︽ᠪᠢᠴᠢᠭ ᠤᠨ ᠰᠤᠷᠪᠤᠯᠵᠢᠲᠤ ᠥᠪᠥᠷ ᠮᠣᠩᠭᠤᠯ · ᠳᠠᠯᠠᠨ ᠵᠢᠯ ᠤᠨ ᠣᠢ ᠶᠢ ᠪᠡᠯᠡᠭᠯᠡᠬᠦ︾ 2017 ᠣᠨ ᠤ ᠲᠠᠯ᠎ᠠ ᠨᠤᠲᠤᠭ ᠤᠨ ᠤᠩᠰᠢᠯᠭ᠎ᠠ ᠶᠢᠨ ᠤᠯᠠᠷᠢᠯ ᠤᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠦᠬᠠᠶ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2017/4/25
     4 ᠳ᠋ᠦ᠋ᠭᠡᠷ ᠰᠠᠷ᠎ᠠ ᠶᠢᠨ 22᠎ ᠤᠨ ᠣᠷᠣᠶ᠂ ︽ᠪᠢᠴᠢᠭ ᠤᠨ ᠰᠤᠷᠪᠤᠯᠵᠢᠲᠤ ᠥᠪᠥᠷ ᠮᠣᠩᠭᠤᠯ · ᠳᠠᠯᠠᠨ ᠵᠢᠯ ᠤᠨ ᠣᠢ ᠶᠢ ᠪᠡᠯᠡᠭᠯᠡᠬᠦ︾ 2017 ᠣᠨ ᠤ ᠲᠠᠯ᠎ᠠ ᠨᠤᠲᠤᠭ ᠤᠨ ᠤᠩᠰᠢᠯᠭ᠎ᠠ ᠶᠢᠨ ᠤᠯᠠᠷᠢᠯ ᠤᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠵᠢᠴᠢ ︽ᠰᠠᠬᠢᠨ ᠪᠠᠷᠠᠭᠠᠯᠠᠨ ᠬᠠᠷᠢᠯᠴᠠᠨ ᠬᠠᠪᠰᠤᠷᠤᠯᠴᠠᠬᠤ · ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢᠲᠦ ᠣᠷᠣᠨ︾ ᠦᠬᠠᠶ ᠬᠤᠲᠠ ᠶᠢᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠳᠤᠷᠠᠰᠬᠠᠬᠤ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠦᠬᠠᠶ ᠬᠤᠳᠠ ᠶᠢᠨ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠵᠤ᠂ ᠲᠤᠰ ᠬᠤᠳᠠ ᠶᠢᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ 1000 ᠭᠠᠷᠤᠶ ᠬᠥᠮᠦᠨ ᠣᠷᠣᠯᠴᠠᠪᠠ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠨᠣᠮ ᠤᠨ ᠰᠠᠩ ᠵᠡᠷᠭᠡ 15 ᠪᠠᠶᠢᠭᠤᠯᠭ᠎ᠠ ᠨᠢᠭᠡᠴᠡ ᠶᠢ ︽2016 ᠣᠨ ᠤ ᠲᠠᠯ᠎ᠠ ᠨᠤᠲᠤᠭ ᠤᠨ ᠤᠩᠰᠢᠯᠭ᠎ᠠ ᠶᠢᠨ ᠤᠯᠠᠷᠢᠯ ᠤᠨ ᠪᠦᠬᠦ ᠠᠷᠠᠳ ᠢᠶᠠᠷ ᠢᠶᠠᠨ ᠨᠣᠮ ᠤᠩᠰᠢᠬᠤ ᠲᠡᠷᠢᠭᠦᠨ ᠤ ᠨᠢᠭᠡᠴᠡ︾᠎ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠢ ︽ᠼᠠᠢ ᠶᠦᠨ ᠦᠢᠯᠡᠴᠢᠯᠡᠭᠡᠨ ᠤ ᠢᠨᠵᠧᠨᠧᠷᠢᠩ︾ ᠵᠡᠷᠭᠡ 10 ᠲᠥᠷᠥᠯ ᠵᠦᠢᠯ ᠢ ︽2016 ᠣᠨ ᠤ ᠲᠠᠯ᠎ᠠ ᠨᠤᠲᠤᠭ ᠤᠨ ᠤᠩᠰᠢᠯᠭ᠎ᠠ ᠶᠢᠨ ᠤᠯᠠᠷᠢᠯ ᠤᠨ ᠪᠦᠬᠦ ᠠᠷᠠᠳ ᠢᠶᠠᠷ ᠢᠶᠠᠨ ᠨᠣᠮ ᠤᠩᠰᠢᠬᠤ ᠰᠢᠯᠢᠳᠡᠭ ᠲᠥᠷᠥᠯ ᠵᠦᠢᠯ︾᠎ ᠢᠶᠠᠷ᠂ ᠵᠢᠩ ᠵᠢᠶ ᠰᠢᠶᠠᠩ ᠵᠡᠷᠭᠡ 15 ᠬᠥᠮᠦᠨ ᠢ ︽2016 ᠣᠨ ᠤ ᠲᠠᠯ᠎ᠠ ᠨᠤᠲᠤᠭ ᠤᠨ ᠤᠩᠰᠢᠯᠭ᠎ᠠ ᠶᠢᠨ ᠤᠯᠠᠷᠢᠯ ᠤᠨ ᠪᠦᠬᠦ ᠠᠷᠠᠳ ᠢᠶᠠᠷ ᠢᠶᠠᠨ ᠨᠣᠮ ᠤᠩᠰᠢᠬᠤ ᠰᠢᠯᠢᠳᠡᠭ ᠳᠡᠯᠭᠡᠷᠡᠭᠦᠯᠦᠭᠴᠢ︾᠎ ᠪᠠᠷ᠂ ᠸᠠᠩ ᠫᠧᠩ ᠵᠡᠷᠭᠡ 20 ᠬᠥᠮᠦᠨ ᠢ ︽2016 ᠣᠨ ᠤ ᠲᠠᠯ᠎ᠠ ᠨᠤᠲᠤᠭ ᠤᠨ ᠤᠩᠰᠢᠯᠭ᠎ᠠ ᠶᠢᠨ ᠤᠯᠠᠷᠢᠯ ᠤᠨ ᠪᠦᠬᠦ ᠠᠷᠠᠳ ᠢᠶᠠᠷ ᠢᠶᠠᠨ ᠨᠣᠮ ᠤᠩᠰᠢᠬᠤ ︿ᠤᠩᠰᠢᠯᠭ᠎ᠠ ᠶᠢᠨ ᠣᠳᠣ﹀︾᠎ ᠪᠠᠷ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠠᠶᠢᠬᠠᠨ ᠪᠠᠶᠢᠰᠢᠩ ᠨᠡᠶᠢᠭᠡᠮ ᠲᠣᠭᠤᠷᠢᠭ ᠤᠨ ᠨᠣᠮ ᠤᠨ ᠦᠷᠦᠭᠡ ᠵᠡᠷᠭᠡ 10 ᠲᠠᠯ᠎ᠠ ᠨᠤᠲᠤᠭ ᠤᠨ ᠨᠣᠮ ᠤᠨ ᠦᠷᠦᠬᠡ ᠶᠢ ︽2016 ᠣᠨ ᠤ ᠲᠠᠯ᠎ᠠ ᠨᠤᠲᠤᠭ ᠤᠨ ᠤᠩᠰᠢᠯᠭ᠎ᠠ ᠶᠢᠨ ᠤᠯᠠᠷᠢᠯ ᠤᠨ ᠠᠷᠪᠠᠨ ᠰᠣᠳᠣᠨ ᠵᠢᠱᠢᠶ᠎ᠡ ᠦᠵᠡᠭᠦᠯᠬᠦ ᠲᠠᠯ᠎ᠠ ᠨᠤᠲᠤᠭ ᠤᠨ ᠨᠣᠮ ᠤᠨ ᠦᠷᠤᠬᠡ︾᠎ ᠪᠠᠷ᠂ ᠸᠠᠩ ᠴᠧᠩ ᠰᠢᠨ ᠵᠡᠷᠭᠡ 10 ᠬᠥᠮᠦᠨ ᠢ ︽2016 ᠣᠨ ᠤ ᠲᠠᠯ᠎ᠠ ᠨᠤᠲᠤᠭ ᠤᠨ ᠤᠩᠰᠢᠯᠭ᠎ᠠ ᠶᠢᠨ ᠤᠯᠠᠷᠢᠯ ᠤᠨ ᠠᠷᠪᠠᠨ ᠰᠣᠳᠣᠨ ᠰᠢᠯᠢᠳᠡᠭ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ︾᠎ ᠪᠠᠷ ᠴᠣᠯᠠᠯᠠᠪᠠ᠃      ᠠᠵᠢᠯᠯᠠᠭᠠᠨ ᠤ ᠶᠠᠪᠤᠴᠠ ᠳᠤ ᠪᠠᠰᠠ ᠳᠠᠭᠤᠤ ᠪᠥᠵᠢᠭ᠂ ᠤᠷᠠᠨ ᠤᠩᠰᠢᠯᠭ᠎ᠠ ᠶᠢᠨ ᠲᠥᠷᠥᠯ ᠤᠨ ᠲᠣᠭᠯᠠᠯᠲᠠ ᠭᠠᠷᠭᠠᠵᠤ᠂ ᠭᠤᠴᠣ ᠰᠠᠶᠢᠬᠠᠨ ᠲᠣᠭᠯᠠᠯᠲᠠ ᠨᠢ ᠲᠤᠬᠠᠶ ᠶᠢᠨ ᠲᠠᠯᠠᠪᠠᠢ ᠶᠢᠨ ᠦᠵᠡᠭᠴᠢᠳ ᠢ ᠨᠢᠵᠢᠭᠢᠨᠡᠲᠡᠯ᠎ᠡ ᠠᠯᠠᠭ᠎ᠠ  ᠲᠠᠰᠢᠭᠤᠯᠪᠠ᠃      ᠲᠤᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠪᠠᠰᠠ ᠦᠬᠠᠶ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠳᠠᠭᠰᠠᠨ 70 ᠵᠢᠯ ᠤᠨ ᠣᠶ ᠶᠢ ᠳᠤᠷᠠᠰᠬᠠᠬᠤ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号