ᠪᠦᠬᠦ ᠤᠯᠤᠰ ᠤᠨ ᠵᠢᠦᠳᠣᠣ ᠪᠥᠬᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ᠄ ᠮᠠᠨ ᠤ ᠣᠷᠣᠨ ᠤ ᠲᠠᠮᠢᠷᠴᠢᠨ 2 ᠠᠯᠲᠠᠨ ᠮᠧᠳᠠᠯ᠂ 2 ᠮᠥᠩᠭᠦᠨ ᠮᠧᠳᠠᠯ᠂ 3 ᠬᠦᠷᠡᠯ ᠮᠧᠳᠠᠯ ᠬᠦᠷᠲᠡᠪᠡ
ᠨᠡᠶᠢᠲᠡᠯᠡᠭᠰᠡᠨ ᠴᠠᠭ᠄
2017/4/25
     4 ᠳ᠋ᠦ᠋ᠭᠡᠷ ᠰᠠᠷ᠎ᠠ ᠶᠢᠨ 22᠎ ᠤ ᠡᠳᠦᠷ᠂ 2017 ᠤᠨ ᠤ ᠪᠦᠬᠦ ᠤᠯᠤᠰ ᠤᠨ ᠵᠢᠦᠳᠣᠣ ᠪᠥᠬᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠵᠢᠦᠳᠣᠣ ᠪᠦᠬᠡ ᠶᠢᠨ ᠲᠥᠷᠥᠯ ᠤᠨ ᠪᠡᠯᠡᠳᠬᠡᠯ ᠤᠷᠤᠯᠳᠤᠭᠠᠨ ᠬᠤᠨᠠᠨ ᠮᠤᠵᠢ ᠶᠢᠨ ᠬᠤᠸᠠᠢ ᠬᠤᠸᠠ ᠬᠤᠲᠠ ᠳᠤ ᠦᠨᠳᠦᠷᠯᠡᠪᠡ᠃ ᠲᠤᠰ ᠤᠳᠠᠭᠠᠨ ᠤ ᠤᠷᠤᠯᠳᠤᠭᠠᠨ ᠳᠤ᠂ ᠮᠠᠨ ᠤ ᠣᠷᠣᠨ ᠤ ᠲᠠᠮᠢᠷᠴᠢᠨ ᠨᠡᠶᠢᠲᠡ 2 ᠠᠯᠲᠠᠨ ᠮᠧᠳᠠᠯ᠂ 2 ᠮᠥᠩᠭᠦᠨ ᠮᠧᠳᠠᠯ᠂ 3 ᠬᠦᠷᠡᠯ ᠮᠧᠳᠠᠯ ᠤᠯᠵᠤ᠂ 18 ᠬᠥᠮᠦᠨ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠢᠳᠪᠦᠷᠢᠲᠦ ᠤᠷᠤᠯᠳᠤᠭᠠᠨ ᠤᠷᠤᠯᠴᠠᠬᠤ ᠪᠠᠷ ᠪᠤᠯᠪᠠ᠃ ᠪᠡᠭᠡᠵᠢᠩ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠯᠤᠨᠲᠤᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠤᠷᠤᠯᠴᠠᠭᠰᠠᠨ ᠡᠦ ᠱᠦ ᠭᠧᠨ ᠳᠠᠬᠢᠨ ᠵᠤᠳᠤᠭᠯᠠᠵᠤ ᠡᠮᠡᠭᠲᠡᠶ ᠶᠢᠨ 48 ᠺᠢᠯᠣᠭ᠍ᠷᠠᠮ ᠤᠨ ᠳᠡᠰ ᠲᠤ ᠮᠠᠩᠯᠠᠶᠢᠯᠠᠵᠤ᠂ ᠪᠠᠶᠠᠨᠳᠡᠯᠡᠬᠡᠢ ᠡᠷᠡᠭᠲᠡᠶ ᠶᠢᠨ 73 ᠺᠢᠯᠣᠭ᠍ᠷᠠᠮ ᠤᠨ ᠳᠡᠰ ᠲᠤ ᠲᠦᠷᠦᠭᠦᠯᠡᠵᠦ᠂ ᠰᠠᠶᠢᠨᠵᠢᠷᠭᠠᠯ ᠡᠷᠡᠭᠲᠡᠶ ᠶᠢᠨ 73 ᠺᠢᠯᠣᠭ᠍ᠷᠠᠮ ᠤᠨ ᠳᠡᠰ ᠲᠤ ᠬᠤᠶᠠᠳᠤᠭᠠᠷ ᠲᠤ ᠳᠡᠪᠢᠵᠦ᠂  ᠦᠭᠡᠳᠡᠯᠡᠬᠦ ᠡᠷᠡᠭᠲᠡᠢ ᠶᠢᠨ 100 ᠺᠢᠯᠣᠭ᠍ᠷᠠᠮ ᠠᠴᠠ ᠳᠡᠭᠡᠭᠰᠢᠬᠢ ᠳᠡᠰ ᠲᠤ ᠳᠡᠳ᠋ᠯᠡᠵᠦ᠂ ᠴᠢᠨᠳᠠᠭ᠎ᠠ ᠡᠷᠡᠭᠲᠡᠶ ᠶᠢᠨ 66 ᠺᠢᠯᠣᠭ᠍ᠷᠠᠮ ᠤᠨ ᠳᠡᠰ ᠲᠤ ᠭᠤᠷᠪᠠᠳᠤᠭᠠᠷ ᠲᠤ ᠤᠷᠤᠵᠤ᠂ ᠳᠡᠭᠵᠢᠷᠡᠬᠦ ᠡᠷᠡᠭᠲᠡᠶ ᠶᠢᠨ 73 ᠺᠢᠯᠣᠭ᠍ᠷᠠᠮ ᠤᠨ ᠲᠠᠰ ᠲᠤ ᠭᠤᠷᠪᠠᠳᠤᠭᠠᠷ ᠲᠤ ᠤᠷᠤᠵᠤ᠂ ᠡᠷᠬᠢᠮᠪᠠᠲᠤ ᠡᠷᠡᠭᠲᠡᠶ ᠶᠢᠨ 81 ᠺᠢᠯᠣᠭ᠍ᠷᠠᠮ ᠤᠨ ᠳᠡᠰ ᠲᠤ ᠭᠤᠷᠪᠠᠳᠤᠭᠠᠷ ᠲᠤ ᠤᠷᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号