ᠵᠠᠩ ᠵᠢᠶᠠᠠ ᠮᠢᠨ ᠤᠯᠠᠭᠠᠠᠴᠠᠪ ᠬᠤᠲᠠ ᠳᠤ ᠪᠠᠶᠢᠴᠠᠭᠠᠠ ᠰᠤᠲᠤᠯᠤᠯᠲᠠ ᠬᠢᠬᠦ ᠳᠡᠭᠡᠨ ᠴᠢᠬᠤᠯᠠᠴᠢᠯᠠᠭᠰᠠᠠ ᠨᠢ᠄ ᠤᠷᠤᠨ ᠪᠠᠶᠢᠷᠢ ᠶᠢᠨ ᠲᠠᠪᠠᠭᠤᠯᠢᠭ ᠢᠶᠠᠨ ᠪᠠᠲᠠᠷᠠᠭᠤᠯᠵᠦ ᠠᠷᠭ᠎ᠠ ᠬᠡᠯᠪᠡᠷᠢ ᠪᠠᠨ ᠬᠤᠪᠢᠷᠠᠭᠤᠯᠵᠦ ᠪᠦᠲᠦᠴᠡ ᠳᠤ ᠲᠤᠬᠢᠷᠠᠭᠤᠯᠤᠯᠲᠠ ᠬᠢᠬᠦ ᠠᠯᠬᠤᠭ᠎ᠠ ᠪᠠᠨ ᠲᠦᠷᠭᠡᠳᠭᠡᠬᠦ ᠭᠡᠷᠡᠭᠲᠡᠢ
ᠨᠡᠶᠢᠲᠡᠯᠡᠭᠰᠡᠨ ᠴᠠᠭ᠄
2017/4/27
     ᠵᠠᠩ ᠵᠢᠶᠠᠠ ᠮᠢᠨ ᠵᠢᠨᠢᠩ ᠤᠨ ᠣᠯᠠᠨ ᠤᠯᠤᠰ ᠤᠨ ᠠᠷᠠᠰᠤᠨ ᠡᠳ᠋ᠯᠡᠯ ᠤᠨ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ      4 ᠳ᠋ᠦ᠋ᠭᠡᠷ ᠰᠠᠷ᠎ᠠ ᠶᠢᠨ 24᠎ ᠤ ᠡᠲᠦᠷ ᠠᠴᠠ 25᠎ ᠤ ᠡᠲᠦᠷ ᠪᠤᠯᠲᠠᠯ᠎ᠠ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠲᠡᠭᠡᠡ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠠ ᠮᠢᠨ ᠤᠯᠠᠭᠠᠠᠴᠠᠪ ᠬᠤᠲᠠ ᠳᠤ ᠪᠠᠶᠢᠴᠠᠭᠠᠠ ᠰᠤᠲᠤᠯᠤᠯᠲᠠ ᠬᠢᠬᠦ ᠳᠡᠭᠡᠨ᠂ ᠤᠷᠢᠳ ᠬᠤᠵᠢᠳ ᠠᠷᠠᠯᠵᠢᠶ᠎ᠠ ᠬᠤᠲᠠᠯᠲᠤᠭᠠᠨ ᠤ ᠲᠦᠪ᠂ ᠠᠵᠦ ᠦᠢᠯᠡᠰ ᠤᠨ ᠬᠦᠷᠢᠶᠡᠯᠡᠩ ᠲᠤᠭᠤᠷᠢᠭ᠂ ᠠᠵᠦ ᠠᠬᠤᠶᠢᠯᠠᠯ ᠎ ᠤᠨ ᠦᠢᠯᠡᠳᠪᠦᠷᠢ ᠶᠢᠨ ᠲᠠᠰᠤᠭ᠂ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠨᠢᠰᠭᠡᠯ ᠤᠨ ᠪᠠᠭᠤᠲᠠᠯ ᠲᠡᠷᠭᠡᠡ ᠦᠷᠲᠡᠭᠡ ᠳᠤ ᠬᠦᠷᠴᠤ᠂ ᠴᠢᠬᠤᠯᠠ ᠶᠡᠭᠡ ᠲᠦᠷᠦᠯ ᠵᠦᠢᠯ ᠵᠢᠴᠢ ᠶᠡᠷᠦᠩᠭᠡᠶᠢᠯᠡᠭᠰᠡᠡ ᠵᠠᠮ ᠬᠠᠷᠢᠯᠴᠠᠭᠠᠠ ᠤ ᠰᠢᠰᠲ᠋ᠧᠮᠵᠢ ᠶᠢᠨ ᠪᠦᠲᠦᠭᠡᠡ ᠪᠠᠶᠢᠭᠤᠯᠤᠯᠲᠠ᠂ ᠠᠷᠠᠯᠵᠢᠶ᠎ᠠ ᠬᠤᠲᠠᠯᠲᠤᠭᠠᠨ ᠤ ᠪᠤᠳᠠᠰ ᠤᠨ ᠬᠦᠢᠯᠭᠡᠭᠡ ᠵᠢᠴᠢ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠠ ᠪᠠᠷ ᠮᠠᠨᠲᠤᠬᠰᠠᠨ ᠠᠵᠦ ᠦᠢᠯᠡᠰ ᠤᠨ ᠬᠦᠭᠵᠢᠯᠲᠠ ᠵᠡᠷᠭᠡ ᠪᠠᠶᠢᠲᠠᠯ ᠢ ᠨᠠᠷᠢᠨ ᠤᠶᠢᠯᠠᠭᠠᠵᠠᠢ᠃ ᠵᠠᠩ ᠵᠢᠶᠠᠠ ᠮᠢᠨ᠂ ᠰᠢᠨ᠎ᠠ ᠬᠦᠭᠵᠢᠯᠲᠠ ᠶᠢᠨ ᠣᠨᠣᠯᠵᠢᠬᠤᠨ ᠢ ᠬᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠤᠷᠤᠨ ᠪᠠᠶᠢᠷᠢ ᠶᠢᠨ ᠲᠠᠪᠠᠭᠤᠯᠢᠭ ᠢᠶᠠᠨ ᠪᠠᠲᠠᠷᠠᠭᠤᠯᠵᠦ᠂ ᠬᠡᠯᠪᠡᠷᠢ ᠶᠢ ᠬᠤᠪᠢᠷᠠᠭᠤᠯᠵᠦ᠂ ᠪᠦᠲᠦᠴᠡ ᠳᠤ ᠲᠤᠬᠢᠷᠠᠭᠤᠯᠤᠯᠲᠠ ᠬᠢᠬᠦ ᠠᠯᠬᠤᠭ᠎ᠠ ᠪᠠᠨ ᠲᠦᠷᠭᠡᠳᠭᠡᠬᠦ ᠭᠡᠷᠡᠭᠲᠡᠢ ᠭᠡᠵᠦ ᠴᠢᠬᠤᠯᠠᠴᠢᠯᠠᠵᠠᠢ᠃      ᠵᠠᠩ ᠵᠢᠶᠠᠠ ᠮᠢᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠵᠦ᠂ ᠪᠦᠲᠦᠴᠡ ᠶᠢᠨ ᠲᠤᠬᠢᠷᠠᠭᠤᠯᠤᠯᠲᠠ ᠪᠠ ᠰᠢᠨ᠎ᠠ ᠬᠠᠭᠤᠴᠢᠨ ᠬᠦᠲᠡᠯᠭᠡᠬᠦ ᠴᠢᠳᠠᠪᠤᠷᠢ ᠶᠢ ᠬᠤᠪᠢᠷᠠᠭᠠᠬᠤ ᠶᠢ ᠢᠲᠡᠪᠬᠢᠲᠠᠢ ᠠᠬᠢᠭᠤᠯᠵᠦ᠂ ᠭᠤᠤᠯᠯᠠᠬᠤ ᠠᠵᠦ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠭᠦᠯᠵᠦ᠂ ᠤᠯᠠᠮᠵᠢᠯᠠᠯᠲᠦ ᠬᠦᠲᠡᠯᠭᠡᠬᠦ ᠴᠢᠳᠠᠪᠤᠷᠢ ᠶᠢ ᠦᠭᠡᠷᠡᠴᠢᠯᠡᠡ ᠲᠡᠭᠡᠭᠰᠢᠯᠡᠭᠦᠯᠬᠦ ᠶᠢᠨ ᠬᠠᠮᠲᠤ ᠪᠤᠳᠠᠰ ᠤᠨ ᠬᠦᠢᠯᠭᠡᠭᠡ᠂ ᠰᠤᠶᠤᠯ᠂ ᠵᠤᠭᠠᠴᠠᠯ ᠵᠡᠷᠭᠡ ᠰᠢᠨ᠎ᠠ ᠠᠵᠢᠯ ᠦᠢᠯᠡᠰ ᠪᠠ ᠰᠢᠨ᠎ᠠ ᠬᠦᠲᠡᠯᠭᠡᠬᠦ ᠴᠢᠳᠠᠪᠤᠷᠢ ᠶᠢ ᠶᠡᠬᠡᠪᠠᠷ ᠪᠤᠶᠢᠵᠢᠭᠤᠯᠵᠦ᠂ ᠵᠠᠬ᠎ᠠ ᠲᠡᠯᠭᠡᠭᠦᠷ ᠤᠨ ᠰᠠᠶᠢᠨ ᠰᠠᠶᠢᠬᠠᠠ ᠤᠷᠴᠢᠨ ᠲᠤᠭᠤᠷᠢᠨ ᠢ ᠪᠤᠢ ᠪᠤᠯᠭᠠᠠ᠂ ᠠᠵᠦ ᠦᠢᠯᠡᠰ ᠤᠨ ᠬᠡᠯᠪᠡᠷᠢ ᠪᠠᠨ ᠬᠤᠪᠢᠷᠠᠭᠠᠨ ᠲᠡᠰ ᠲᠡᠪᠰᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠵᠠᠢ᠃      ᠵᠠᠩ ᠵᠢᠶᠠᠠ ᠮᠢᠠ᠂ ᠦᠪᠡᠷᠲᠡᠭᠡᠡ ᠵᠠᠰᠠᠬᠤ ᠤᠷᠤᠨ ᠤ ︽ᠲᠤᠯᠤᠭᠠᠠ ᠲᠤᠤᠷ︾᠎ ᠢ ᠬᠠᠮᠲᠤ ᠳᠤᠨᠢ ᠪᠠᠶᠢᠭᠤᠯᠬᠤ᠂ ︽ᠲᠤᠯᠤᠭᠠᠠ ᠦᠢᠯᠡᠰ︾᠎ ᠢ ᠵᠡᠷᠬᠡᠪᠡᠷ ᠮᠠᠨᠲᠤᠭᠤᠯᠬᠤ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠦ᠂ ᠰᠢᠨ᠎ᠠ ᠡᠨᠧᠷᠬᠢ ᠰᠢᠨ᠎ᠠ ᠮᠠᠲ᠋ᠧᠷᠢᠶᠠᠯ᠂ ᠲᠤᠮᠤ ᠳ᠋ᠠᠶᠢᠲ᠋ᠠ ᠡᠭᠦᠯᠡᠡ ᠪᠤᠲᠤᠯᠲᠠ ᠵᠡᠷᠭᠡ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠠ ᠪᠠᠷ ᠮᠠᠨᠲᠤᠬᠰᠠᠨ ᠠᠵᠦ ᠦᠢᠯᠡᠰ ᠤᠨ ᠬᠦᠭᠵᠢᠯᠲᠠ ᠶᠢ ᠬᠦᠴᠦᠯᠡᠨ ᠠᠬᠢᠭᠤᠯᠵᠦ᠂ ᠲᠦᠷᠦᠯ ᠵᠦᠢᠯ ᠳᠤ ᠠᠷᠠᠯᠵᠢᠶᠠᠴᠢᠨ ᠤᠷᠢᠬᠤ ᠪᠠ ᠠᠵᠦ ᠦᠢᠯᠡᠰ ᠤᠨ ᠬᠦᠯᠢᠶᠡᠨ ᠠᠪᠬᠤ ᠠᠵᠢᠯ ᠢ ᠢᠲᠡᠪᠬᠢᠲᠠᠢ ᠦᠷᠨᠢᠭᠦᠯᠵᠦ᠂ ᠲᠡᠷᠢᠭᠦᠨ ᠤ ᠬᠢᠷᠢ ᠲᠦᠪᠰᠢᠨ ᠪᠦᠬᠦᠢ ᠭᠡᠷᠡᠭᠯᠡᠭᠡᠡ ᠤ ᠵᠢᠱᠢᠶ᠎ᠠ ᠦᠵᠡᠭᠦᠯᠬᠦ ᠶᠢ ᠪᠤᠶᠢᠵᠢᠭᠤᠯᠬᠤ ᠬᠡᠷᠡᠭᠲᠡᠢ︔ ᠲᠡᠮᠦᠷ ᠵᠠᠮ ᠤᠨ ᠲᠤᠤᠷ᠂ ᠠᠭᠠᠷ ᠤᠨ ᠠᠶᠠᠯᠠᠯ ᠤᠨ ᠲᠤᠤᠷ ᠵᠡᠷᠭᠡ ᠶᠡᠷᠦᠩᠭᠡᠶᠢᠯᠡᠭᠰᠡᠡ ᠵᠠᠮ ᠬᠠᠷᠢᠯᠴᠠᠭᠠᠠ ᠤ ᠰᠠᠭᠤᠷᠢ ᠲᠦᠬᠦᠭᠡᠷᠦᠮᠵᠢ ᠶᠢᠨ ᠪᠦᠲᠦᠭᠡᠡ ᠪᠠᠶᠢᠭᠤᠯᠤᠯᠲᠠ ᠶᠢ ᠲᠦᠷᠭᠡᠳᠭᠡᠵᠦ᠂ ᠤᠷᠤᠨ ᠪᠠᠶᠢᠷᠢ ᠶᠢᠨ ᠲᠠᠪᠠᠭᠤᠯᠢᠭ ᠢ ᠬᠦᠢᠴᠡᠳ ᠪᠠᠲᠠᠷᠠᠭᠤᠯᠤᠨ᠂ ᠬᠦᠬᠡᠬᠤᠲᠠ ᠪᠤᠭᠤᠲᠤ ᠤᠷᠲᠤᠰ᠂ ᠪᠡᠭᠡᠵᠢᠩ ᠲᠢᠶᠠᠠᠵᠢᠨ ᠡᡁᠧᠪᠸᠢ ᠵᠡᠷᠭᠡ ᠭᠠᠵᠠᠷ ᠤᠨ ᠤᠷᠤᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠠ᠂ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠲᠤᠬᠤ ᠪᠤᠲᠤᠯᠭ᠎ᠠ ᠲᠠᠢ ᠢᠳᠡᠪᠬᠢᠲᠡᠢ ᠠᠭᠤᠰᠤᠯᠴᠠᠵᠦ᠂ ᠤᠯᠤᠰ ᠠᠴᠠ ᠲᠤᠮᠲᠠᠳᠤ ᠡᠸᠦᠶᠢᠷᠦᠫᠠ ᠶᠢᠨ  ᠵᠢᠱᠢᠶᠡᠨ ᠤ ᠭᠠᠯᠲᠤ ᠲᠡᠷᠭᠡ ᠶᠢᠨ ᠦᠩᠭᠡᠷᠡᠬᠦ ᠵᠠᠩᠭᠢᠯᠠᠭ᠎ᠠ ᠶᠢᠨ ᠬᠤᠲᠠ ᠶᠢᠨ ᠵᠢᠭᠰᠠᠭᠠᠯᠲᠠ ᠳᠤ ᠤᠷᠤᠭᠤᠯᠤᠭᠰᠠᠠ ᠠᠵᠠ ᠲᠤᠬᠢᠶᠠᠯ ᠢ ᠠᠮᠵᠢᠠ᠂ ᠤᠮᠠᠷᠠᠰᠢ ᠨᠡᠭᠡᠭᠡᠯᠲᠡ ᠬᠢᠬᠦ ᠡᠷᠴᠢᠮ ᠢᠶᠠᠨ ᠤᠯᠠᠮ ᠴᠢᠩᠭᠠᠳᠬᠠᠠ᠂ ᠭᠠᠲᠠᠭᠠᠲᠤ ᠨᠡᠭᠡᠭᠡᠯᠲᠡ ᠶᠢᠨ ᠲᠦᠪᠰᠢᠨ ᠢᠶᠠᠨ ᠲᠠᠰᠤᠷᠠᠯᠲᠡ ᠦᠭᠡᠢ ᠲᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号