᠭᠠᠵᠤ ᠭᠠᠷᠭᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ︽ᠬᠤᠶᠠᠷ ᠢ ᠰᠤᠷᠤᠯᠴᠠᠵᠤ | ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ | ᠲᠦᠷᠢᠮᠵᠢᠭᠦᠯᠭᠦ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠳᠠᠭᠠᠨ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ | ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠭᠦ ᠶᠢ | ᠠᠬᠢᠭᠤᠯᠬᠤ ᠶᠢᠨ ᠴᠢᠬᠤᠯᠠ ᠠᠴᠢ ᠬᠤᠯᠪᠤᠬᠳᠠᠯ᠂ ᠬᠠᠷᠠᠯᠳᠠ ᠡᠭᠦᠷᠭᠡ ᠪᠠ ᠦᠨᠳᠦᠰᠦᠨ ᠱᠠᠭᠠᠷᠳᠠᠯᠭ᠎ᠠ ᠶᠢ ᠬᠦᠨᠵᠡᠭᠡᠢ | ᠲᠤᠭᠠᠴᠢᠨ ᠦᠭᠦᠯᠡᠵᠤ᠂ ᠪᠢᠳᠡᠡ ᠤ ᠠᠵᠢᠯ ᠢᠶᠠᠨ ᠰᠠᠶᠢᠳᠤᠷ ᠬᠢᠭᠦ ᠳᠤ ᠴᠢᠬᠤᠯᠠ ᠵᠢᠷᠤᠮᠯᠠᠯ ᠬᠠᠩᠭᠠᠪᠠ᠃ ᠪᠦᠬᠦ | ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠬᠡᠰᠢᠭᠦᠨ ᠵᠠᠪᠠᠯ | ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ︽ᠲᠦᠷᠪᠡᠨ ᠤᠬᠠᠮᠰᠠᠷ︾ ᠢᠶᠠᠨ ᠴᠢᠨᠠᠬᠰᠢᠳᠠ | ᠴᠢᠩᠭᠠᠳᠬᠠᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ | ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠭᠦ ᠶᠢ ᠠᠬᠢᠭᠤᠯᠬᠤ ᠶᠢᠨ ᠴᠢᠬᠤᠯᠠ ᠠᠴᠢ ᠬᠤᠯᠪᠤᠬᠳᠠᠯ ᠢ ᠬᠦᠢᠴᠡᠳ | ᠲᠠᠨᠢᠵᠤ᠂ ᠲᠡᠭᠡᠳᠦ ᠬᠡᠮᠵᠢᠶᠠᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠠ ᠤ ᠤᠬᠠᠮᠰᠠᠷ ᠪᠠ ᠦᠢᠯᠡ | ᠠᠵᠢᠯᠯᠠᠭ᠎ᠠ ᠶᠢᠨ ᠤᠬᠠᠮᠰᠠᠷ ᠢᠶᠠᠷ ᠠᠵᠢᠯ ᠢᠶᠠᠨ ᠰᠠᠶᠢᠳᠤᠷ ᠬᠢᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ᠂ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠪᠠ ᠤᠳᠤᠬᠢᠴᠢᠯᠠᠬᠰᠠᠨ ᠦᠪᠦᠷ | ᠮᠤᠩᠭᠤᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠭᠦ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ | ᠪᠠᠳᠤᠯᠠᠭ᠎ᠠ ᠬᠠᠩᠭᠠᠬᠤ ᠬᠡᠷᠡᠭᠳᠡᠢ ᠬᠡᠵᠠᠢ᠃ | ᠯᠢ ᠵᠢᠢ ᠾᠧᠩ ᠴᠢᠬᠤᠯᠠᠴᠢᠯᠠᠬᠰᠠᠨ ᠨᠢ᠂ ᠦᠵᠡᠯ ᠰᠠᠨᠠᠭᠠᠨ ᠤ ᠬᠦᠮᠦᠵᠢᠯ ᠢ ᠲᠡᠷᠢᠭᠦᠨ ᠴᠢᠬᠤᠯᠠ | ᠡᠭᠦᠷᠭᠡ ᠪᠠᠨ ᠪᠤᠯᠭᠠᠵᠤ᠂ ᠨᠠᠮ ᠤᠨ ᠲᠦᠷᠢᠮ ᠨᠠᠮ ᠤᠨ ᠲᠤᠬᠳᠠᠭᠠᠯ ᠢᠶᠠᠷ ᠨᠠᠮ ᠤᠨ ᠵᠤᠬᠢᠶᠠᠨ ᠪᠠᠶᠢᠭᠤᠯᠤᠯᠳᠠ ᠪᠠ | ᠨᠠᠮ ᠤᠨ ᠬᠡᠰᠢᠭᠦᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢ ᠪᠠᠷᠢᠮᠳᠠᠯᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ | ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ᠃ ᠰᠣᠷᠣᠯᠴᠠᠬᠤ ᠪᠤᠯ ᠰᠠᠭᠤᠷᠢ᠂ | ᠳᠡᠩᠴᠡᠭᠦᠯᠬᠦ ᠪᠤᠯ ᠵᠠᠩᠬᠢᠯᠠᠭ᠎ᠠ ᠪᠣᠯᠬᠤ ᠶᠢ ᠦᠷᠭᠦᠯᠵᠢᠯᠡᠨ ᠪᠠᠷᠢᠮᠳᠠᠯᠠᠵᠤ᠂ ᠠᠰᠠᠭᠤᠳᠠᠯ ᠢ ᠠᠳᠬᠤᠨ ᠰᠤᠷᠤᠯᠴᠠᠵᠦ | ᠠᠰᠠᠭᠤᠳᠠᠯ ᠳᠤ ᠴᠢᠭᠯᠡᠭᠦᠯᠦᠨ ᠰᠠᠶᠢᠵᠢᠷᠠᠭᠤᠯᠬᠤ ᠶᠢ ᠪᠠᠷᠢᠮᠳᠠᠯᠠᠵᠤ᠂ ︽ᠶᠠᠭᠤ ᠶᠢ ᠰᠤᠷᠤᠯᠴᠠᠬᠤ᠂ ᠶᠠᠭᠠᠬᠢᠵᠤ | ᠰᠤᠷᠤᠯᠴᠠᠬᠤ︾᠂ ︽ᠶᠠᠭᠤ ᠶᠢ ᠲᠡᠩᠴᠡᠭᠦᠯᠭᠦ᠂ ᠶᠠᠭᠠᠬᠢᠵᠤ ᠲᠡᠩᠴᠡᠭᠦᠯᠭᠦ︾᠂ ︽ᠶᠠᠭᠤ ᠶᠢ ᠰᠠᠶᠢᠵᠢᠷᠠᠭᠤᠯᠬᠤ᠂ | ᠶᠠᠭᠠᠬᠢᠵᠤ ᠰᠠᠶᠢᠵᠢᠷᠠᠭᠤᠯᠬᠤ︾ ᠲᠠᠯ᠎ᠠ ᠪᠠᠷ ᠲᠠᠰᠤᠷᠠᠯᠳᠠ ᠦᠭᠡᠢ ᠬᠦᠨᠵᠡᠭᠡᠶᠢᠷᠡᠭᠦᠯᠦᠨ ᠦᠷᠭᠡᠳᠭᠡᠵᠤ᠂ ︽ᠬᠤᠶᠠᠷ ᠢ | ᠰᠤᠷᠤᠯᠴᠠᠵᠤ ᠨᠢᠭᠡ ᠳᠤ ᠲᠡᠩᠴᠡᠭᠦᠯᠭᠦ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠭᠦ ᠶᠢ | ᠠᠬᠢᠭᠤᠯᠬᠤ ᠬᠠᠷᠡᠯᠳᠠ ᠡᠭᠦᠷᠭᠡ ᠶᠢ ᠰᠠᠶᠢᠳᠤᠷ ᠪᠡᠶᠡᠯᠡᠭᠦᠯᠭᠦ ᠬᠡᠷᠡᠭᠳᠡᠢ᠃ ︽ᠵᠠᠩᠬᠢᠯᠠᠭ᠎ᠠ ᠶᠢᠨ ᠴᠦᠭᠡᠨ ᠲᠤᠭᠠᠳᠠᠨ︾ | ᠤ ᠵᠢᠱᠢᠶ᠎ᠠ ᠦᠵᠡᠭᠦᠯᠦᠨ ᠲᠠᠭᠠᠭᠤᠯᠬᠤ ᠦᠢᠯᠡᠳᠦᠯ ᠢ ᠨᠡᠩ ᠲᠤᠪᠤᠶᠢᠯᠭᠠᠵᠣ᠂ ᠦᠨᠳᠦᠰᠦᠨ ᠱᠠᠳᠤᠨ ᠤ ᠨᠠᠮ ᠤᠨ | ᠡᠭᠦᠷ ᠤᠨ ᠭᠤᠤᠯ ᠴᠤᠬᠴᠠ ᠶᠢᠨ ᠦᠢᠯᠡᠳᠦᠯ ᠢ ᠨᠡᠩ ᠲᠤᠪᠤᠶᠢᠯᠭᠠᠵᠤ᠂ ᠲᠡᠭᠡᠳᠤ ᠱᠠᠳᠤ ᠪᠠᠷ ᠲᠤᠤᠷᠠᠳᠦ ᠱᠠᠳᠤ ᠶᠢ | ᠲᠠᠭᠠᠭᠤᠯᠦᠨ ᠱᠠᠳᠤ ᠱᠠᠳᠤ ᠪᠠᠷ ᠠᠬᠢᠭᠤᠯᠵᠤ᠂ ᠦᠨᠳᠦᠰᠦᠨ ᠱᠠᠳᠤ ᠶᠢ ᠬᠦᠴᠦ ᠲᠠᠯᠪᠢᠵᠤ ᠠᠳᠬᠳ ᠰᠠᠭᠤᠷᠢ ᠶᠢ | ᠪᠠᠳᠤᠳᠬᠠᠵᠤ᠂ ᠨᠠᠮ ᠤᠨ ᠲᠤᠳᠤᠭᠠᠳᠦ ᠶᠢᠨ ᠪᠠᠶᠢᠩᠭᠤ ᠶᠢᠨ ᠴᠢᠨᠠᠷᠳᠠᠢ ᠬᠦᠮᠦᠵᠢᠯ ᠢ ᠬᠦᠨᠵᠡᠭᠡᠶᠢᠷᠡᠭᠦᠯᠭᠦ ᠳᠤ | ᠲᠠᠭᠠᠭᠠᠮᠠᠭᠠᠢ ᠬᠦᠳᠡᠯᠭᠡᠭᠴᠢ ᠬᠦᠴᠦᠨ ᠨᠡᠮᠡᠷᠢᠯᠡᠵᠤ᠂ ᠴᠢᠩᠭ᠎ᠠ ᠪᠣᠳᠠᠳᠠᠢ ᠲᠤᠯᠭᠠᠭᠤᠷᠢᠯᠠᠯ ᠬᠠᠩᠭᠠᠬᠤ ᠬᠡᠷᠡᠭᠳᠡᠢ᠃ | ᠤᠳᠤᠷᠢᠳᠤᠯᠭ᠎ᠠ ᠪᠠᠨ ᠴᠢᠩᠭᠠᠳᠬᠠᠠ ᠨᠠᠷᠢᠨ ᠨᠢᠮᠪᠠᠢ ᠵᠤᠬᠢᠶᠠᠨ ᠪᠠᠶᠢᠭᠤᠯᠵᠤ᠂ ᠬᠠᠷᠢᠭᠤᠴᠠᠯᠭ᠎ᠠ ᠪᠠᠨ | ᠨᠡᠶᠢᠳᠡᠪᠦᠷᠢᠵᠢᠭᠤᠯᠬᠤ ᠶᠢ ᠴᠢᠩᠭᠠᠳᠬᠠᠵᠣ᠂ ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠶᠢ ᠴᠢᠩᠭᠠᠳᠬᠠᠵᠤ᠂ | ᠨᠡᠶᠢᠳᠡᠯᠢᠭ ᠵᠢᠱᠢᠶ᠎ᠠ ᠪᠠᠷ ᠵᠢᠱᠢᠶ᠎ᠠ ᠦᠵᠡᠭᠦᠯᠭᠦ ᠶᠢ ᠴᠢᠩᠭᠠᠳᠬᠠᠵᠤ᠂ ᠠᠵᠢᠯ ᠤᠨ ᠠᠭᠤᠰᠤᠯᠴᠠᠯ ᠢ ᠴᠢᠩᠭᠠᠳᠬᠠᠵᠤ | ᠪᠠᠶᠢᠭᠠᠳ ︽ ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ | ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠭᠦ ᠶᠢ ᠠᠬᠢᠭᠤᠯᠬᠤ ᠠᠵᠢᠯ ᠳᠤ ᠲᠠᠰᠤᠷᠠᠯᠲᠠ ᠦᠭᠡᠢ ᠰᠢᠨ᠎ᠠ ᠦᠷ᠎ᠡ | ᠪᠦᠳᠦᠮᠵᠢ ᠤᠯᠬᠤ ᠬᠡᠷᠡᠭᠳᠡᠢ ᠬᠡᠵᠡᠢ᠃ | ᠡᠯ᠎ᠠ ᠠᠶᠢᠮᠠᠭ ᠬᠤᠳᠠ ᠪᠠ ᠮᠠᠨᠵᠤᠤᠷ᠂ ᠡᠷᠢᠶᠡᠨ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ | ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ᠂ ᠬᠤᠷᠢᠨᠬᠡᠷ ᠰᠢᠨ᠎ᠠ ᠲᠤᠭᠤᠷᠢᠭ ᠤᠨ ᠨᠠᠮ ᠤᠨ ᠠᠵᠢᠯ ᠤᠨ | ᠬᠤᠷᠢᠶ᠎ᠠ ᠶᠢᠨ ᠲᠡᠳ᠋ ᠱᠦᠵᠢ᠂ ᠶᠡᠭᠡ ᠬᠢᠩᠭᠠᠨ ᠲᠠᠪᠠᠭ᠎ᠠ ᠶᠢᠨ ᠤᠢ ᠰᠢᠭᠤᠢ ᠶᠢᠨ ᠬᠠᠮᠢᠶᠠᠷᠤᠯᠳᠠ ᠶᠢᠨ | ᠲᠤᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠡᠯ᠎ᠠ | ᠰᠠᠯᠠᠭ᠎ᠠ ᠮᠦᠴᠢᠷ᠂ ᠡᠯ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠲᠤᠭᠤᠶᠢᠯᠠᠩ︶ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠠᠴᠠ ᠠᠶᠢᠮᠠᠭ ᠬᠤᠳᠠ ᠳᠤ | ᠲᠤᠮᠢᠯᠠᠬᠰᠠᠨ ᠪᠠᠶᠢᠴᠠᠭᠠᠨ ᠰᠤᠳᠤᠯᠵᠤ ᠵᠢᠯᠤᠭᠤᠳᠬᠤ ᠲᠤᠭᠤᠶᠢᠯᠠᠩ ᠤᠨ ᠲᠠᠷᠤᠭ᠎ᠠ ᠪᠣᠯᠣᠨ ᠬᠠᠷᠢᠯᠴᠠᠬᠴᠢ᠂ | ᠦᠪᠡᠷᠳᠡᠭᠡᠨ ᠵᠠᠰᠬᠠᠤ ᠤᠷᠤᠨ ᠤ ᠰᠤᠷᠤᠯᠴᠠᠯᠭ᠎ᠠ ᠬᠦᠮᠦᠵᠢᠯ ᠢ ᠵᠤᠬᠢᠴᠠᠭᠤᠯᠬᠤ ᠲᠤᠭᠤᠶᠢᠯᠠᠩ ᠤᠨ ᠡᠯ᠎ᠠ ᠠᠵᠢᠯ ᠤᠨ | ᠲᠤᠭᠤᠶᠢᠯᠠᠩ ᠤᠨ ᠲᠠᠷᠤᠭ᠎ᠠ ᠬᠤᠷᠠᠯ ᠳᠤ ᠤᠷᠤᠯᠴᠠᠵᠠᠢ᠃ |