4 ᠳ᠋ᠦ᠋ᠭᠡᠷ ᠰᠠᠷ᠎ᠠ ᠶᠢᠨ 25 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠦᠬᠦ | ᠤᠷᠤᠨ ᠤ ᠮᠦᠩᠭᠦᠨ ᠭᠦᠢᠯᠭᠡᠬᠡ ᠪᠠᠷ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ | ᠮᠠᠯᠴᠢᠨ ᠲᠠᠷᠢᠶᠠᠴᠢᠨ︾ ᠢ ᠲᠡᠮᠵᠢᠬᠦ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠤᠳᠤᠬᠠᠨ ᠤ ᠮᠠᠯᠵᠢᠬᠤ | ᠲᠠᠷᠢᠶᠠᠯᠠᠬᠤ ᠤᠷᠤᠨ ᠤ ᠮᠦᠩᠭᠦᠨ ᠭᠦᠢᠯᠭᠡᠭᠡᠨ ᠤ ᠤᠷᠴᠢᠨ ᠲᠤᠭᠤᠷᠢᠨ ᠵᠢᠴᠢ ᠤᠷᠤᠰᠢᠵᠤ ᠪᠠᠶᠢᠭ᠎ᠠ ᠠᠰᠠᠭᠤᠳᠠᠯ ᠢ | ᠵᠠᠳᠠᠯᠵᠤ᠂ ᠮᠦᠩᠭᠦᠨ ᠭᠦᠢᠯᠭᠡᠬᠡ ᠪᠠᠷ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ | ᠮᠠᠯᠴᠢᠨ ᠲᠠᠷᠢᠶᠠᠴᠢᠨ︾ ᠢ ᠲᠡᠮᠵᠢᠬᠦ ᠠᠷᠭ᠎ᠠ ᠪᠤᠳᠤᠯᠭ᠎ᠠ ᠶᠢᠨ ᠲᠤᠬᠠᠢ ᠰᠤᠯᠢᠯᠴᠠᠵᠤ ᠰᠢᠨᠵᠢᠯᠡᠵᠡᠢ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠠᠩ ᠬᠤᠸᠠ ᠬᠤᠷᠠᠯ ᠳᠤ ᠤᠷᠤᠯᠴᠠᠵᠤ ᠶᠠᠷᠢᠶ᠎ᠠ | ᠲᠠᠯᠪᠢᠵᠠᠢ᠃ | ᠵᠠᠩ ᠬᠤᠸᠠ᠂ ᠮᠦᠩᠭᠦᠨ ᠭᠦᠢᠯᠭᠡᠭᠡᠨ ᠤ ᠰᠠᠯᠠᠭ᠎ᠠ ᠮᠦᠴᠢᠷ ᠤᠨ ᠬᠢᠨ ᠤ ︽ᠮᠠᠯ ᠠᠵᠤ ᠠᠬᠤᠢ ᠲᠠᠷᠢᠶᠠᠯᠠᠩ᠂ | ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠢ ᠲᠡᠮᠵᠢᠬᠦ ᠲᠠᠯ᠎ᠠ ᠪᠠᠷ ᠬᠢ ᠤᠶᠢᠷ᠎ᠠ ᠶᠢᠨ ᠵᠢᠯ ᠤᠨ | ᠴᠢᠷᠮᠠᠶᠢᠯᠭ᠎ᠠ ᠪᠤᠯᠤᠨ ᠤᠯᠤᠭᠰᠠᠨ ᠠᠮᠵᠢᠯᠳᠠ ᠶᠢ ᠨᠤᠳᠠᠯᠠᠪᠠ᠃ ᠲᠡᠷᠡ᠂ ︽ᠮᠠᠯ ᠠᠵᠤ ᠠᠬᠤᠢ ᠲᠠᠷᠢᠶᠠᠯᠠᠩ᠂ | ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠤᠨᠴᠠᠭᠠᠶᠢᠯᠠᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠲᠤᠩ ᠴᠢᠬᠤᠯᠠ᠂ ᠮᠠᠯᠵᠢᠬᠤ ᠲᠠᠷᠢᠶᠠᠯᠠᠬᠤ ᠤᠷᠤᠨ ᠤ | ᠮᠦᠩᠭᠦᠨ ᠭᠦᠢᠯᠭᠡᠭᠡᠨ ᠤ ᠠᠵᠢᠯ ᠢ ᠤᠮᠳᠤᠭᠠᠶᠢᠯᠠᠵᠤ ᠪᠤᠯᠤᠰᠢ ᠦᠭᠡᠢ᠂ ᠮᠠᠯᠵᠢᠬᠤ ᠲᠠᠷᠢᠶᠠᠯᠠᠬᠤ ᠤᠷᠤᠨ ᠤ | ᠮᠦᠩᠭᠦᠨ ᠭᠦᠢᠯᠭᠡᠭᠡᠨ ᠤ ᠠᠵᠢᠯ ᠢ ᠠᠬᠢᠭᠤᠯᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠤᠢ ᠭᠡᠵᠡᠢ᠃ | ᠵᠠᠩ ᠬᠤᠸᠠ᠂ ᠨᠡᠩ ᠤᠯᠠᠨ ᠮᠦᠩᠭᠦᠨ ᠭᠦᠢᠯᠭᠡᠭᠡᠨ ᠤ ᠰᠠᠯᠠᠭ᠎ᠠ ᠮᠦᠴᠢᠷ᠂ ᠠᠵᠤ ᠠᠬᠤᠶᠢᠯᠠᠯ ︽ᠮᠠᠯ ᠠᠵᠤ | ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠬᠦᠭᠵᠢᠯᠳᠡ ᠶᠢ ᠬᠠᠯᠠᠮᠵᠢᠯᠠᠨ | ᠲᠡᠮᠵᠢᠵᠦ᠂ ᠮᠦᠩᠭᠦᠨ ᠭᠦᠢᠯᠭᠡᠬᠡ ᠪᠠᠷ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ | ᠮᠠᠯᠴᠢᠨ ᠲᠠᠷᠢᠶᠠᠴᠢᠨ︾ ᠤ ᠠᠵᠢᠯ ᠢ ᠲᠡᠮᠵᠢᠬᠦ ᠮᠡᠳᠡᠭᠡ ᠵᠠᠩᠭᠢ ᠶᠢᠨ ᠰᠤᠯᠢᠯᠴᠠᠭ᠎ᠠ ᠶᠢ ᠴᠢᠩᠭᠠᠳᠬᠠᠵᠤ᠂ ᠵᠠᠰᠠᠭ ᠤᠨ | ᠤᠷᠳᠤᠨ ᠤ ᠪᠡᠯᠡ ᠮᠦᠩᠭᠦ᠂ ᠨᠡᠶᠢᠭᠡᠮ ᠤᠨ ᠡᠳ᠋ ᠬᠦᠷᠦᠩᠭᠡ᠂ ᠮᠦᠩᠭᠦᠨ ᠭᠦᠢᠯᠭᠡᠭᠡᠨ ᠤ ᠵᠢᠭᠡᠯᠡᠯᠭᠡ ᠶᠢᠨ ᠬᠠᠮᠳᠤᠷᠠᠯ | ᠢ ᠰᠠᠶᠢᠳᠤᠷ ᠪᠡᠶᠡᠯᠡᠭᠦᠯᠵᠦ᠂ ︽ᠵᠤᠭᠤᠰ ᠬᠠᠮᠢᠭ᠎ᠠ ᠠᠴᠠ ᠢᠷᠡᠬᠦ᠂ ᠵᠤᠭᠤᠰ ᠢ ᠬᠠᠮᠢᠭ᠎ᠠ ᠬᠡᠷᠡᠭᠯᠡᠬᠦ︾ ᠠᠰᠠᠭᠤᠳᠠᠯ ᠢ | ᠰᠠᠶᠢᠳᠤᠷ ᠰᠢᠢᠳᠪᠦᠷᠢᠯᠡᠬᠦ ᠬᠡᠷᠡᠭᠳᠡᠢ᠃ ᠦᠭᠡᠷᠡᠴᠢᠯᠡᠯᠳᠡ ᠶᠢ ᠭᠦᠨᠵᠡᠭᠡᠶᠢᠷᠡᠭᠦᠯᠤᠨ᠂ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠪᠡᠯᠡ ᠬᠤᠷᠠᠮᠲᠤᠭᠤᠯᠬᠤ ᠳᠤ ᠬᠦᠴᠢᠷ᠂ ᠪᠡᠯᠡ | ᠬᠤᠷᠠᠮᠲᠤᠭᠤᠯᠬᠤ ᠳᠤ ᠦᠨᠡᠳᠡᠢ ᠠᠰᠠᠭᠤᠳᠠᠯ ᠢ ᠰᠢᠢᠳᠪᠦᠷᠢᠯᠡᠬᠦ ᠬᠡᠷᠡᠭᠳᠡᠢ ᠭᠡᠵᠦ ᠴᠢᠬᠤᠯᠠᠴᠢᠯᠠᠪᠠ᠃ |