ᠡᠨᠡ ᠵᠢᠯ ᠮᠠᠨ ᠤ ᠣᠷᠣᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠤᠮᠤ ᠳ᠋ᠠᠶᠢᠲ᠋ᠠ ᠶᠢᠨ ᠭᠤᠣᠯᠳᠠᠯᠭ᠎ᠠ ᠲᠠᠢ ᠲᠥᠷᠥᠯ ᠵᠦᠢᠯ 124᠎ ᠶᠢ ᠪᠠᠶᠢᠭᠤᠯᠬᠤ ᠪᠠᠷ ᠲᠥᠯᠥᠪᠯᠡᠵᠦ ᠪᠣᠢ
ᠨᠡᠶᠢᠲᠡᠯᠡᠭᠰᠡᠨ ᠴᠠᠭ᠄
2017/4/26
      ᠥᠨᠥᠬᠡᠨ᠂ ᠥᠪᠡᠷᠲᠡᠭᠡᠨ ᠵᠠᠰᠠᠬᠤ ᠣᠷᠣᠨ ᠤ ᠶᠡᠭᠡ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠣᠷᠣᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠤᠮᠤ ᠳ᠋ᠠᠶᠢᠲ᠋ᠠ ᠶᠢᠨ ᠭᠤᠣᠯᠳᠠᠯᠭ᠎ᠠ ᠲᠠᠢ ᠲᠥᠷᠥᠯ ᠵᠦᠢᠯ 124᠎ ᠶᠢ ᠪᠠᠶᠢᠭᠤᠯᠵᠤ᠂ 1505.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠳᠤᠲᠤᠷ᠎ᠠ 193.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠪᠡ᠃ ᠡᠭᠦᠨ ᠳᠤ᠂ ᠬᠠᠪᠤᠷ ᠤᠨ ᠤᠯᠠᠷᠢᠯ ᠤᠨ ᠠᠵᠢᠯ ᠡᠬᠢᠯᠡᠬᠦ ᠭᠤᠣᠯᠳᠠᠯᠭ᠎ᠠ ᠲᠠᠢ ᠲᠥᠷᠥᠯ ᠵᠦᠢᠯ 26 ᠪᠠᠶᠢᠵᠤ᠂191.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠳᠣᠲᠣᠷ᠎ᠠ 57.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠤ ᠦᠢᠯᠡᠰ ᠢ ᠲᠥᠪᠯᠡᠷᠡᠭᠦᠯᠵᠦ᠂ ᠠᠵᠤ ᠦᠢᠯᠡᠰ ᠢ ᠬᠤᠪᠢᠰᠬᠠᠬᠤ᠂ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠪᠴᠢᠯᠡᠨ ᠪᠣᠢ ᠪᠣᠯᠭᠠᠵᠤ᠂ ᠳᠤᠮᠳᠠᠳᠤ ᠤᠯᠤᠰ ᠤᠨ ᠤᠮᠠᠷᠠᠲᠤ ᠶᠢᠨ ᠲᠣᠮᠣ ᠳ᠋ᠠᠶᠢᠲ᠋ᠠ ᠶᠢᠨ ᠲᠥᠪ᠂ ᠲᠣᠷᠭᠠᠨ ᠵᠠᠮ ᠤᠨ ᠳ᠋ᠠᠶᠢᠲ᠋ᠠ ᠶᠢᠨ ᠭᠠᠷᠠᠮ᠂ ᠳ᠋ᠠᠶᠢᠲ᠋ᠠᠳᠤ ᠵᠠᠰᠠᠭ ᠤᠨ ᠣᠷᠳᠣᠨ ᠤ ᠤᠷᠢᠳᠠᠪᠠᠷ ᠲᠤᠷᠰᠢᠬᠤ ᠣᠷᠣᠨ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠲᠠᠭᠠᠭᠤᠯᠤᠭᠴᠢ ᠣᠷᠣᠨ ᠪᠠ ᠳᠡᠯᠡᠬᠡᠶ ᠶᠢᠨ ᠲᠡᠰ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠡᠷᠡᠰ ᠭᠤᠶᠢᠪᠢᠰᠢ ᠦᠭᠡᠢ ᠴᠣᠭᠴᠠᠯᠠᠬᠤ ᠪᠣᠯᠣᠨ᠎ᠠ᠃      ᠠᠵᠤ ᠦᠢᠯᠡᠰ ᠢ ᠲᠥᠪᠯᠡᠷᠡᠭᠦᠯᠬᠦ ᠲᠠᠯ᠎ᠠ ᠪᠠᠷ᠄ ᠬᠤᠷᠢᠨᠭᠡᠷ ᠰᠢᠨ᠎ᠡ ᠲᠤᠭᠤᠷᠢᠭ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠭᠤᠣᠯ ᠣᠷᠣᠨ ᠢ ᠭᠤᠣᠯᠳᠠᠯᠭ᠎ᠠ ᠲᠠᠢ ᠪᠦᠳᠦᠭᠡᠨ ᠪᠠᠶᠢᠭᠤᠯᠵᠤ᠂ ᠨᠢᠭᠡ ᠪᠦᠯᠦᠭ ᠲᠤᠮᠤ ᠳ᠋ᠠᠶᠢᠲ᠋ᠠ ᠎ ᠶᠢᠨ ᠲᠣᠯᠣᠭᠠᠶᠢᠯᠠᠭᠴᠢ ᠠᠵᠤ ᠠᠬᠤᠶᠢᠯᠠᠯ ᠢ ᠬᠥᠮᠥᠵᠢᠭᠦᠯᠦᠨ ᠲᠥᠪᠯᠡᠷᠡᠭᠦᠯᠵᠦ᠂ ᠲᠤᠰ ᠲᠤᠰ ᠤᠨ ᠣᠨᠴᠠᠯᠢᠭ ᠲᠠᠢ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠣᠷᠣᠨ ᠪᠦᠰᠡ ᠪᠠᠷ ᠬᠠᠮᠵᠢᠯᠴᠠᠬᠤ ᠪᠦᠬᠦᠯᠢ ᠴᠤᠭᠴᠠ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠬᠦᠴᠦᠯᠡᠨ ᠪᠤᠢ ᠪᠣᠯᠭᠠᠨ᠎ᠠ᠃      ᠠᠵᠤ ᠦᠢᠯᠡᠰ ᠢ ᠬᠤᠪᠢᠰᠬᠠᠬᠤ ᠲᠠᠯ᠎ᠠ ᠪᠠᠷ᠄ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠵᠡᠷᠭᠡ ᠬᠦᠷᠢᠶ᠎ᠡ ᠳᠤ ᠲᠤᠮᠤ ᠳ᠋ᠠᠶᠢᠲ᠋ᠠ ᠶᠢ ᠬᠡᠷᠡᠭᠯᠡᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠤ ᠦᠢᠯᠡᠰ ᠢ ᠬᠤᠪᠢᠰᠬᠠᠬᠤ ᠶᠠᠪᠤᠳᠠᠯ ᠢᠶᠠᠷ ᠮᠠᠨ ᠤ ᠣᠷᠣᠨ ᠤ ᠳᠠᠪᠠᠭᠤᠯᠢᠭ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠪᠠ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃      ᠠᠵᠤ ᠦᠢᠯᠡᠰ ᠤᠨ ᠰᠢᠨ᠎ᠡ ᠶᠢ ᠡᠭᠦᠳᠬᠦ ᠲᠠᠯ᠎ᠠ ᠪᠠᠷ᠄ ᠲᠤᠮᠤ ᠳ᠋ᠠᠶᠢᠲ᠋ᠠ ᠶᠢᠨ ᠮᠡᠷᠭᠡᠵᠢᠯ ᠪᠠ ᠦᠢᠯᠡᠳᠬᠦᠨ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠲᠤᠮᠤ ᠳ᠋ᠠᠶᠢᠲ᠋ᠠ ᠶᠢᠨ ᠨᠢᠭᠡ ᠪᠦᠯᠦᠭ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠨ ᠪᠤᠶᠢᠵᠢᠭᠤᠯᠵᠤ᠂ ᠲᠠᠪᠠᠯᠳᠠᠳᠦ ᠮᠠᠶ᠋ᠢᠭ ᠤᠨ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃      ᠰᠠᠭᠤᠷᠢ ᠶᠢ ᠪᠠᠲᠤᠳᠬᠠᠨ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦ ᠪᠠᠨ ᠲᠥᠪᠯᠡᠷᠡᠭᠦᠯᠵᠦ᠂ ᠣᠯᠠᠨ ᠴᠢᠭ᠋ ᠠᠴᠠ ᠬᠦᠴᠦᠯᠡᠬᠦ ᠪᠠᠷ ᠳᠠᠮᠵᠢᠨ᠂ 2017 ᠣᠨ ᠤ ᠵᠢᠯ ᠤᠨ ᠡᠴᠦᠰ ᠪᠣᠯᠬᠤ ᠳᠤ ᠪᠥᠬᠦ ᠣᠷᠣᠨ ᠤ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ ᠶᠢ 100 ᠲᠦᠮᠨ ᠠᠴᠠ ᠳᠠᠪᠠᠭᠤᠯᠤᠨ᠎ᠠ᠃      ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ ᠮᠠᠨ ᠤ ᠣᠷᠣᠨ ᠭᠠᠳᠠᠭᠠᠳᠤ ᠨᠡᠭᠡᠭᠡᠯᠳᠠ ᠶᠢ ᠥᠷᠭᠡᠳᠬᠡᠬᠦ᠂ ᠬᠠᠮᠵᠢᠯᠴᠠᠭ᠎ᠠ ᠪᠠᠨ ᠴᠢᠩᠭᠠᠳᠬᠠᠵᠤ ᠳᠡᠭᠡᠷ᠎ᠡ ᠬᠦᠴᠦ ᠪᠠᠨ ᠲᠥᠪᠯᠡᠷᠡᠭᠦᠯᠵᠦ᠂ ᠨᠠᠢᠮᠠᠨ ᠵᠦᠭ ᠲᠤ ᠨᠡᠭᠡᠭᠡᠯᠲᠡ ᠲᠠᠢ᠂ ᠤᠯᠠᠨ ᠲᠠᠯ᠎ᠠ ᠪᠠᠷ ᠬᠠᠮᠲᠤᠷᠠᠯᠴᠠᠬᠤ᠂ ᠬᠠᠮᠲᠤ ᠪᠠᠷ ᠠᠰᠢᠭ ᠬᠦᠷᠳᠡᠬᠦ ᠬᠥᠭᠵᠢᠬᠦ ᠲᠤᠮᠤ ᠳ᠋ᠠᠶᠢᠲ᠋ᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃ ᠲᠤᠮᠤ ᠳ᠋ᠠᠶᠢᠲ᠋ᠠ᠂ ᠡᠭᠦᠯᠡᠨ ᠪᠤᠳᠤᠯᠲᠠ ᠶᠢᠨ ᠠᠵᠤ ᠦᠶᠯᠡᠰ ᠤᠨ ᠬᠥᠭᠵᠢᠯᠲᠡ ᠶᠢ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠶᠢᠨ ᠳᠣᠲᠣᠭᠠᠳᠤ ᠭᠠᠳᠠᠭᠠᠳᠤ ᠨᠡᠭᠡᠭᠡᠯᠳᠡ ᠶᠢᠨ ᠪᠠᠶᠢᠯᠳᠤᠬᠤ ᠪᠤᠳᠤᠯᠭ᠎ᠠ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠥᠪᠥᠷ ᠮᠣᠩᠭᠤᠯ ᠤᠨ ᠲᠣᠷᠭᠠᠨ ᠵᠠᠮ ᠤᠨ ᠳ᠋ᠠᠶᠢᠲ᠋ᠠ ᠶᠢᠨ ᠭᠠᠷᠠᠮ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠳᠤ ᠠᠭᠤᠰᠤᠯᠴᠠᠨ ᠣᠷᠣᠵᠤ᠂ ᠣᠷᠣᠰ ᠮᠣᠩᠭᠤᠯ ᠯᠤᠭ᠎ᠠ ᠬᠠᠮᠲᠤᠷᠠᠨ ᠠᠵᠢᠯᠯᠠᠬᠤ ᠶᠢ ᠲᠠᠰᠤᠷᠠᠯᠳᠠ ᠥᠭᠡᠢ ᠭᠦᠨᠵᠡᠭᠡᠶᠢᠷᠡᠭᠦᠯᠦᠨ᠎ᠡ᠃ ᠪᠡᠭᠡᠵᠢᠩ ᠲᠢᠶᠠᠨᠵᠢᠨ ᠾᠧᠪᠧᠶ᠂ ᠬᠥᠬᠡᠮᠥᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠯᠤᠭ᠎ᠠ ᠠᠵᠤ ᠦᠶᠯᠡᠰ ᠂ ᠴᠢᠳᠠᠪᠤᠷᠢᠲᠠᠨ᠂ ᠬᠡᠷᠡᠭᠯᠡᠭᠡᠨ ᠤ ᠳᠠᠪᠠᠭᠤᠯᠢᠭ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠠᠪᠠᠯᠳᠠᠳᠦ ᠬᠥᠭᠵᠢᠯᠲᠡ ᠶᠢ ᠪᠡᠶᠡᠯᠡᠭᠦᠯᠦᠨ᠎ᠡ᠃ ᠲᠤᠮᠤ ᠳ᠋ᠠᠶᠢᠲ᠋ᠠ ᠶᠢᠨ ᠦᠵᠡᠭᠦᠯᠦᠯᠭᠡ ᠶᠢᠨ ᠴᠤᠭᠯᠠᠭᠠᠨ᠂ ᠤᠯᠠᠨ ᠤᠯᠤᠰ ᠤᠨ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠂ ᠬᠤᠳᠠᠯᠳᠤᠭᠠᠨ ᠤ ᠬᠡᠪ ᠵᠠᠭᠪᠤᠷ ᠤᠨ ᠶᠡᠭᠡ ᠤᠷᠤᠯᠳᠤᠭᠠᠨ ᠵᠡᠷᠭᠡ ᠠᠵᠢᠯᠯᠠᠭ᠎ᠠ ᠶᠢ ᠢᠳᠡᠪᠬᠢᠲᠡᠢ ᠡᠷᠬᠢᠯᠡᠵᠦ᠂ ᠲᠠᠨᠢᠯᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠣᠷᠣᠨ ᠤ ᠲᠤᠮᠤ ᠳ᠋ᠠᠶᠢᠲ᠋ᠠ ᠶᠢᠨ ᠭᠠᠳᠠᠭᠰᠢ ᠨᠥᠯᠥᠭᠡᠯᠡᠬᠦ ᠬᠦᠴᠦᠨ ᠢ ᠴᠢᠷᠮᠠᠶᠢᠨ ᠥᠷᠭᠡᠳᠬᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号