ᠥᠪᠥᠷ ᠮᠣᠩᠭᠤᠯ ᠳᠡᠮᠤᠷ ᠵᠠᠮ ᠤᠨ ᠲᠣᠣᠷ᠂ ᠵᠠᠰᠠᠮᠠᠯ ᠵᠠᠮ ᠤᠨ ᠲᠣᠣᠷ᠂ ᠠᠭᠠᠷ ᠠᠶᠠᠯᠠᠯ ᠤᠨ ᠲᠣᠣᠷ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠬᠦᠯᠪᠡ
ᠨᠡᠶᠢᠲᠡᠯᠡᠭᠰᠡᠨ ᠴᠠᠭ᠄
2017/4/25
      ᠡᠨᠡ ᠵᠢᠯ᠂ ᠥᠪᠥᠷ ᠮᠣᠩᠭᠤᠯ ᠳᠡᠮᠤᠷ ᠵᠠᠮ ᠤᠨ ᠲᠣᠣᠷ᠂ ᠵᠠᠰᠠᠮᠠᠯ ᠵᠠᠮ ᠤᠨ ᠲᠣᠣᠷ᠂ ᠠᠭᠠᠷ ᠠᠶᠠᠯᠠᠯ ᠤᠨ ᠲᠣᠣᠷ ᠤᠨ  ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠬᠦᠯᠪᠡ      ᠲᠡᠮᠦᠷ ᠵᠠᠮ ᠤᠨ 10 ᠲᠦᠷᠦᠯ ᠵᠦᠢᠯ ᠢ ᠪᠠᠶᠢᠭᠤᠯᠤᠨ᠎ᠠ      ᠥᠪᠥᠷ ᠮᠣᠩᠭᠤᠯ ᠭᠠᠳᠠᠭᠠᠲᠤ ᠳᠤ ᠣᠷᠣᠰ᠂ ᠮᠣᠩᠭᠤᠯ ᠤᠯᠤᠰ ᠯᠤᠭ᠎ᠠ ᠵᠠᠯᠭᠠᠯᠳᠤᠵᠤ᠂ ᠳᠤᠲᠤᠭᠠᠲᠤ ᠳᠤ ᠎ ᠪᠠᠨ 8 ᠮᠤᠵᠢ ᠣᠷᠣᠨ ᠯᠤᠭ᠎ᠠ ᠬᠦᠷᠰᠢᠯᠳᠤᠵᠤ ᠪᠠᠶᠢᠬᠤ ᠪᠤᠯᠬᠤᠷ ᠪᠦᠷᠢᠨ ᠲᠡᠭᠦᠯᠳᠡᠷ ᠲᠡᠮᠦᠷ ᠵᠠᠮ ᠤᠨ ᠲᠤᠤᠷ ᠲᠠᠢ ᠪᠠᠶᠢᠬᠤ ᠨᠢ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠲᠦᠯᠬᠢᠴᠡ ᠦᠢᠯᠡᠳᠦᠯ ᠦᠵᠡᠬᠦᠯᠬᠦ ᠪᠤᠯᠤᠨ᠎ᠠ᠃ ᠡᠨᠡ ᠵᠢᠯ᠂ ᠥᠪᠥᠷ ᠮᠣᠩᠭᠤᠯ ᠪᠤᠭᠤᠲᠤ ᠠᠴᠠ ᠢᠷᠭᠠᠶ ᠬᠦᠷᠬᠦ ᠲᠦᠷᠭᠡᠨ ᠬᠤᠷᠳᠤ ᠶᠢᠨ ᠲᠡᠮᠦᠷ ᠵᠠᠮ᠂ ᠪᠠᠶᠠᠨᠬᠤᠲᠠ ᠠᠴᠠ ᠢᠷᠭᠠᠶ ᠬᠦᠷᠬᠦ ᠲᠦᠷᠭᠡᠨ ᠬᠤᠷᠳᠤ ᠶᠢᠨ ᠲᠡᠮᠦᠷ ᠵᠠᠮ᠂ ᠵᠢᠨᠢᠩ ᠲᠦᠡᠭᠯᠢᠶᠤᠤ ᠶᠢᠨ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠴᠢᠳᠠᠮᠵᠢ ᠶᠢ ᠥᠷᠭᠡᠳᠬᠡᠨ ᠰᠠᠶᠢᠵᠢᠷᠠᠭᠤᠯᠬᠤ ᠵᠡᠷᠭᠡ 3 ᠲᠥᠷᠥᠯ ᠵᠦᠶᠯ ᠢ ᠡᠬᠢᠯᠡᠨ ᠪᠥᠳᠥᠭᠡᠨ ᠪᠠᠶᠢᠭᠤᠯᠵᠤ᠂ ᠴᠢᠭᠤᠯᠭᠠᠲᠤ ᠬᠠᠭᠠᠯᠭ᠎ᠠ ᠠᠴᠠ ᠬᠥᠬᠡᠬᠤᠲᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠵᠡᠷᠭᠡ 10 ᠲᠥᠷᠥᠯ ᠵᠦᠢᠯ ᠢ ᠪᠠᠶᠢᠭᠤᠯᠬᠤ ᠪᠤᠯᠤᠨ᠎ᠠ︔ ᠬᠥᠬᠡᠬᠤᠲᠠ ᠠᠴᠠ ᠵᠡᠭᠦᠨᠭᠠᠷ ᠬᠦᠷᠬᠦ ᠵᠡᠭᠦᠨᠭᠠᠷ ᠠᠴᠠ ᠤᠷᠳᠤᠰ ᠬᠦᠷᠬᠦ᠂ ᠵᠡᠬᠦᠨᠭᠠᠷ ᠠᠴᠠ ᠱᠦᠸᠧ ᠵᠸᠤ ᠬᠦᠷᠬᠦ ᠵᠡᠷᠭᠡ 6 ᠲᠡᠮᠤᠷ ᠵᠠᠮ ᠪᠣᠯᠤᠨ ᠲᠦᠪᠯᠡᠷᠡᠭᠦᠯᠦᠨ ᠰᠠᠪᠠᠯᠠᠬᠤ ᠥᠷᠲᠡᠭᠡ ᠶᠢᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠵᠡᠭᠦᠨᠭᠠᠷ ᠠᠴᠠ ᠱᠦᠸᠧ ᠵᠸᠤ ᠬᠦᠷᠬᠦ ᠲᠡᠮᠦᠷ ᠵᠠᠮ᠂ ᠬᠦᠬᠡᠬᠤᠲᠠ ᠵᠡᠭᠦᠨᠭᠠᠷ ᠤᠷᠳᠤᠰ ᠤᠨ ᠲᠡᠮᠦᠷ ᠵᠠᠮ ᠵᠢᠴᠢ ᠬᠠᠭᠤᠷᠠᠢ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠦᠷᠲᠡᠭᠡ ᠶᠢ ᠪᠦᠲᠦᠭᠡᠨ ᠪᠠᠶᠢᠭᠤᠯᠵᠤ ᠬᠡᠷᠡᠭᠯᠡᠯᠲᠡ ᠳᠤ ᠤᠷᠤᠭᠤᠯᠬᠤ ᠶᠢ ᠦᠨᠡᠨ ᠬᠦ ᠪᠠᠲᠤᠯᠠᠨ᠎ᠠ︔ ᠰᠠᠯᠪᠤᠷᠢ ᠱᠤᠭᠤᠮ ᠤᠨ ᠲᠡᠮᠥᠷ ᠵᠠᠮ ᠤᠨ ᠴᠢᠳᠠᠮᠵᠢ ᠶᠢ ᠦᠷᠭᠡᠳᠭᠡᠬᠦ᠂ ᠴᠡᠭᠡ ᠪᠣᠭᠤᠮᠲᠠ ᠶᠢᠨ ᠬᠢᠯᠢ  ᠠᠯᠤᠰᠯᠠᠭᠰᠠᠨ ᠲᠡᠮᠦᠷ ᠵᠠᠮ᠂ ᠥᠯᠵᠡᠶ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠤᠯᠤᠮᠵᠢᠲᠤ ᠰᠤᠳᠤᠯᠭ᠎ᠠ ᠶᠢ ᠦᠷᠨᠢᠬᠦᠯᠦᠨ᠎ᠡ᠃ ᠲᠦᠩᠯᠢᠶᠣᠤ ᠠᠴᠠ ᠰᠢᠨ ᠮᠢᠨ ᠬᠤᠶᠢᠲᠤ ᠦᠷᠲᠡᠭᠡ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠪᠣᠯ ᠤᠯᠤᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠡᠮᠦᠷ ᠵᠠᠮ ᠤᠨ ᠲᠤᠤᠷ ᠤᠨ ᠲᠥᠯᠥᠪᠵᠢᠭᠦᠯᠭᠡ ᠳᠠᠬᠢ ︽ᠨᠠᠢᠮᠠᠨ ᠬᠦᠨᠳᠡᠯᠡᠨ ᠨᠠᠢᠮᠠᠨ ᠭᠤᠯᠳᠤ︾ ᠲᠦᠷᠭᠡᠨ ᠬᠤᠷᠳᠤ ᠶᠢᠨ ᠲᠡᠮᠦᠷ ᠵᠠᠮ ᠤᠨ ᠲᠣᠣᠷ ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠠᠶᠢᠭᠤᠯᠵᠤ ᠳᠠᠭᠤᠰᠤᠭᠰᠠᠨ ᠤ ᠲᠠᠷᠠᠭ᠎ᠠ᠂ ᠲᠦᠷᠭᠡᠨ ᠬᠤᠷᠳᠤᠴᠠᠲᠤ ᠭᠠᠯᠲᠤ  ᠲᠡᠷᠭᠡᠨ ᠳᠤ ᠰᠠᠭᠤᠵᠤ ᠲᠦᠡᠭᠯᠢᠶᠤᠤ ᠠᠴᠠ ᠮᠦᠭᠳᠡᠨ ᠬᠦᠷᠬᠦ ᠳᠤ ᠤᠳᠤ ᠶᠢᠨ 5 ᠴᠠᠭ ᠤᠷᠴᠢᠮ ᠬᠡᠷᠡᠭᠰᠡᠵᠤ ᠪᠠᠶᠢᠭᠰᠠᠨ ᠨᠢ 1.5 ᠴᠠᠭ ᠪᠣᠯᠲᠠᠯ᠎ᠠ ᠪᠤᠭᠤᠨᠢᠰᠬᠠᠵᠤ᠂ ᠪᠡᠭᠡᠵᠢᠩ ᠬᠦᠷᠬᠦ ᠴᠠᠭ ᠢ ᠤᠳᠤ ᠶᠢᠨ 14 ᠴᠠᠭ ᠣᠷᠴᠢᠮ ᠪᠠᠶᠢᠭᠰᠠᠨ ᠠᠴᠠ ᠨᠢ 3.5 ᠴᠠᠭ ᠪᠣᠯᠲᠠᠯ᠎ᠠ ᠪᠣᠭᠤᠨᠢᠰᠬᠠᠬᠤ ᠪᠤᠯᠤᠨ᠎ᠠ᠃      ᠵᠠᠰᠠᠮᠠᠯ ᠵᠠᠮ ᠤᠨ 127 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠬᠦᠯᠦᠨ᠎ᠡ      ᠡᠨᠡ ᠵᠢᠯ᠂ ᠥᠪᠥᠷ ᠮᠣᠩᠭᠤᠯ ᠵᠠᠰᠠᠮᠠᠯ ᠵᠠᠮ ᠤᠨ 127 ᠲᠦᠷᠦᠯ ᠵᠦᠢᠯ ᠢ ᠭᠤᠤᠯᠳᠠᠯᠭ᠎ᠠ ᠲᠠᠢ ᠬᠡᠷᠡᠭᠵᠢᠬᠦᠯᠵᠤ᠂3146 ᠳ᠋ᠦᠡᠭᠰᠢᠭᠤᠷ ᠲᠥᠭᠦᠷᠢᠭ ᠤᠨ ᠶᠡᠷᠦᠩᠭᠡᠢ ᠪᠡᠯᠡ ᠤᠷᠤᠭᠤᠯᠤᠨ᠎ᠠ᠂ ᠡᠭᠦᠨ ᠳᠤ ᠦᠷᠭᠦᠯᠵᠢᠯᠡᠨ ᠪᠦᠲᠦᠭᠡᠨ ᠪᠠᠶᠢᠭᠤᠯᠬᠤ ᠲᠦᠷᠦᠯ ᠵᠦᠢᠯ 54᠂ ᠰᠢᠨ᠎ᠡ ᠪᠠᠷ ᠠᠵᠢᠯ ᠡᠬᠢᠯᠡᠬᠦᠯᠬᠦ ᠲᠦᠷᠦᠯ ᠵᠦᠢᠯ 73 ᠪᠠᠶᠢᠵᠤ᠂ ᠳᠣᠲᠣᠭᠠᠳᠤ ᠭᠠᠳᠠᠭᠠᠳᠤ ᠶᠢ ᠨᠡᠪᠲᠡᠷᠡᠭᠦᠯᠦᠭᠰᠡᠨ᠂ ᠬᠦᠢᠰᠦ ᠬᠤᠯᠪᠤᠭᠰᠠᠨ᠂ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠣᠷᠣᠨ ᠪᠦᠰᠡ ᠶᠢᠨ ᠵᠠᠰᠠᠮᠠᠯ ᠵᠠᠮ ᠤᠨ ᠲᠣᠣᠷ ᠢ ᠪᠦᠷᠢᠯᠳᠦᠬᠦᠯᠬᠦ ᠪᠠᠷ ᠪᠠᠶᠢᠨ᠎ᠠ᠃ ᠤᠳᠤᠬᠠᠨ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ︽13·5︾᠎ ᠶᠢᠨ ᠲᠦᠯᠦᠪᠵᠢᠬᠦᠯᠭᠡ ᠳᠤ ᠤᠷᠤᠭᠤᠯᠤᠭᠰᠠᠨ ᠴᠢᠬᠤᠯᠠ ᠶᠡᠭᠡ ᠲᠦᠷᠦᠯ ᠵᠦᠢᠯ ᠨᠢ ᠴᠦᠮ ᠡᠮᠦᠨᠡᠬᠢ ᠬᠤᠭᠤᠴᠠᠭᠠᠨ ᠤ ᠠᠵᠢᠯ ᠢᠶᠠᠨ ᠤᠶᠢᠳᠴᠢᠯᠠᠨ ᠦᠷᠨᠢᠬᠦᠯᠪᠡ᠂ ᠡᠭᠦᠨ ᠳᠤ ᠬᠠᠶᠢᠯᠠᠷ ᠠᠴᠠ ᠮᠠᠨᠵᠤᠤᠷ ᠬᠦᠷᠬᠦ᠂ ᠰᠥᠨᠢᠳ ᠪᠠᠷᠠᠭᠤᠨ ᠬᠤᠰᠢᠭᠤ ᠠᠴᠠ ᠬᠤᠸᠠ ᠳ᠋ᠧ ᠬᠦᠷᠬᠦ᠂ ᠪᠤᠭᠤᠲᠤ ᠠᠴᠠ ᠳ᠋ᠦᠩᠱᠧᠩ ᠬᠦᠷᠬᠦ ᠵᠡᠷᠭᠡ ᠣᠯᠠᠨ ᠵᠤᠷᠪᠤᠰ ᠲᠦᠷᠭᠡᠨ ᠬᠤᠷᠳᠤ ᠶᠢᠨ ᠵᠠᠰᠠᠮᠠᠯ ᠵᠠᠮ ᠪᠤᠯᠤᠨ ᠰᠠᠯᠪᠤᠷᠢ ᠱᠤᠭᠤᠮ ᠤᠨ ᠵᠠᠰᠠᠮᠠᠯ ᠵᠠᠮ ᠨᠢ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠬᠦᠯᠵᠤ᠂ ᠤᠨ ᠤ ᠲᠥᠯᠥᠪᠯᠡᠭᠡ ᠶᠢ ᠤᠷᠤᠭᠰᠢᠲᠠᠶ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠭᠰᠠᠨ ᠪᠠᠶᠢᠨ᠎ᠠ᠃ ᠪᠠᠷᠢᠯᠭ᠎ᠠ ᠶᠢᠨ ᠪᠦᠳᠤᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠤ᠂ ᠣᠨ ᠤ ᠬᠠᠷᠠᠯᠲᠠᠲᠤ ᠡᠭᠦᠷᠭᠡ ᠶᠢ ᠲᠤᠭ᠎ᠠ ᠶᠣᠰᠣᠭᠠᠷ ᠴᠢᠨᠠᠷ ᠰᠠᠶᠢᠲᠠᠢ ᠪᠡᠶᠡᠯᠡᠭᠦᠯᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ ᠡᠯ᠎ᠡ ᠱᠠᠲᠤᠨ ᠤ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠯᠤᠭ᠎ᠠ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠠᠮᠲᠤ ᠪᠠᠷ ᠪᠡᠯᠡ ᠮᠥᠩᠭᠦ᠂ ᠭᠠᠵᠠᠷ ᠰᠢᠷᠣᠶ ᠲᠠᠲᠠᠪᠤᠷᠢᠯᠠᠬᠤ᠂ ᠨᠤᠷᠠᠭᠠᠵᠤ ᠨᠡᠭᠦᠯᠭᠡᠬᠦ ᠪᠠ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠳᠤᠮᠳᠠᠬᠢ ᠬᠦᠴᠢᠷᠳᠡᠯ ᠪᠠ ᠠᠰᠠᠭᠤᠳᠠᠯ ᠢ ᠰᠠᠶᠢᠲᠤᠷ ᠰᠢᠢᠳᠪᠦᠷᠢᠯᠡᠵᠤ᠂ ᠲᠣᠬᠢᠷᠠᠭᠤᠯᠬᠤ ᠪᠠᠨ ᠴᠢᠭᠭᠠᠳᠬᠠᠵᠤ᠂ ᠬᠠᠷᠢᠭᠤᠴᠠᠯᠭ᠎ᠠ ᠶᠢ ᠪᠤᠳᠠᠲᠠᠶᠢᠵᠢᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠤ ᠪᠤᠢ᠃      ᠬᠥᠬᠡᠬᠤᠲᠠ ᠰᠢᠨ᠎ᠡ ᠨᠢᠰᠬᠡᠯ ᠤᠨ ᠪᠠᠭᠤᠳᠠᠯ ᠢ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ      2016 ᠣᠨ ᠤ ᠵᠢᠯ ᠤᠨ ᠡᠴᠦᠰ ᠲᠤ᠂ ᠥᠪᠥᠷ ᠮᠣᠩᠭᠤᠯ ᠳᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠨᠡᠶᠢᠲᠡ 24 ᠪᠠᠶᠢᠵᠤ᠂ 12 ᠠᠶᠢᠮᠠᠭ ᠬᠤᠲᠠ ᠳᠤ ᠴᠦᠮ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠲᠠᠢ ᠪᠤᠯᠵᠤ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ ᠶᠢᠨ ᠡᠵᠡᠩᠨᠡᠯᠲᠡ ᠶᠢᠨ ᠱᠤᠭᠤᠮ ᠨᠢ 277 ᠵᠤᠷᠪᠤᠰ ᠲᠤ ᠬᠦᠷᠴᠦ᠂ ᠠᠭᠠᠷ ᠠᠶᠠᠯᠠᠯ ᠤᠨ ᠨᠡᠪᠲᠡᠷᠡᠯᠴᠡᠬᠦ ᠴᠢᠭ᠋ 93 ᠪᠤᠯᠵᠠᠢ᠃ ᠡᠨᠡ ᠵᠢᠯ᠂ ᠥᠪᠥᠷ ᠮᠣᠩᠭᠤᠯ ᠬᠥᠬᠡᠬᠤᠲᠠ ᠰᠢᠨ᠎ᠡ ᠨᠢᠰᠬᠡᠯ ᠤᠨ ᠪᠠᠭᠤᠳᠠᠯ ᠢ ᠡᠬᠢᠯᠡᠭᠦᠯᠦᠨ ᠪᠥᠳᠥᠭᠡᠨ ᠪᠠᠶᠢᠭᠤᠯᠵᠤ᠂ ᠮᠤᠷᠢᠨ ᠳᠠᠪᠠᠭ᠎ᠠ ᠬᠤᠰᠢᠭᠤ᠂ ᠮᠠᠨᠬᠦ᠋ᠢ ᠪᠠᠯᠭᠠᠰᠤ᠂ ᠠᠷᠤ ᠬᠤᠷᠴᠢᠨ ᠬᠤᠰᠢᠭᠤ᠂ ᠬᠠᠭᠤᠴᠢᠨ ᠪᠠᠷᠭᠤ ᠬᠤᠰᠢᠭᠤ ᠵᠡᠷᠭᠡ ᠳᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ 4᠎ ᠶᠢ ᠪᠠᠶᠢᠭᠤᠯᠵᠤ᠂ ᠤᠯᠠᠭᠠᠨᠬᠠᠳᠠ ᠶᠢᠨ ᠢᠦᠢ ᠯᠦᠡᠭ ᠨᠢᠰᠬᠡᠯ ᠤᠨ ᠪᠠᠭᠤᠳᠠᠯ ᠢ ᠥᠷᠭᠡᠳᠬᠡᠨ ᠪᠠᠶᠢᠭᠤᠯᠬᠤ ᠪᠠ ᠯᠢᠨᠰᠢ ᠶᠢᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠡᠬᠢᠯᠡᠭᠦᠯᠬᠦ ᠪᠤᠯᠤᠨ᠎ᠠ᠃ ᠥᠪᠥᠷ ᠮᠣᠩᠭᠤᠯ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠢᠴᠢ ᠢᠵᠢ ᠪᠦᠷᠢᠳᠦᠭᠦᠯᠬᠦ ᠪᠥᠳᠥᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠶᠢ ᠡᠩ ᠲᠡᠷᠢᠭᠦᠨ ᠳᠤ ᠪᠠᠲᠤᠯᠠᠵᠤ᠂  ᠨᠢᠰᠬᠡᠯ ᠤᠨ ᠪᠠᠭᠤᠳᠠᠯ ᠬᠢᠭᠡᠳ ᠪᠤᠰᠤᠳ ᠲᠡᠭᠡᠭᠡᠪᠦᠷᠢ ᠶᠢᠨ ᠠᠷᠭ᠎ᠠ ᠮᠠᠶ᠋ᠢᠭ ᠪᠤᠯᠤᠨ ᠬᠤᠲᠠ ᠶᠢᠨ ᠵᠠᠮ ᠬᠠᠷᠢᠯᠴᠠᠭ᠎ᠠ ᠶᠢ ᠵᠠᠶ ᠵᠠᠪᠰᠠᠷ ᠥᠭᠡᠢ ᠵᠣᠯᠭᠠᠭᠤᠯᠬᠤ ᠶᠢ ᠭᠤᠣᠯᠳᠠᠯᠭ᠎ᠠ ᠲᠠᠢ ᠴᠢᠩᠭᠠᠳᠬᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号